《ᠬᠦᠮᠦᠨ ᠤ᠋ ᠬᠦᠴᠦᠨ ᠤ᠋ ᠰᠡᠷᠭᠡᠢᠯᠡᠯᠲᠡ + ᠤᠶᠤᠨᠴᠢ ᠰᠡᠷᠭᠡᠢᠯᠡᠯᠲᠡ》 ᠵᠢᠨ ᠵᠠᠬᠪᠤᠷ
2026-05-11 10:52:57
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠣᠷᠴᠢᠨ᠎ᠤ ᠡᠯᠡᠰᠦᠷᠬᠡᠭ ᠭᠠᠵᠠᠷ ᠤ᠋ᠨ ᠬᠠᠮᠤᠭ ᠤ᠋ᠨ ᠬᠣᠢᠲᠤ ᠵᠠᠬ᠎ᠠ ᠳ᠋ᠤ ᠪᠠᠢᠷᠢᠯᠠᠭ᠎ᠠ ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠲᠤᠴᠠᠭᠠᠨ᠎ᠤ ᠪᠠᠢᠭᠠᠯᠢ ᠶ᠋ᠢᠨ ᠬᠠᠮᠠᠭᠠᠯᠠᠯᠲᠠ ᠶ᠋ᠢᠨ ᠣᠷᠣᠨ ᠳ᠋ᠤ᠂ ᠣᠶᠤᠨᠴᠢ ᠲᠣᠭᠣᠷᠢᠨ ᠬᠠᠮᠠᠭᠠᠯᠠᠬᠤ APP ᠵᠢ ᠲᠦᠭᠡᠮᠡᠯᠵᠢᠭᠦᠯᠵᠤ᠂ ᠪᠠᠢᠷᠢ ᠲᠤᠭᠲᠠᠭᠠᠯᠲᠠ ᠶ᠋ᠢ ᠴᠠᠭ ᠲᠤᠬᠠᠶ ᠳ᠋ᠤᠨᠢ ᠭᠠᠷ ᠤᠲᠠᠰᠤᠨ ᠳ᠋ᠤ ᠳᠠᠮᠵᠢᠭᠤᠯᠤᠨ᠂ ᠵᠢᠯᠣᠭᠣᠴᠢ ᠥᠬᠡᠶ ᠨᠢᠰᠭᠡᠯ ᠵᠢᠡᠷ ᠡᠭ᠌ᠴᠡ ᠬᠥᠲᠥᠯ ᠢ᠋ ᠵᠢᠭ᠍ᠰᠠᠭᠠᠨ ᠪᠠᠢᠴᠠᠭᠠᠵᠤ᠂ 24 ᠴᠠᠭ ᠤ᠋ᠨ ᠠᠯᠤᠰ ᠡᠵᠡᠮᠱᠢᠯ ᠤ᠋ᠨ ᠬᠢᠨᠠᠨ ᠡᠵᠡᠮᠳᠡᠯ ᠵᠢᠡᠷ ᠪᠠᠲᠤᠴᠠᠭᠠᠨ᠎ᠤ ᠤᠢ ᠶ᠋ᠢ ᠰᠠᠬᠢᠨ ᠬᠠᠮᠠᠭᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠲᠤᠬᠠᠶ ᠶ᠋ᠢᠨ ᠭᠠᠵᠠᠷ ᠲᠤ᠌ ᠲᠣᠭᠣᠷᠢᠨ ᠬᠠᠮᠠᠭᠠᠯᠠᠬᠤ ᠠᠵᠢᠯ ᠢ᠋ ᠭᠦᠨᠵᠡᠭᠡᠶ ᠠᠭᠤᠰᠤᠯᠴᠠᠭᠤᠯᠤᠨ᠂ ᠪᠣᠰᠣᠭ᠎ᠠ ᠴᠣᠭ᠍ᠴᠠᠲᠤ ᠰᠡᠷᠭᠡᠢᠯᠡᠨ ᠡᠵᠡᠮᠳᠡᠬᠦ᠌ ᠳᠤᠤᠷ ᠢ᠋ ᠪᠦᠷᠢᠯᠳᠦᠭᠦᠯᠪᠡ ᠃

