ᠣᠢᠷᠠᠳᠤ 《ᠥᠪᠥᠷ ᠮᠣᠩᠭᠣᠯ ᠤ᠋ᠨ ᠬᠠᠲᠤᠨ ᠭᠤᠤᠯ ᠤ᠋ᠨ ᠰᠠᠪᠠ ᠭᠠᠵᠠᠷ ᠤ᠋ᠨ ᠶᠡᠬᠡ ᠲᠦᠷᠭᠡᠨ ᠭᠤᠤᠯ᠂ ᠮᠠᠢᠳᠠᠷᠢ ᠵᠢᠨ ᠭᠤᠤ ᠢ᠋ᠢᠨ ᠦᠶᠡᠷ ᠢ᠋ ᠰᠡᠷᠭᠡᠢᠯᠡᠬᠦ᠌ ᠱᠢᠰᠲ᠋ᠧᠮ ᠤ᠋ᠨ ᠵᠠᠰᠠᠯᠲᠠ ᠢ᠋ᠢᠨ ᠲᠥᠰᠦᠯ》 ᠨᠢ ᠤᠰᠤᠨ ᠠᠱᠢᠭ᠍ᠯᠠᠯᠲᠠ ᠢ᠋ᠢᠨ ᠶᠠᠮᠤᠨ ᠤ᠋ ᠬᠠᠲᠤᠨ ᠭᠤᠤᠯ ᠤ᠋ᠨ ᠤᠰᠤᠨ ᠠᠱᠢᠭ᠍ᠯᠠᠯᠲᠠ ᠢ᠋ᠢᠨ ᠵᠥᠪᠯᠡᠯᠦᠨ ᠬᠢᠨᠠᠨ ᠪᠠᠢᠴᠠᠭᠠᠯᠲᠠᠵᠢ ᠦᠩᠬᠡᠷᠡᠭᠡᠭᠰᠡᠨ ᠪᠦᠭᠡᠳ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮᠦᠨ ᠴᠣᠬᠣᠯᠠᠪᠤᠷᠢ ᠢ᠋ᠢ ᠣᠯᠵᠤ᠂ ᠡᠨᠡ ᠵᠢᠯ ᠤ᠋ᠨ 6 ᠰᠠᠷ᠎ᠠ ᠢ᠋ᠢᠨ ᠰᠡᠭᠦᠯᠴᠢ ᠪᠡᠷ ᠪᠠᠷᠢᠯᠭ᠎ᠠ ᠡᠬᠢᠯᠡᠬᠦ ᠳ᠋ᠤ ᠪᠠᠲᠤ ᠰᠠᠭᠤᠷᠢ ᠢ᠋ᠢ ᠲᠠᠯᠪᠢᠬᠰᠠᠨ ᠪᠠᠢᠨ᠎ᠠ᠃
ᠶᠡᠬᠡ ᠲᠦᠷᠭᠡᠨ ᠭᠤᠤᠯ᠂ ᠮᠠᠢᠳᠠᠷᠢ ᠵᠢᠨ ᠭᠤᠤ ᠢ᠋ᠢᠨ ᠦᠶᠡᠷ ᠢ᠋ ᠰᠡᠷᠭᠡᠢᠯᠡᠨ ᠵᠠᠰᠠᠬᠤ ᠢᠨᠵᠧᠨᠧᠷᠢᠩ ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠢ᠋ᠢᠨ ᠬᠤᠭᠤᠴᠠᠭᠠᠨ ᠤ᠋ ᠭᠤᠤᠯᠳᠠᠯᠭ᠎ᠠ ᠲᠠᠢ ᠲᠥᠷᠥᠯ ᠵᠦᠶ᠋ᠯᠦᠨ ᠨᠢᠭᠡ ᠪᠣᠯᠬᠤ ᠪᠥᠭᠡᠳ ᠭᠤᠤᠯᠳᠠᠯᠭ᠎ᠠ ᠲᠠᠢ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠪᠠᠢᠵᠤ᠂ ᠬᠥᠬᠡᠬᠣᠲᠠ᠂ ᠪᠤᠭᠤᠲᠤ ᠬᠣᠲᠠ᠂ ᠤᠯᠠᠭᠠᠨᠴᠠᠪ ᠬᠣᠲᠠ ᠢ᠋ᠢᠨ 10 ᠭᠠᠷᠤᠶ ᠲᠣᠭᠣᠷᠢᠭ(ᠬᠤᠰᠢᠭᠤ᠂ ᠱᠢᠶᠠᠨ) ᠲᠠᠢ ᠬᠣᠯᠪᠣᠭ᠍ᠳᠠᠨᠠ᠃ ᠲᠥᠯᠥᠪᠵᠢᠭᠦᠯᠭᠡ ᠢ᠋ᠢ ᠦᠨᠳᠦᠰᠦᠯᠡᠪᠡᠯ᠂ ᠶᠡᠬᠡ ᠲᠦᠷᠭᠡᠨ ᠭᠤᠤᠯ᠂ ᠮᠠᠢᠳᠠᠷᠢ ᠵᠢᠨ ᠭᠤᠤ ᠢ᠋ᠢᠨ ᠵᠠᠰᠠᠯᠲᠠ ᠢ᠋ᠢᠨ ᠣᠷᠳᠣᠨᠢ ᠵᠠᠭᠤᠨ ᠺᠢᠯᠣᠮᠧᠲ᠋ᠷᠦᠨ ᠲᠠᠰᠲᠤ ᠬᠦᠷᠴᠦ᠍᠂ ᠤᠯᠠᠭᠠᠨᠴᠠᠪ ᠬᠣᠲᠠ ᠢ᠋ᠢᠨ ᠵᠦᠸᠧᠽᠢ ᠱᠢᠶᠠᠨᠠᠴᠠ ᠬᠥᠬᠡᠬᠣᠲᠠ ᠢ᠋ᠢᠨ ᠲᠣᠭ᠍ᠲᠠᠬᠤ ᠱᠢᠶᠠᠨ ᠬᠦᠷᠲᠡᠯ᠎ᠡ ᠦᠷᠭᠦᠯᠵᠢᠯᠡᠵᠦ᠍᠂ ᠵᠢᠱ᠌ᠢᠯᠲᠡᠪᠡᠷ ᠶᠡᠷᠦᠩᠬᠡᠶ ᠪᠠᠯᠠ ᠣᠷᠣᠭᠤᠯᠤᠯᠲᠠᠨᠢ 25 ᠳ᠋ᠦᠩᠱᠢᠭᠤᠷ ᠲᠥᠭᠥᠷᠢᠭ ᠢ᠋ ᠳᠠᠪᠡᠵᠤ᠂ ᠭᠣᠣᠯ ᠤ᠋ᠨ ᠭᠤᠯᠳᠤᠷᠢᠯ ᠨᠢ ᠦᠶᠡᠷ ᠢ᠋ ᠰᠡᠷᠭᠡᠢᠯᠡᠬᠦ᠌ ᠪᠠᠷᠢᠮᠵᠢᠶ᠎ᠠ ᠳ᠋ᠤ ᠬᠦᠷᠭᠦ᠌ ᠦᠭᠡᠢ᠂ ᠡᠷᠭᠢ ᠪᠡᠯ ᠶᠡᠭᠦᠷᠡᠬᠦ᠌᠂ ᠭᠣᠣᠯ ᠤ᠋ᠨ ᠭᠤᠯᠳᠤᠷᠢᠯ ᠲᠦᠭᠵᠢᠷᠡᠬᠦ ᠵᠡᠷᠭᠡ ᠠᠰᠠᠭᠤᠳᠠᠯ ᠢ᠋ ᠭᠣᠣᠯᠳᠠᠯᠭ᠎ᠠ ᠲᠠᠢ ᠱᠢᠢᠳᠪᠦᠷᠢᠯᠡᠬᠦ᠌ ᠪᠣᠯᠤᠨ᠎ᠠ᠃ ᠲᠥᠷᠥᠯ ᠵᠦᠶ᠋ᠯ ᠢ᠋ ᠪᠦᠳᠦᠭᠡᠨ ᠪᠠᠢᠭᠤᠯᠵᠤ ᠳᠠᠭᠤᠰᠬᠠᠬᠰᠠᠨ ᠤ᠋ ᠳᠠᠷᠠᠭ᠎ᠠ᠂ ᠭᠤᠤᠯ ᠳᠠᠭᠠᠤ ᠢ᠋ᠢᠨ ᠭᠠᠵᠠᠷ ᠣᠷᠣᠨ ᠤ᠋ ᠦᠶᠡᠷ ᠢ᠋ ᠰᠡᠷᠭᠡᠢᠯᠡᠬᠦ᠌ ᠴᠢᠳᠠᠪᠤᠷᠢ ᠢ᠋ᠢ ᠢᠯᠡᠳᠲᠡ ᠳᠡᠭᠡᠭ᠌ᠰᠢᠯᠡᠭᠦᠯᠵᠦ᠍᠂ ᠬᠣᠶᠠᠷ ᠡᠷᠭᠢ ᠢ᠋ᠢᠨ ᠲᠦᠮᠡᠨ ᠮᠥ᠍ ᠰᠠᠢᠨ ᠲᠠᠷᠢᠶ᠎ᠠ ᠪᠣᠯᠤᠨ ᠬᠡᠳᠦᠨ ᠠᠷᠪᠠᠨ ᠲᠦᠮᠡᠨ ᠣᠯᠠᠨ ᠲᠦᠮᠡᠨ ᠳ᠋ᠤ ᠦᠶᠡᠷ ᠢ᠋ ᠰᠡᠷᠭᠡᠢᠯᠡᠬᠦ᠌ ᠠᠮᠤᠷ ᠲᠦᠪᠱᠢᠨᠦ ᠪᠠᠲᠤᠯᠠᠭ᠎ᠠ ᠬᠠᠩᠭᠠᠬᠤ ᠪᠣᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号