ᠣᠢᠷᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ 《2026 ᠣᠨᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨᠤ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠬᠠᠮᠠᠭᠠᠯᠠᠭ᠍ᠴᠢ ᠵᠢᠨ ᠡᠭᠦᠷᠭᠡ ᠬᠠᠷᠢᠭᠤᠴᠠᠯᠭᠠ ᠪᠡᠨ ᠭᠦᠶ᠋ᠴᠡᠳᠭᠡᠬᠦ᠌ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭᠠᠨᠤ ᠲᠥᠰᠦᠯ》 ᠢ᠋ ᠵᠢᠩᠬᠢᠨᠢ ᠪᠡᠷ ᠳᠠᠷᠤᠮᠠᠯᠯᠠᠨ ᠲᠠᠷᠬᠠᠭᠠᠵᠤ᠂ ᠪᠥᠬᠥ᠌ ᠣᠷᠣᠨᠤ 1.7 ᠲᠦᠮᠡᠨ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠬᠠᠮᠠᠭᠠᠯᠠᠭ᠍ᠴᠢ ᠳ᠋ᠤ ᠬᠠᠨᠳᠤᠭᠤᠯᠤᠨ ᠲᠤᠰᠭᠠᠶ ᠵᠦᠶ᠋ᠯᠦᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭᠠ ᠶ᠋ᠢ ᠡᠬᠢᠯᠡᠭᠦᠯᠪᠡ᠃
ᠲᠣᠰ ᠤᠳᠠᠭᠠᠨᠤ ᠠᠵᠢᠯᠯᠠᠭᠠᠨᠢ ᠣᠶ ᠬᠠᠮᠠᠭᠠᠯᠠᠭ᠍ᠴᠢ ᠵᠢᠨ ᠡᠩᠨᠡᠭᠡ ᠵᠢᠨ ᠪᠦᠲᠦᠴᠡ ᠶ᠋ᠢ ᠪᠥᠬᠥ᠌ ᠲᠠᠯᠠᠪᠠᠷ ᠱᠢᠯᠢᠳᠡᠭ᠌ᠵᠢᠭᠦᠯᠵᠦ᠍᠂ ᠬᠠᠮᠢᠶᠠᠷᠴᠤ᠌ ᠬᠠᠮᠠᠭᠠᠯᠠᠬᠤ ᠠᠵᠢᠯ ᠤ᠋ᠨ ᠦᠷᠡ ᠪᠦᠲᠦᠮᠵᠢ ᠶ᠋ᠢ ᠳᠡᠭᠡᠭ᠌ᠰᠢᠯᠡᠭᠦᠯᠦᠨ᠂ ᠣᠶ ᠱᠢᠭᠤᠶ ᠪᠠ ᠨᠤᠲᠤᠭ ᠪᠡᠯᠴᠢᠭᠡᠷᠦᠨ ᠡᠬᠢ ᠪᠠᠶᠠᠯᠢᠭ ᠢ᠋ ᠬᠠᠮᠢᠶᠠᠷᠴᠤ᠌ ᠬᠠᠮᠠᠭᠠᠯᠠᠬᠤ᠂ ᠮᠠᠨᠤ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨᠦ ᠬᠠᠯᠬᠠᠪᠴᠢ ᠶ᠋ᠢ ᠪᠠᠲᠤ ᠴᠣᠭ᠍ᠴᠠᠯᠠᠬᠤ ᠲᠠᠯᠠᠪᠠᠷᠬᠢ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢᠨ ᠠᠮᠢ ᠠᠬᠤᠶ ᠵᠢᠨ ᠤᠢ ᠬᠠᠮᠠᠭᠠᠯᠠᠭ᠍ᠴᠢ ᠵᠢᠨ ᠢᠳᠡᠪᠬᠢ ᠦᠶ᠋ᠯᠡᠳᠦᠯ ᠢ᠋ ᠭᠦᠶ᠋ᠴᠡᠳ ᠪᠠᠳᠠᠷᠠᠭᠤᠯᠬᠤ ᠶ᠋ᠢ ᠵᠤᠷᠢᠪᠠ᠃
