ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠪᠠᠷᠢᠯᠭ᠎ᠠ ᠲᠠᠭᠤᠰᠪᠠ
2026-05-11 17:51:48
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂  ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠣᠢᠷ᠎ᠠ ᠳ᠋ᠤ ᠪᠠᠷᠢᠯᠭ᠎ᠠ ᠳᠠᠭᠤᠰᠤᠭᠰᠠᠨ ᠪᠦᠬᠡᠳ ᠱᠢᠯᠭᠠᠨ ᠠᠪᠤᠯᠲᠠ ᠢ᠋ᠢ ᠥᠩᠭᠡᠷᠡᠬᠦᠯᠪᠡ᠃ ᠡᠨᠡ ᠨᠢ ᠲᠠᠭ᠎ᠠ ᠢ᠋ᠢᠨ ᠨᠠᠭᠤᠷ ᠤ᠋ᠨ ᠤᠰᠤᠨ ᠤ᠋ ᠴᠠᠷᠠᠭ᠎ᠠ ᠢ᠋ᠢ ᠵᠣᠬᠢᠰᠲᠠᠶ  ᠬᠡᠪᠴᠢᠶᠡᠨ ᠳ᠋ᠤ  ᠪᠠᠢᠯᠭᠠᠬᠤ᠂ ᠤᠰᠤᠨ ᠤ᠋ ᠶᠠᠰᠤ  ᠴᠢᠨᠠᠷ ᠢ᠋  ᠰᠠᠢᠵᠢᠷᠠᠭᠤᠯᠬᠤ ᠳ᠋ᠤ ᠬᠦᠴᠦᠲᠡᠶ ᠪᠠᠲᠤᠯᠠᠭ᠎ᠠ ᠬᠠᠩᠭᠠᠬᠰᠠᠨ ᠪᠠᠢᠨ᠎ᠠ᠃

ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠪᠤᠯ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠢ᠋ᠢ ᠶᠡᠷᠦᠩᠬᠡᠢᠯᠡᠨ ᠵᠠᠰᠠᠬᠤ ᠴᠢᠬᠤᠯᠠ ᠢᠨᠵᠧᠨᠧᠷᠢᠩ ᠪᠠᠢᠵᠤ᠂ 2020 ᠣᠨ ᠤ᠋ 11 ᠰᠠᠷ᠎ᠠ ᠢ᠋ᠢᠨ 16 ᠤ᠋ ᠡᠳᠦᠷ ᠡᠴᠡ ᠡᠬᠢᠯᠡᠨ ᠪᠠᠢᠭᠤᠯᠵᠤ᠂ 2022 ᠣᠨ ᠤ᠋ 9 ᠰᠠᠷ᠎ᠠ ᠳ᠋ᠤ ᠪᠥᠬᠥ᠌ ᠱᠤᠭᠤᠮ ᠢ᠋ᠢᠡᠷ ᠤᠰᠤ ᠨᠡᠪᠲᠡᠷᠡᠭᠦᠯᠵᠤ ᠲᠤᠷᠰᠢᠨ ᠠᠵᠢᠯᠯᠠᠭᠤᠯᠪᠠ᠃ ᠲᠤᠷᠱᠢᠨ ᠠᠵᠢᠯᠯᠠᠭᠤᠯᠬᠤ ᠬᠤᠭᠤᠴᠠᠭᠠᠨ ᠳ᠋ᠤ ᠳᠠᠭ᠎ᠠ ᠢ᠋ᠢᠨ ᠨᠠᠭᠤᠷ ᠲᠤ᠌ ᠨᠡᠢ᠌ᠳᠡ 6317 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠥᠬᠥᠪᠥᠷᠢᠯᠡᠨ᠂ ᠤᠰᠤ ᠨᠥᠬᠥᠪᠥᠷᠢᠯᠡᠭᠰᠡᠨ ᠦᠷ᠎ᠡ ᠠᠱᠢᠭ ᠠᠭᠠᠵᠢᠮ ᠢ᠋ᠢᠡᠷ ᠢᠯᠡᠷᠡᠵᠦ᠍᠂ ᠭᠣᠣᠯ ᠤ᠋ᠨ ᠲᠠᠩ ᠤ᠋ᠨ ᠭᠠᠵᠠᠷ  ᠳᠣᠣᠷᠠᠬᠢ ᠤᠰᠤᠨ ᠲᠦᠪᠱᠢᠨ ᠲᠣᠭ᠍ᠲᠠᠭᠤᠨ ᠪᠠᠢᠳᠠᠯ ᠢ᠋ᠢᠡᠨ ᠪᠠᠲᠤᠯᠠᠭᠰᠠᠨ ᠪᠦᠬᠡᠳ ᠰᠠᠪᠠ  ᠭᠠᠵᠠᠷ ᠤ᠋ᠨ ᠤᠷᠭᠤᠮᠠᠯ ᠤ᠋ᠨ ᠬᠤᠴᠢᠯᠭ᠎ᠠ ᠴᠦ᠍  ᠢᠯᠡᠳᠲᠡ ᠨᠡᠮᠡᠭ᠌ᠳᠡᠵᠡᠢ᠃

