《ᠤᠯᠤᠰ ᠤ᠋ᠨ ᠣᠶ ᠱᠢᠭᠤᠶ ᠡᠪᠡᠰᠦᠨ᠎ᠦ ᠦᠷ᠎ᠡ ᠡᠳ᠋ ᠤ᠋ᠨ ᠡᠬᠢ ᠪᠠᠶᠠᠯᠢᠭ ᠤ᠋ᠨ ᠲᠦᠭᠦᠭᠡᠷᠦᠮᠵᠢ ᠶ᠋ᠢ ᠬᠠᠳᠠᠭᠠᠯᠠᠬᠤ ᠬᠥᠮᠥᠷᠭᠡ ᠵᠢᠨ ᠥᠪᠥᠷ ᠮᠣᠩᠭᠣᠯ ᠤ᠋ᠨ ᠬᠤᠪᠢᠶᠠᠷᠢ ᠬᠥᠮᠥᠷᠭᠡ ᠵᠢᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ》 ᠶᠡᠷᠦᠩᠬᠡᠢᠯᠡᠭ᠌ᠰᠡᠨ ᠱᠢᠯᠭᠠᠨ ᠪᠠᠢᠴᠠᠭᠠᠯᠲᠠ ᠳ᠋ᠤ ᠬᠢᠷᠢ ᠲᠡᠩᠴᠡᠪᠡ
2026-05-11 10:37:17
ᠵᠣᠬᠢᠶᠠᠭ᠍ᠴᠢ᠄
​ᠨᠠᠮᠤᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠴᠢᠬᠢ ᠵᠢᠨ ᠶᠡᠷᠦᠩᠬᠡᠶ ᠥᠷᠲᠡᠭᠡ ᠡᠴᠡ ᠬᠠᠷᠢᠭᠤᠴᠠᠨ ᠪᠥᠲᠥᠭᠡᠨ ᠪᠠᠢᠭᠤᠯᠤᠭ᠍ᠰᠠᠨ ᠦᠷ᠎ᠡ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠴᠢᠬᠤᠯᠠ ᠶᠡᠬᠡ ᠪᠠᠢᠯᠳᠤᠬᠤ ᠪᠣᠳᠣᠯᠭ᠎ᠠ ᠵᠢᠨ ᠢᠨᠵᠧᠨᠧᠷᠢᠩ 《ᠤᠯᠤᠰ ᠤ᠋ᠨ ᠣᠶ ᠱᠢᠭᠤᠶ ᠡᠪᠡᠰᠦᠨ᠎ᠦ ᠦᠷ᠎ᠡ ᠡᠳ᠋ ᠤ᠋ᠨ ᠡᠬᠢ ᠪᠠᠶᠠᠯᠢᠭ ᠤ᠋ᠨ ᠲᠦᠭᠦᠭᠡᠷᠦᠮᠵᠢ ᠶ᠋ᠢ ᠬᠠᠳᠠᠭᠠᠯᠠᠬᠤ ᠬᠥᠮᠥᠷᠭᠡ ᠵᠢᠨ ᠥᠪᠥᠷ ᠮᠣᠩᠭᠣᠯ ᠤ᠋ᠨ ᠬᠤᠪᠢᠶᠠᠷᠢ ᠬᠥᠮᠥᠷᠭᠡ ᠵᠢᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ》 ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ  ᠶᠡᠷᠦᠩᠬᠡᠢᠯᠡᠭ᠌ᠰᠡᠨ ᠱᠢᠯᠭᠠᠨ ᠪᠠᠢᠴᠠᠭᠠᠯᠲᠠ ᠳ᠋ᠤ ᠬᠢᠷᠢ ᠲᠡᠩᠴᠡᠪᠡ᠃

《ᠨᠢᠭᠡ ᠭᠤᠤᠯ ᠬᠦᠮᠦᠷᠭᠡ ᠵᠢᠷᠭᠤᠭᠠᠨ ᠬᠤᠪᠢᠶᠠᠷᠢ ᠬᠦᠮᠦᠷᠭᠡ》 ᠵᠢᠨ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠤ᠋ ᠬᠤᠪᠢ ᠳ᠋ᠤ᠂ ᠥᠪᠥᠷ ᠮᠣᠩᠭᠣᠯ ᠤ᠋ᠨ ᠬᠤᠪᠢᠶᠠᠷᠢ ᠬᠥᠮᠥᠷᠭᠡ᠎ᠨᠢ ᠱᠢᠨᠵᠢᠶᠠᠩ ᠤ᠋ᠨ ᠬᠤᠪᠢᠶᠠᠷᠢ ᠬᠥᠮᠥᠷᠭᠡ᠂ ᠱᠠᠨᠳᠦ᠋ᠩ ᠤ᠋ᠨ ᠬᠤᠪᠢᠶᠠᠷᠢ ᠬᠥᠮᠥᠷᠭᠡ᠂ ᠬᠤᠨᠠᠨ ᠤ᠋ ᠬᠤᠪᠢᠶᠠᠷᠢ ᠬᠥᠮᠥᠷᠭᠡ ᠵᠢᠨ ᠳᠠᠷᠠᠭᠠᠬᠢ ᠳᠥᠷᠪᠡᠳᠡᠬᠢ ᠠᠱᠢᠭ᠍ᠯᠠᠯᠲᠠ ᠳ᠋ᠤ ᠣᠷᠣᠭᠤᠯᠤᠭ᠍ᠰᠠᠨ ᠲᠦᠬᠦᠭᠡᠷᠦᠮᠵᠢ ᠵᠢᠨ ᠬᠠᠳᠠᠭᠠᠯᠠᠯᠲᠠ ᠵᠢᠨ ᠬᠥᠮᠥᠷᠭᠡ ᠪᠣᠯᠵᠠᠶ᠃ ᠥᠪᠥᠷ ᠮᠣᠩᠭᠣᠯ ᠤᠯᠤᠰ᠂ ᠮᠤᠵᠢ ᠵᠢᠨ 《ᠬᠣᠶᠠᠷ ᠱᠠᠲᠤᠨ ᠤ᠋ ᠬᠠᠮᠢᠶᠠᠷᠤᠯᠲᠠ》᠂ ᠣᠭ ᠭᠠᠵᠠᠷ᠂ ᠤᠨᠳᠤᠤ ᠭᠠᠵᠠᠷ᠂ ᠲᠥᠬᠥᠭᠡᠷᠦᠮᠵᠢ 《ᠭᠤᠷᠪᠠ ᠶ᠋ᠢ ᠨᠢᠭᠡ ᠴᠣᠭ᠍ᠴᠠᠵᠢᠭᠤᠯᠤᠭ᠍ᠰᠠᠨ》 ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠡᠳ᠋ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠵᠢᠨ ᠱᠢᠰᠲ᠋ᠧᠮ ᠢ᠋ ᠪᠥᠬᠥ᠌ ᠲᠠᠯ᠎ᠠ᠎ᠪᠠᠷ ᠪᠠᠢᠭᠤᠯᠪᠠ᠃ 《ᠥᠪᠥᠷ ᠮᠣᠩᠭᠣᠯ ᠤ᠋ᠨ ᠬᠤᠪᠢᠶᠠᠷᠢ ᠬᠥᠮᠥᠷᠭᠡ ᠵᠢᠨ ᠪᠥᠲᠥᠭᠡᠨ ᠪᠠᠢᠭᠤᠯᠤᠯᠲᠠ ᠵᠢᠨ ᠲᠥᠷᠥᠯ ᠵᠦᠶ᠋ᠯ》 ᠢ᠋ 2023 ᠣᠨ ᠤ᠋ 6 ᠰᠠᠷ᠎ᠠ ᠳ᠋ᠤ ᠡᠬᠢᠯᠡᠵᠤ ᠪᠠᠢᠭᠤᠯᠤᠨ᠂ 2026 ᠣᠨ ᠤ᠋ 1 ᠰᠠᠷ᠎ᠠ ᠳ᠋ᠤ ᠶᠡᠷᠦᠩᠬᠡᠢᠯᠡᠭ᠌ᠰᠡᠨ ᠱᠢᠯᠭᠠᠨ ᠪᠠᠢᠴᠠᠭᠠᠯᠲᠠ ᠳ᠋ᠤ ᠬᠢᠷᠢ ᠲᠡᠩᠴᠡᠪᠡ᠃

2024 ᠣᠨ ᠤ᠋ 6 ᠰᠠᠷ᠎ᠠ ᠡᠴᠡ ᠡᠬᠢᠯᠡᠨ 《ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠡᠳ᠋ ᠤ᠋ᠨ ᠡᠬᠢ ᠪᠠᠶᠠᠯᠢᠭ ᠤ᠋ᠨ ᠲᠥᠪ》 ᠢ᠋ ᠪᠠᠢᠭᠤᠯᠵᠦ᠂ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠴᠢᠬᠢ ᠵᠢᠨ ᠶᠡᠷᠦᠩᠬᠡᠶ ᠥᠷᠲᠡᠭᠡ᠎ᠳᠦ ᠲᠦᠱᠢᠭ᠌ᠯᠡᠨ᠂ ᠥᠪᠥᠷ ᠮᠣᠩᠭᠣᠯ ᠤ᠋ᠨ ᠬᠤᠪᠢᠶᠠᠷᠢ ᠬᠥᠮᠥᠷᠭᠡ ᠵᠢᠨ ᠠᠵᠢᠯᠯᠠᠭᠠᠨ ᠤ᠋ ᠬᠠᠮᠢᠶᠠᠷᠤᠯᠲᠠ ᠵᠢᠨ ᠠᠵᠢᠯ ᠢ᠋ ᠬᠠᠷᠢᠭᠤᠴᠠᠵᠤ᠂ ᠣᠲᠣ ᠨᠢᠭᠡᠨᠲᠡ 1.5 ᠲᠦᠮᠡᠨ ᠬᠤᠪᠢ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠡᠳ᠋ ᠤ᠋ᠨ ᠡᠬᠢ ᠪᠠᠶᠠᠯᠢᠭ ᠢ᠋ ᠴᠤᠭ᠍ᠯᠠᠭᠤᠯᠤᠨ᠂ 0.7 ᠲᠦᠮᠡᠨ ᠬᠤᠪᠢ ᠬᠥᠮᠥᠷᠭᠡᠯᠡᠵᠦ᠍ ᠬᠠᠳᠠᠭᠠᠯᠠᠵᠤ᠂ 《ᠨᠢᠭᠡ ᠵᠢᠯ᠎ᠳᠦ ᠪᠥᠲᠥᠭᠡᠨ ᠪᠠᠢᠭᠤᠯᠬᠤ᠂ ᠬᠣᠶᠠᠷ ᠵᠢᠯ᠎ᠳᠦ ᠲᠡᠭᠦᠯᠳᠡᠷᠵᠢᠭᠦᠯᠬᠦ᠌᠂ ᠭᠤᠷᠪᠠᠨ ᠵᠢᠯ᠎ᠳᠦ ᠠᠵᠢᠯᠯᠠᠭᠤᠯᠬᠤ》 ᠡᠭᠦᠷᠭᠡ  ᠬᠠᠷᠠᠯᠲᠠ ᠶ᠋ᠢ  ᠬᠤᠭᠤᠴᠠᠭ᠎ᠠ  ᠶᠣᠰᠣᠭᠠᠷ  ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号