ᠠᠵᠢᠯᠯᠠᠭᠠᠨᠤ ᠲᠥᠰᠦᠯᠨᠢ 《ᠡᠩᠨᠡᠭᠡ ᠶ᠋ᠢ ᠱᠢᠯᠢᠳᠡᠭ᠌ᠵᠢᠭᠦᠯᠬᠦ᠌᠂ ᠡᠷᠬᠡ ᠬᠠᠷᠢᠭᠤᠴᠠᠯᠭᠠ ᠶ᠋ᠢ ᠲᠣᠳᠣᠷᠬᠠᠢᠯᠠᠬᠤ᠂ ᠴᠢᠳᠠᠪᠤᠷᠢ ᠶ᠋ᠢ ᠳᠡᠭᠡᠭ᠌ᠰᠢᠯᠡᠭᠦᠯᠬᠦ᠌᠂ ᠦᠶ᠋ᠯᠡᠳᠦᠯ ᠢ᠋ ᠪᠠᠳᠠᠷᠠᠭᠤᠯᠬᠤ᠂ ᠱᠢᠯᠭᠠᠨ ᠦᠨᠡᠯᠡᠬᠦ᠌ ᠱᠠᠩᠨᠠᠵᠤ ᠲᠣᠷᠭᠠᠬᠤ》 ᠲᠠᠪᠤᠨ ᠠᠷᠭᠠ ᠬᠡᠮᠵᠢᠶᠡ ᠵᠢᠨ ᠲᠣᠭᠣᠷᠢᠨ ᠳ᠋ᠤ᠂ ᠡᠭᠦᠷᠭᠡ ᠬᠠᠷᠠᠯᠲᠠ ᠶ᠋ᠢ ᠱᠢᠰᠲ᠋ᠧᠮᠲᠡᠶ ᠪᠠᠢᠷᠢᠯᠠᠭᠤᠯᠵᠤ᠂ ᠠᠵᠢᠯ ᠤ᠋ᠨ ᠱᠠᠭᠠᠷᠳᠠᠯᠭᠠ ᠶ᠋ᠢ ᠨᠠᠷᠢᠯᠢᠭ᠍ᠵᠢᠭᠤᠯᠤᠨ᠂ ᠣᠷᠳᠣ ᠬᠤᠭᠤᠴᠠᠭᠠᠨᠤ ᠪᠦᠲᠦᠮᠵᠢᠲᠡᠶ ᠲᠣᠭ᠍ᠲᠠᠴᠠ ᠶ᠋ᠢ ᠪᠦᠷᠢᠨᠱᠢᠭᠦᠯᠦᠨᠡ᠃ ᠡᠯᠡ ᠱᠠᠲᠤᠨᠤ ᠬᠠᠮᠢᠶᠠᠷᠤᠯᠲᠠ ᠵᠢᠨ ᠬᠠᠷᠢᠭᠤᠴᠠᠯᠭᠠ ᠶ᠋ᠢ ᠤᠯᠠᠮ ᠴᠢᠨᠠᠭ᠍ᠰᠢᠳᠠ ᠪᠣᠳᠠᠲᠠᠢᠵᠢᠭᠤᠯᠵᠤ᠂ ᠠᠵᠢᠯ ᠤ᠋ᠨ ᠪᠠᠢᠷᠢ ᠵᠢᠨ ᠡᠭᠦᠷᠭᠡ ᠬᠠᠷᠢᠭᠤᠴᠠᠯᠭᠠ ᠶ᠋ᠢ ᠲᠣᠳᠣᠷᠬᠠᠢᠯᠠᠨ᠂ ᠡᠷᠬᠡ ᠬᠠᠷᠢᠭᠤᠴᠠᠯᠭᠠ ᠲᠣᠳᠣᠷᠬᠠᠶ᠂ ᠬᠠᠮᠢᠶᠠᠷᠤᠯᠲᠠ ᠵᠢᠷᠤᠮᠵᠢᠯᠲᠠᠶ᠂ ᠬᠢᠨᠠᠨ ᠱᠢᠯᠭᠠᠯᠲᠠ ᠴᠢᠩᠭᠠ᠂ ᠪᠠᠲᠤᠯᠠᠭᠠ ᠬᠦᠴᠦᠲᠡᠶ ᠡᠭᠦᠷᠭᠡ ᠬᠠᠷᠢᠭᠤᠴᠠᠯᠭᠠ ᠪᠡᠨ ᠭᠦᠶ᠋ᠴᠡᠳᠭᠡᠬᠦ᠌ ᠬᠠᠮᠢᠶᠠᠷᠤᠯᠲᠠ ᠵᠢᠨ ᠱᠢᠰᠲ᠋ᠧᠮ ᠢ᠋ ᠬᠦᠴᠦᠯᠡᠨ ᠪᠠᠢᠭᠤᠯᠬᠤᠪᠠᠷ ᠳᠠᠮᠵᠢᠨ᠂ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢᠨ ᠠᠮᠢ ᠠᠬᠤᠶ ᠵᠢᠨ ᠣᠶ ᠬᠠᠮᠠᠭᠠᠯᠠᠭ᠍ᠴᠢ ᠵᠢᠨ ᠬᠠᠮᠢᠶᠠᠷᠤᠯᠲᠠ ᠵᠢᠨ ᠠᠵᠢᠯ ᠤ᠋ᠨ ᠱᠢᠰᠲ᠋ᠧᠮᠲᠦ ᠴᠢᠨᠠᠷ᠂ ᠵᠢᠷᠤᠮᠵᠢᠯ ᠪᠠ ᠣᠷᠳᠣ ᠬᠤᠭᠤᠴᠠᠭᠠᠨᠤ ᠪᠦᠲᠦᠮᠵᠢᠲᠦ ᠴᠢᠨᠠᠷ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ᠃