ᠲᠠᠭ᠎ᠠ ᠢ᠋ᠢᠨ ᠨᠠᠭᠤᠷ ᠪᠣᠯ ᠥᠪᠥᠷ ᠮᠣᠩᠭᠣᠯ ᠤ᠋ᠨ ᠭᠤᠷᠪᠠᠳᠤᠭᠠᠷ ᠶᠡᠬᠡ ᠳᠣᠲᠣᠭᠠᠳᠤ ᠬᠠᠭᠤᠷᠠᠢ ᠢ᠋ᠢᠨ ᠨᠠᠭᠤᠷ ᠪᠠᠢᠵᠤ᠂ ᠤᠰᠤᠨ ᠤ᠋ ᠡᠬᠢ ᠰᠤᠷᠪᠤᠯᠵᠢ ᠢ᠋ᠢ ᠬᠠᠳᠠᠭᠠᠯᠠᠬᠤ᠂ ᠠᠮᠢᠳᠤ ᠪᠣᠳᠠᠰ ᠤ᠋ᠨ ᠤᠯᠠᠨ ᠶᠠᠩᠵᠤᠲᠤ ᠴᠢᠨᠠᠷ ᠢ᠋ ᠪᠠᠲᠤᠯᠠᠬᠤ᠂ ᠠᠭᠤᠷ ᠠᠮᠢᠰᠭᠤᠯ ᠢ᠋ ᠲᠤᠬᠢᠷᠠᠭᠤᠯᠬᠤ ᠵᠡᠷᠭᠡ ᠴᠢᠬᠤᠯᠠ ᠴᠢᠳᠠᠮᠵᠢ ᠲᠠᠢ ᠶᠤᠮ᠃ ᠥᠪᠥᠷ ᠮᠣᠩᠭᠣᠯ ᠣᠢᠷ᠎ᠠ ᠢ᠋ᠢᠨ ᠵᠢᠯ ᠳ᠋ᠤ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠲᠣᠭᠣᠷᠢᠨ ᠳ᠋ᠤ ᠠᠯᠢ ᠣᠯᠠᠨ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠤᠳᠤ ᠨᠠᠭᠤᠷ ᠤ᠋ᠨ ᠲᠠᠯᠠᠪᠠᠶ ᠨᠢ 64.1 ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠬᠦᠷᠦᠬᠡᠳ ᠤᠢᠷ᠎ᠠ ᠵᠢᠨ10 ᠵᠢᠯ ᠤ᠋ᠨ ᠱᠢᠨ᠎ᠡ ᠲᠡᠮᠳᠡᠭ᠌ᠯᠡᠯ ᠢ᠋ ᠡᠭᠦᠳᠴᠦ᠍᠂ ᠨᠠᠭᠤᠷ ᠤ᠋ᠨ ᠤᠰᠤᠨ ᠤ᠋ ᠶᠠᠰᠤ ᠴᠢᠨᠠᠷ ᠨᠢ ᠢᠯᠡᠳᠲᠡ ᠰᠠᠢᠵᠢᠷᠠᠨ᠂ ᠨᠠᠭᠤᠷ ᠤ᠋ᠨ ᠣᠷᠣᠨ ᠤ᠋ ᠠᠮᠢᠳᠤ ᠪᠣᠳᠠᠰ ᠤ᠋ᠨ ᠣᠯᠠᠨ ᠶᠠᠩᠵᠤᠲᠤ  ᠴᠢᠨᠠᠷ  ᠲᠣᠭ᠍ᠲᠠᠭᠤᠨ ᠢ᠋ᠢᠡᠷ  ᠨᠡᠮᠡᠭᠳᠡᠵᠤ᠂ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ  ᠠᠬᠤᠶ  ᠢᠯᠡᠳᠲᠡ ᠰᠠᠢᠵᠢᠷᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号