2026 ᠣᠨ ᠳ᠋ᠤ ᠬᠦᠬᠡᠬᠤᠲᠠ ᠵᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠦᠷᠢᠶᠡᠨ ᠳ᠋ᠤ ᠨᠡᠢᠲᠡ 35 ᠭᠤᠤᠯᠳᠠᠯᠭᠠᠲᠠᠶ ᠲᠥᠷᠥᠯ ᠵᠦᠶ᠋ᠯ ᠭᠡᠷᠡᠭᠵᠢᠭᠦᠯᠵᠤ᠂ ᠣᠳᠣᠬᠠᠨ ᠳ᠋ᠤ 35 ᠲᠥᠷᠦᠯ ᠵᠦᠢᠯᠢ ᠦᠨᠳᠦᠰᠦᠨᠳᠡᠭᠡᠨ ᠪᠦᠬᠦᠨᠢ ᠨᠠᠢᠳᠠᠪᠤᠷᠢᠵᠢᠭᠤᠯᠵᠤ᠂ 3 ᠰᠠᠷᠠ ᠵᠢᠨ ᠰᠡᠭᠦᠯᠴᠢ ᠪᠣᠯᠲᠠᠯᠠ ᠨᠢᠭᠡᠨᠲᠡ 22 ᠲᠥᠷᠥᠯ ᠵᠦᠶ᠋ᠯ ᠤ᠋ᠨ ᠡᠮᠦᠨᠡᠬᠢ ᠬᠤᠭᠤᠴᠠᠭᠠᠨ ᠤ᠋ ᠭᠠᠷ ᠬᠦᠢᠴᠡᠳᠭᠡᠯᠢ ᠭᠦᠶ᠋ᠴᠡᠳᠭᠡᠭ᠌ᠰᠡᠨᠦ ᠬᠠᠮᠲᠤ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ ᠠᠵᠢᠯ ᠡᠬᠢᠯᠡᠭᠦᠯᠦᠭ᠌ᠰᠡᠨ ᠨᠣᠷᠮᠠ ᠨᠢ 63%ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ᠬᠢᠡᠴᠡ 23% ᠪᠠᠷ ᠳᠡᠭᠡᠭ᠌ᠰᠢᠯᠡᠪᠡ᠃ ᠶᠡᠷᠦᠩᠬᠡᠶ ᠪᠠᠯᠠ ᠣᠷᠣᠭᠤᠯᠤᠯᠲᠠ ᠨᠢ 2.81 ᠳ᠋ᠦᠩᠱᠢᠭᠤᠷ ᠲᠥᠭᠥᠷᠢᠭᠬᠦᠷᠴᠦ᠂ ᠡᠭᠦᠨᠳᠦ 29 ᠲᠥᠷᠦᠯ ᠵᠦᠢᠯ ᠤ᠋ᠨ ᠪᠡᠯᠡ ᠮᠥᠩᠭᠥ ᠶ᠋ᠢ ᠨᠢᠭᠡᠨᠲᠡ ᠪᠦᠬᠦᠨᠢ ᠪᠠᠭᠤᠯᠭᠠᠨ ᠦᠭᠴᠦ᠂ ᠲᠥᠷᠦᠯ ᠵᠦᠢᠯ ᠤ᠋ᠨ ᠤᠷᠤᠭ᠍ᠰᠢᠲᠠᠢ ᠶᠠᠪᠤᠭ᠍ᠳᠠᠬᠤ ᠳ᠋ᠤ ᠬᠦᠴᠦᠲᠤ ᠲᠤᠯᠭᠠᠭᠤᠷᠢᠯᠠᠯ ᠬᠠᠩᠭᠠᠭᠰᠠᠨ ᠪᠠᠢᠨᠠ᠃
ᠤᠳᠤᠬᠠᠨ ᠳ᠋ᠤ ᠂ ᠡᠯᠡ ᠲᠦᠷᠦᠯ ᠵᠦᠢᠯ ᠤ᠋ᠨ ᠠᠵᠢᠯ ᠤᠷᠤᠭᠰᠢᠳᠠᠢ ᠶᠠᠪᠤᠭᠳᠠᠵᠤ᠂ ᠳᠠᠯᠠᠨ ᠬᠠᠷᠠ ᠠᠭᠤᠯᠠ ᠵᠢᠨ ᠡᠮᠦᠨᠡ ᠪᠡᠯ ᠤ᠋ᠨ 9.75 ᠲᠦᠮᠡᠨ ᠮᠤ᠌ ᠵᠢᠨ 《ᠠᠮᠢ ᠠᠬᠤᠶ ᠵᠢᠨ ᠨᠤᠭᠤᠭᠠᠷᠠᠭᠤᠯᠤᠯᠲᠠ ᠵᠢᠨ ᠪᠦᠰᠡ》 ᠪᠣᠯ ᠬᠦᠬᠡᠬᠤᠲᠠ ᠵᠢᠨ ᠤᠯᠤᠰ ᠤ᠋ᠨ ᠭᠠᠵᠠᠷ ᠱᠢᠷᠣᠶ ᠵᠢᠨ ᠨᠣᠭᠣᠭᠠᠷᠠᠭᠤᠯᠤᠯᠲᠠ ᠶ᠋ᠢ ᠠᠬᠢᠭᠤᠯᠬᠤ ᠭᠤᠤᠯᠳᠠᠯᠭᠠᠲᠠᠶ ᠲᠥᠷᠥᠯ ᠵᠦᠶ᠋ᠯ ᠪᠣᠯᠤᠨᠠ᠂ ᠠᠷᠠᠴᠢᠯᠠᠨ ᠬᠠᠮᠠᠭᠠᠯᠠᠬᠤ ᠠᠵᠢᠯᠢ ᠦᠷᠭᠦᠯᠵᠢᠯᠡᠨ ᠰᠠᠢᠲᠤᠷ ᠬᠢᠭ᠌ᠰᠡᠨ ᠰᠠᠭᠤᠷᠢᠨ ᠳᠡᠭᠡᠷᠡ ᠴᠡᠯᠡᠭᠡᠷ ᠲᠠᠯᠠ ᠵᠢᠨ ᠡᠷᠬᠢᠨ ᠲᠣᠭᠣᠷᠢᠨ ᠤ᠋ ᠨᠣᠭᠣᠭᠠᠷᠠᠭᠤᠯᠤᠯᠲᠠ ᠶ᠋ᠢ ᠲᠠᠰ ᠳᠡᠪᠱᠢᠭᠦᠯᠬᠦ᠌ ᠪᠠ 2025 ᠣᠨ ᠤ᠋ ᠪᠣᠷᠣᠭᠠᠨ ᠤ᠋ ᠤᠯᠠᠷᠢᠯ ᠳ᠋ᠤ ᠡᠪᠳᠡᠭᠳᠡᠭᠰᠡᠨ ᠤᠷᠭᠤᠮᠠᠯ ᠤ᠋ᠨ ᠪᠦᠷᠬᠦᠴᠡ ᠶ᠋ᠢ ᠰᠡᠷᠭᠦᠭᠡᠬᠦ᠌ ᠠᠵᠢᠯᠢ ᠣᠨᠣᠴᠠᠲᠠᠶᠥᠷᠨᠢᠭᠦᠯᠵᠤ ᠪᠤᠢ᠃ 3300 ᠰᠠᠭᠤᠷᠢ ᠬᠡᠭᠡᠷᠡ ᠵᠢᠨ ᠬᠦᠶ᠋ᠯᠡᠰᠦ᠂ ᠵᠡᠷᠯᠢᠭ ᠲᠤᠭᠤᠷ᠂ ᠱᠢᠨᠵᠢᠶᠠᠩ ᠤ᠋ᠨ ᠤᠯᠢᠶᠠᠰᠤ ᠵᠡᠷᠭᠡ ᠴᠢᠬᠢ ᠮᠣᠳᠣ ᠶ᠋ᠢ ᠱᠢᠯᠵᠢᠭᠦᠯᠦᠨ ᠵᠠᠢᠯᠠᠬᠤ ᠨᠥᠬᠥᠵᠦ᠍ ᠵᠠᠢᠯᠠᠬᠤ ᠵᠢᠴᠢ ᠦᠯᠡᠳᠡᠭ᠌ᠰᠡᠨ ᠡᠭᠦᠷᠭᠡ ᠵᠢᠨ ᠡᠮᠦᠨᠡᠬᠢ ᠬᠤᠭᠤᠴᠠᠭᠠᠨ ᠤ᠋ ᠪᠡᠯᠡᠳᠭᠡᠯ ᠠᠵᠢᠯᠢ ᠨᠢᠭᠡᠨᠲᠡ ᠪᠡᠶᠡᠯᠡᠭᠦᠯᠵᠦ᠍᠂ 2026 ᠣᠨ ᠤ᠋ ᠣᠶ ᠱᠢᠭᠤᠶ ᠵᠢᠨ ᠬᠦᠨᠦᠭᠡᠯᠲᠤ ᠠᠮᠢᠳᠤ ᠪᠣᠳᠠᠰᠢ 2.5 ᠲᠦᠮᠡᠨ ᠮᠥ᠍ ᠰᠡᠷᠭᠡᠢᠯᠡᠨ ᠵᠠᠰᠠᠬᠤ᠂ 2.6 ᠲᠦᠮᠡᠨ ᠮᠥ᠍ ᠣᠶ ᠳᠤᠤᠷᠠᠬᠢ ᠱᠢᠲᠠᠮᠠᠬᠠᠶ ᠪᠣᠳᠠᠰᠢ ᠴᠡᠪᠡᠷᠯᠡᠬᠦ᠌ ᠪᠠ 168 ᠺᠢᠯᠣᠮᠧᠲ᠋ᠷ ᠤ᠋ᠨ ᠲᠦᠢᠮᠡᠷ ᠰᠡᠷᠭᠡᠢᠯᠡᠬᠦ᠌ ᠴᠠᠷᠠᠭᠠ ᠶ᠋ᠢ ᠴᠡᠪᠡᠷᠯᠡᠬᠦ᠌ ᠵᠡᠷᠭᠡ ᠡᠭᠦᠷᠭᠡ ᠶ᠋ᠢ ᠬᠠᠮᠲᠤᠳᠦᠨᠢ ᠪᠡᠶᠡᠯᠡᠭᠦᠯᠬᠦ ᠪᠤᠯᠤᠨᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶᠡ ᠦᠮᠴᠢᠯᠡᠯᠤᠨ ᠡᠷᠬᠡᠲᠠᠢ
ᠵᠤᠬᠢᠶᠠᠭᠴᠢᠶᠢᠨ ᠡᠷᠬᠡ ᠬᠠᠤᠯᠢᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢᠪᠠᠷ ᠬᠠᠭᠤᠯᠪᠤᠷᠢᠯᠠᠬᠤᠶᠢ ᠬᠠᠲᠠᠭᠤ ᠬᠤᠷᠢᠭᠯᠠᠨᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号