ᠣᠢᠷ᠎ᠠ ᠶ᠋ᠢᠨ ᠵᠢᠯ ᠳ᠋ᠤ᠂ 《ᠬᠦᠮᠦᠨ ᠤ᠋ ᠬᠦᠴᠦᠨ ᠤ᠋ ᠰᠡᠷᠭᠡᠢᠯᠡᠯᠲᠡ + ᠤᠶᠤᠨᠴᠢ ᠰᠡᠷᠭᠡᠢᠯᠡᠯᠲᠡ》 ᠵᠢᠨ ᠰᠢᠨ᠎ᠡ ᠶ᠋ᠢ ᠡᠭᠦᠳᠦᠭᠰᠡᠨ ᠰᠡᠷᠭᠡᠢᠯᠡᠨ ᠡᠵᠡᠮᠳᠡᠬᠦ᠌ ᠵᠠᠭ᠍ᠪᠤᠷ ᠲᠤ᠌ ᠲᠦᠰᠢᠭᠯᠡᠨ᠂ ᠪᠠᠲᠤᠴᠠᠭᠠᠨ᠎ᠤ ᠬᠠᠮᠠᠭᠠᠯᠠᠯᠲᠠ ᠶ᠋ᠢᠨ ᠣᠷᠣᠨ᠎ᠤ ᠭᠤᠤᠯ ᠣᠷᠣᠨ ᠳ᠋ᠤ ᠣᠯᠠᠨ ᠵᠢᠯ ᠳᠠᠷᠠᠭᠠᠯᠠᠨ ᠬᠦᠨᠳᠦ ᠶᠡᠬᠡ ᠲᠦᠢᠮᠡᠷ ᠤ᠋ᠨ ᠠᠶᠤᠯᠬᠦᠢ ᠶ᠋ᠢ ᠪᠠᠲᠤᠯᠠᠵᠤ᠂ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠣᠭ᠍ᠴᠠᠯᠠᠪᠠ᠃ ᠡᠭᠦᠨ ᠤ᠋ ᠬᠠᠮᠲᠤ᠂ ᠬᠠᠮᠠᠭᠠᠯᠠᠯᠲᠠ ᠶ᠋ᠢᠨ ᠣᠷᠣᠨ ᠳ᠋ᠤ ᠤᠯᠤᠰ ᠤ᠋ᠨ ᠭᠤᠤᠯᠳᠠᠯᠭ᠎ᠠ᠎ᠲᠠᠶ ᠬᠠᠮᠠᠭᠠᠯᠠᠬᠤ ᠬᠡᠭᠡᠷ᠎ᠡ ᠶ᠋ᠢᠨ ᠠᠮᠢᠲᠠᠨ ᠤᠷᠭᠤᠮᠠᠯ ᠢ᠋ ᠬᠠᠮᠠᠭᠠᠯᠠᠬᠤ ᠲᠥᠷᠥᠯ ᠵᠦᠶ᠋ᠯ ᠢ᠋ ᠦᠷᠭᠦᠯᠵᠢᠯᠡᠨ ᠬᠡᠷᠡᠭ᠌ᠵᠢᠭᠦᠯᠵᠦ᠍᠂ ᠬᠠᠷ᠎ᠠ ᠬᠤᠰᠢᠭᠤᠳᠤ ᠦᠷᠪᠢ ᠳ᠋ᠤ ᠵᠤᠷᠢᠭᠤᠯᠤᠨ 10 ᠡᠭᠦᠷ ᠪᠠᠷᠢᠵᠤ᠂ ᠬᠡᠭᠡᠷ᠎ᠡ ᠶ᠋ᠢᠨ ᠠᠮᠢᠲᠠᠨ ᠤᠷᠭᠤᠮᠠᠯ ᠤ᠋ᠨ ᠡᠬᠢ ᠪᠠᠶᠠᠯᠢᠭ ᠤ᠋ᠨ ᠳ᠋ᠠᠢᠲ᠋ᠠ ᠬᠥᠮᠥᠷᠭᠡ ᠶ᠋ᠢᠨ ᠪᠠᠢᠭᠤᠯᠤᠯᠲᠠ ᠶ᠋ᠢ ᠠᠬᠢᠭᠤᠯᠪᠠ᠃ ᠬᠢᠨᠠᠨ ᠬᠡᠮᠵᠢᠯᠲᠡ᠎ᠳᠦ ᠢᠯᠡᠷᠡᠭᠦᠯᠦᠭ᠌ᠰᠡᠨ ᠵᠢᠡᠷ᠂ ᠬᠠᠮᠠᠭᠠᠯᠠᠯᠲᠠ ᠶ᠋ᠢᠨ ᠣᠷᠣᠨ᠎ᠤ ᠬᠠᠷ᠎ᠠ ᠬᠤᠰᠢᠭᠤᠳᠤ ᠦᠷᠪᠢ ᠂ ᠬᠠᠷ᠎ᠠ ᠥᠷᠪᠢ᠂ ᠬᠠᠯᠵᠠᠨ ᠪᠦᠷᠭᠦᠳ ᠵᠡᠷᠭᠡ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠶ᠋ᠢᠨ ᠱᠢᠪᠠᠭᠤᠨ᠎ᠤ ᠲᠥᠷᠥᠯ ᠤ᠋ᠨ ᠲᠣᠭ᠎ᠠ ᠵᠢᠯ ᠳᠠᠷᠠᠭᠠᠯᠠᠨ ᠨᠡᠮᠡᠭ᠌ᠳᠡᠵᠦ᠍᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢᠯᠡᠳᠲᠡ ᠰᠠᠢᠵᠢᠷᠠᠪᠠ᠃ ᠠᠮᠢ ᠠᠬᠤᠢ ᠶ᠋ᠢᠨ ᠳᠠᠪᠠᠭᠤᠯᠢᠭ ᠦᠷᠭᠦᠯᠵᠢᠯᠡᠨ ᠬᠥᠭ᠌ᠵᠢᠯᠲᠡ ᠶ᠋ᠢᠨ ᠦᠷ᠎ᠡ ᠠᠱᠢᠭ ᠪᠤᠯᠵᠤ ᠬᠤᠪᠢᠷᠠᠨ᠂ ᠥᠪᠡᠷᠮᠢᠴᠡ ᠣᠨᠴᠠᠯᠢᠭᠳᠤ ᠪᠠᠲᠤᠴᠠᠭᠠᠨ᠎ᠤ ᠦᠵᠡᠮᠵᠢ ᠳᠦᠷᠪᠡᠨ ᠵᠦᠭ ᠨᠠᠢ᠍ᠮᠠᠨ ᠵᠣᠪᠬᠢᠰ ᠤ᠋ᠨ ᠵᠢᠭᠤᠯᠴᠢᠯᠠᠭᠰᠠᠳ ᠤ᠋ᠨ ᠰᠤᠨᠢᠷᠬᠠᠯ ᠢ᠋ ᠲᠠᠲᠠᠵᠤ᠂ ᠠᠷᠠᠳ ᠤ᠋ᠨ ᠰᠠᠭᠤᠴᠠ᠂ ᠢᠳᠡᠭᠡᠨ ᠤᠮᠳᠠᠭᠠᠨ ᠵᠡᠷᠭᠡ ᠠᠵᠤ ᠦᠢᠯᠡᠰ ᠤ᠋ᠨ ᠥᠷᠨᠢᠩᠭᠦᠢ ᠬᠥᠭ᠌ᠵᠢᠯᠲᠡ ᠶ᠋ᠢ ᠲᠠᠢ᠌ᠴᠢᠯᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号