ᠬᠡᠷᠡᠭᠯᠡᠭᠡ ᠵᠢᠨ ᠭᠠᠢᠯᠢ ᠵᠢᠨ ᠬᠠᠮᠢᠶᠠᠷᠤᠯᠲᠠ᠎ᠵᠢ ᠴᠢᠩᠭᠠᠳᠬᠠᠶ᠎ᠠ
2026-05-11 11:21:31
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠪᠥᠬᠥ ᠤᠯᠤᠰ᠎ᠤᠨ ᠣᠯᠠᠨ ᠭᠠᠵᠠᠷ᠎ᠤᠨ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠡᠴᠡ ᠣᠢᠷ᠎ᠠ᠎ᠶᠢᠨ ᠬᠡᠳᠦᠨ ᠵᠢᠯ᠎ᠳᠦ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠭᠰᠡᠨ ᠦᠨᠡᠲᠦ ᠵᠠᠰᠠᠯ ᠴᠢᠮᠡᠭᠯᠡᠯ ᠵᠢᠴᠢ ᠰᠤᠪᠤᠳ᠂ ᠬᠠᠰ᠂  ᠠᠷᠢᠬᠢ᠂ ᠪᠣᠯᠪᠠᠰᠤᠷᠠᠭᠤᠯᠤᠭᠰᠠᠨ ᠲᠣᠰᠣ᠌ ᠵᠡᠷᠭᠡ ᠬᠡᠷᠡᠭᠯᠡᠭᠡ ᠵᠢᠨ ᠭᠠᠢᠯᠢ᠎ᠲᠠᠢ ᠬᠣᠯᠪᠣᠬᠳᠠᠬᠰᠠᠨ 8 ᠬᠡᠷᠡᠭ᠎ᠢ ᠢᠯᠡᠴᠢᠯᠡᠪᠡ᠃ ᠡᠨᠡ ᠪᠣᠯ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠠᠩᠬ᠎ᠠ ᠤᠳᠠᠭ᠎ᠠ ᠬᠡᠷᠡᠭᠯᠡᠭᠡ ᠵᠢᠨ ᠭᠠᠢᠯᠢ ᠡᠴᠡ ᠲᠣᠳᠠᠭᠠᠬᠰᠠᠨ ᠬᠠᠤᠯᠢ᠎ᠠᠴᠠ ᠵᠥᠷᠢᠴᠡᠭᠰᠡᠨ ᠬᠡᠷᠡᠭ᠎ᠢ ᠨᠡᠢᠲᠡᠯᠡᠵᠦ ᠪᠠᠢᠭ᠎ᠠ ᠶᠠᠪᠤᠳᠠᠯ ᠪᠣᠯᠣᠨ᠎ᠠ᠃ ᠢᠯᠡᠴᠢᠯᠡᠭᠰᠡᠨ ᠬᠡᠷᠡᠭ᠎ᠦᠨ ᠪᠠᠢᠳᠠᠯ᠎ᠠᠴᠠ ᠦᠵᠡᠪᠡᠯ᠂ ᠬᠡᠰᠡᠭ ᠡᠵᠡᠩᠨᠡᠯᠲᠡ᠎ᠶᠢᠨ ᠪᠡᠶᠡᠴᠢ ᠴᠣᠭᠴᠠ ᠪᠣᠷᠣᠯᠠᠭᠤᠯᠤᠯᠲᠠ᠎ᠶᠢᠨ ᠣᠷᠣᠯᠭ᠎ᠠ᠎ᠪᠠᠨ ᠨᠢᠭᠤᠨ ᠳᠠᠯᠳᠠᠯᠠᠬᠤ᠂ ᠬᠤᠳᠠᠯ ᠬᠠᠭᠤᠷᠮᠠᠭ᠎ᠢᠶᠠᠷ ᠭᠠᠢᠯᠢ ᠪᠠᠨ ᠮᠡᠳᠡᠭᠦᠯᠬᠦ᠂ ᠬᠣᠭᠣᠰᠤᠨ᠎ᠢᠶᠠᠷ ᠰᠢᠯᠵᠢᠭᠦᠯᠬᠦ᠂ ᠣᠨᠳᠣᠣ ᠭᠠᠵᠠᠷ᠎ᠲᠤ ᠭᠠᠢᠯᠢ᠎ᠠᠴᠠ ᠵᠠᠢᠯᠠᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠨ ᠶᠡᠬᠡ ᠬᠡᠮᠵᠢᠶᠡᠨ᠎ᠦ ᠭᠠᠢᠯᠢ ᠲᠤᠰᠢᠶᠠᠬᠤ ᠶᠣᠰᠣᠲᠠᠢ ᠣᠷᠣᠯᠭ᠎ᠠ᠎ᠪᠠᠨ ᠬᠢᠨᠠᠯᠲᠠ ᠬᠠᠮᠢᠶᠠᠷᠤᠯᠲᠠ᠎ᠠᠴᠠ ᠰᠠᠯᠭᠠᠵᠦ᠂ ᠭᠠᠢᠯᠢ ᠲᠤᠰᠢᠶᠠᠬᠤ ᠡᠭᠦᠷᠭᠡ᠎ᠡᠴᠡ ᠵᠠᠢᠯᠠᠬᠤ᠎ᠪᠠᠷ ᠭᠣᠷᠢᠳᠠᠵᠤ ᠪᠠᠢᠨ᠎ᠠ᠃ 


QQ20260511-112118.png


ᠬᠡᠷᠡᠭᠯᠡᠭᠡ ᠵᠢᠨ ᠭᠠᠢᠯᠢ ᠪᠣᠯ ᠮᠠᠨ᠎ᠤ ᠤᠯᠤᠰ᠎ᠤᠨ ᠴᠢᠬᠤᠯᠠ ᠭᠠᠢᠯᠢ᠎ᠶᠢᠨ ᠲᠦᠷᠦᠯ᠎ᠦᠨ ᠨᠢᠭᠡ ᠮᠥᠨ᠂ ᠵᠦᠢ ᠵᠣᠬᠢᠰᠲᠠᠢ ᠬᠡᠷᠡᠭᠯᠡᠭᠡ᠎ᠶᠢ ᠬᠥᠲᠥᠯᠥᠨ ᠵᠢᠯᠤᠭᠣᠳᠬᠤ᠂ ᠣᠷᠣᠯᠭ᠎ᠠ᠎ᠶᠢᠨ ᠬᠤᠪᠢᠶᠠᠷᠢᠯᠠᠯᠲᠠ᠎ᠶᠢ ᠲᠣᠬᠢᠷᠠᠭᠤᠯᠬᠤ ᠵᠡᠷᠭᠡ ᠲᠠᠯ᠎ᠠ᠎ᠪᠠᠷ ᠬᠣᠷᠸ᠎ᠠ ᠲᠣᠬᠢᠷᠠᠭᠤᠯᠭ᠎ᠠ ᠡᠵᠡᠮᠳᠡᠯ᠎ᠦᠨ ᠴᠢᠬᠤᠯᠠ ᠦᠢᠯᠡᠳᠦᠯ ᠲᠠᠢ ᠪᠠᠢᠳᠠᠭ᠃ ᠴᠥᠭᠡᠨ ᠲᠣᠭᠠᠨ᠎ᠤ ᠠᠵᠤ ᠠᠬᠤᠢᠯᠠᠯ᠎ᠤᠨ ᠭᠠᠢᠯᠢ ᠲᠤᠰᠢᠶᠠᠬᠤ᠎ᠠᠴᠠ ᠵᠠᠢᠯᠠᠭᠰᠠᠨ ᠬᠠᠤᠯᠢ᠎ᠶᠢ ᠵᠥᠷᠢᠴᠡᠭᠰᠡᠨ ᠠᠵᠢᠯᠯᠠᠭ᠎ᠠ ᠨᠢ 《ᠮᠠᠭᠤ ᠵᠣᠭᠣᠰ᠎ᠢᠶᠠᠷ ᠰᠠᠢᠨ ᠵᠣᠭᠣᠰ᠎ᠢ ᠦᠯᠳᠡᠨ ᠬᠥᠭᠡᠭᠡᠬᠦ》ᠮᠠᠭᠤ ᠨᠥᠯᠥᠭᠡ᠎ᠶᠢ ᠪᠤᠢ ᠪᠣᠯᠭᠠᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠬᠠᠷᠰᠢᠯᠠᠬᠤ᠎ᠪᠠᠷ ᠪᠠᠷᠠᠬᠤ ᠦᠭᠡᠢ ᠪᠠᠰᠠ ᠡᠷᠬᠡ ᠲᠡᠭᠰᠢ ᠲᠥᠪ ᠭᠣᠣᠯᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠨᠦᠯᠦᠬᠡᠯᠡᠬᠦ ᠪᠣᠯᠣᠨ᠎ᠠ᠂ ᠡᠭᠦᠨ᠎ᠢ ᠡᠷᠬᠡᠪᠰᠢ ᠴᠢᠩᠭ᠎ᠠ ᠰᠢᠢᠳᠪᠦᠷᠢᠯᠡᠬᠦ ᠬᠡᠷᠡᠭᠲᠡᠢ᠃ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ᠎ᠶᠢ ᠭᠦᠨᠵᠡᠭᠡᠢᠷᠡᠭᠦᠯᠵᠦ᠂ ᠭᠠᠢᠯᠢ᠎ᠶᠢᠨ ᠶᠠᠪᠤᠳᠠᠯ᠎ᠤᠨ ᠣᠶᠤᠨᠴᠢ ᠲᠣᠭᠠᠴᠢᠯᠠᠭᠰᠠᠨ ᠬᠢᠨᠠᠨ ᠬᠠᠮᠢᠶᠠᠷᠬᠤ ᠰᠢᠰᠲᠧᠮ᠎ᠢ ᠲᠠᠰ ᠳᠡᠪᠰᠢᠭᠦᠯᠦᠨ᠂ ᠬᠡᠷᠡᠭᠯᠡᠭᠡ ᠵᠢᠨ ᠭᠠᠢᠯᠢ᠎ᠶᠢ ᠲᠠᠲᠠᠪᠤᠷᠢᠯᠠᠨ ᠬᠠᠮᠢᠶᠠᠷᠬᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠪᠡᠯ ᠵᠤᠬᠢᠨ᠎ᠠ᠃                                                                                           — 《ᠠᠵᠦ ᠠᠬᠣᠢ ᠵᠢᠨ ᠡᠳᠦᠷ᠎ᠦᠨ ᠰᠤᠨᠢᠨ》 ᠡᠴᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号