— 《ᠪᠡᠶ᠎ᠡ᠎ᠶ᠋ᠢᠨ ᠲᠠᠮᠢᠷ + ᠰᠤᠷᠭᠠᠨ ᠬᠦᠮᠦᠵᠢᠯ》 ᠰᠢᠷᠢᠰ ᠮᠡᠳᠡᠭᠡᠯᠡᠯ ④
ᠵᠠᠯᠠᠭᠤᠴᠤᠳ ᠪᠠᠭᠠᠴᠤᠳ ᠪᠣᠯ ᠤᠯᠤᠰ ᠣᠷᠣᠨ᠎ᠤ ᠢᠷᠡᠭᠡᠳᠦᠢ᠂ ᠦᠨᠳᠦᠰᠦᠲᠡᠨ᠎ᠦ ᠬᠦᠰᠡᠯ ᠡᠷᠡᠮᠡᠯᠵᠡᠯ ᠮᠥᠨ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ ᠨᠢ ᠭᠡᠷ ᠪᠦᠯᠢ᠎ᠶ᠋ᠢᠨ ᠵᠣᠯ ᠵᠢᠷᠭᠠᠯ ᠪᠠ ᠨᠡᠢᠭᠡᠮ᠎ᠦᠨ ᠬᠥᠭ᠌ᠵᠢᠯᠲᠡ᠎ᠲᠡᠶ ᠬᠣᠯᠪᠣᠭ᠍ᠳᠠᠵᠤ ᠪᠠᠢᠳᠠᠭ᠃ ᠤᠢᠷ᠎ᠠ ᠵᠢᠨ ᠵᠢᠯ ᠳ᠋ᠤ ᠤᠷᠳᠤᠰ ᠬᠤᠳᠠ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠬᠦᠨᠵᠡᠭᠡᠢ ᠠᠭᠤᠰᠤᠯᠴᠠᠭᠤᠯᠬᠤ ᠵᠢ ᠰᠤᠷᠭᠠᠨ ᠬᠥᠮᠦᠵᠢᠯ᠂ ᠪᠡᠶ᠎ᠡ᠎ᠶ᠋ᠢᠨ ᠲᠠᠮᠢᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠠᠩᠭᠢᠯᠠᠭ᠎ᠠ᠎ᠶ᠋ᠢᠨ ᠭᠤᠭᠴᠤᠭ᠎ᠠ ᠪᠤᠯᠭᠠᠨ᠂ ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠍᠎ᠶ᠋ᠢᠨ ᠰᠠᠭᠤᠷᠢ᠎ᠶ᠋ᠢ ᠪᠡᠬᠢᠵᠢᠭᠦᠯᠬᠦ᠌᠂ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ ᠬᠢᠭᠡᠳ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠵᠠᠮ᠎ᠢ ᠴᠢᠷᠮᠠᠢᠨ ᠨᠡᠪᠳᠡᠷᠡᠬᠦᠯᠵᠦ ᠢᠯᠡᠳᠳᠡ ᠦᠷ᠎ᠡ ᠪᠦᠳᠦᠮᠵᠢ ᠤᠯᠵᠠᠢ᠃
ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠵᠦ ᠡᠬᠢ ᠪᠠᠶᠠᠯᠢᠭ᠎ᠢ ᠨᠡᠢᠳᠭᠡᠪᠡ
ᠤᠢᠷ᠎ᠠ᠎ᠶᠢᠨ ᠵᠢᠯ᠎ᠤᠳ᠎ᠲᠤ ᠣᠷᠳᠣᠰ ᠬᠣᠲᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠲᠥᠯᠥᠪᠵᠢᠭᠦᠯᠬᠦ᠌ ᠪᠠ ᠦᠵᠦ᠍ ᠲᠥᠯᠥᠪᠯᠡᠭᠡ ᠬᠢᠬᠦ᠌᠎ᠶ᠋ᠢ ᠴᠢᠬᠤᠯᠠᠴᠢᠯᠠᠨ ᠪᠠᠷᠢᠮᠳᠠᠯᠠᠵᠤ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠪᠥᠬᠥ᠌ ᠬᠣᠲᠠ᠎ᠶ᠋ᠢᠨ ᠰᠤᠷᠭᠠᠨ ᠬᠥᠮᠦᠵᠢᠯ᠎ᠦᠨ ᠦᠶ᠋ᠯᠡᠰ᠂ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠶ ᠲᠥᠯᠥᠪᠵᠢᠭᠦᠯᠭᠡ᠎ᠳᠦ ᠣᠷᠣᠭᠤᠯᠵᠤ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠤᠳᠤᠷᠢᠳᠤᠭ᠍ᠰᠠᠨ᠂ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠰᠠᠯᠠᠭ᠎ᠠ ᠮᠥᠴᠢᠷ ᠲᠦᠷᠦᠭᠦᠯᠡᠨ ᠬᠢᠭᠰᠡᠨ᠂ ᠣᠯᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠭ᠌ᠰᠡᠨ᠂ ᠪᠥᠬᠥ᠌ ᠨᠡᠢᠭᠡᠮ᠎ᠢᠶᠡᠷ᠎ᠢᠶᠡᠨ ᠣᠷᠣᠯᠴᠠᠭ᠍ᠰᠠᠨ ᠠᠵᠢᠯ᠎ᠤᠨ ᠪᠠᠢᠷᠢᠱᠢᠯ᠎ᠢ ᠪᠤᠢ ᠪᠤᠯᠭᠠᠵᠤ᠂ ᠲᠥᠷᠥ᠎ᠶ᠋ᠢᠨ ᠪᠣᠳᠣᠯᠭ᠎ᠠ᠂ ᠡᠬᠢ ᠪᠠᠶᠠᠯᠢᠭ᠂ ᠱᠢᠯᠭᠠᠨ ᠬᠢᠨᠠᠬᠤ ᠭᠤᠷᠪᠠᠨ ᠲᠠᠯ᠎ᠠ᠎ᠠᠴᠠ ᠬᠦᠴᠦᠯᠡᠵᠦ᠍᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠡᠯ᠎ᠡ ᠵᠦᠶ᠋ᠯ᠎ᠦᠨ ᠠᠵᠢᠯ᠎ᠢ ᠪᠣᠳᠠᠲᠠᠶ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠳᠤ ᠪᠠᠲᠤ ᠪᠠᠬᠢ ᠰᠠᠭᠤᠷᠢ ᠲᠠᠯᠪᠢᠪᠠ᠃

ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ ᠲᠠᠯ᠎ᠠ᠎ᠪᠠᠷ᠂ ᠤᠷᠳᠤᠰ ᠬᠣᠲᠠ ᠤᠷᠢᠳ ᠬᠣᠵᠢᠳ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠍ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠵᠢᠭᠦᠯᠬᠦ᠌ ᠲᠥᠰᠦᠯ᠂ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ ᠵᠡᠷᠭᠡ ᠠᠯᠢ ᠣᠯᠠᠨ ᠢᠵᠢ ᠪᠥᠷᠢᠳᠦᠭ᠌ᠰᠡᠨ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠠᠵᠢᠯ᠎ᠤᠨ ᠬᠠᠷᠠᠯᠲᠠ᠂ ᠭᠤᠤᠯᠳᠠᠯᠭ᠎ᠠ᠎ᠲᠠᠶ ᠡᠭᠦᠷᠭᠡ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠪᠠ ᠠᠬᠢᠭᠤᠯᠬᠤ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠪᠠᠭ᠍ᠰᠢ᠎ᠶ᠋ᠢᠨ ᠡᠩᠨᠡᠭᠡ᠎ᠶ᠋ᠢ ᠬᠦᠴᠦᠷᠭᠡᠭᠵᠢᠭᠦᠯᠬᠦ᠂ ᠲᠠᠯᠠᠪᠤᠷ ᠭᠠᠵᠠᠷ᠎ᠢ ᠨᠡᠭᠡᠭᠡᠬᠦ᠌᠂ ᠤᠷᠤᠯᠳᠤᠭᠠᠨ ᠡᠷᠬᠢᠯᠡᠬᠦ᠂ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠲᠣᠭᠣᠷᠢᠨ᠎ᠳᠤ ᠨᠠᠷᠢᠨ ᠪᠤᠳᠠᠳᠠᠢ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠡᠭᠦᠨ᠎ᠦ ᠬᠠᠮᠲᠤ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠤᠨ ᠦᠷ᠎ᠡ ᠪᠦᠲᠦᠮᠵᠢ᠎ᠶ᠋ᠢ ᠡᠯ᠎ᠡ ᠬᠣᠱᠢᠭᠤ ᠲᠣᠭᠣᠷᠢᠭ᠂ ᠡᠯ᠎ᠡ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠨᠡᠯᠡᠬᠦ᠌ ᠪᠠ ᠣᠨ᠎ᠤ ᠬᠢᠨᠠᠨ ᠰᠢᠯᠭᠠᠬᠤ ᠱᠢᠰᠲ᠋ᠧᠮ ᠳᠦ ᠣᠷᠣᠭᠤᠯᠵᠤ᠂ ᠪᠠᠢᠩᠭᠤ ᠵᠢᠨ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠬᠤ ᠲᠣᠭ᠍ᠲᠠᠴᠠ᠎ᠶ᠋ᠢ ᠪᠠᠢᠭᠤᠯᠤᠨ᠂ ᠲᠤᠰᠭᠠᠶ ᠱᠠᠯᠠᠪᠳᠠᠭᠤᠯᠤᠨ ᠪᠠᠢᠴᠠᠭᠠᠬᠤᠠᠵᠢᠯᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠵᠦ᠍᠂ ᠬᠡᠯᠪᠡᠷᠢᠴᠢ ᠦᠵᠡᠯ᠎ᠢ ᠡᠷᠡᠰ ᠬᠣᠷᠢᠭ᠍ᠯᠠᠵᠤ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ᠎ᠵᠢ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠠᠴᠠ ᠦᠨᠡᠨ ᠪᠣᠳᠠᠲᠠᠶ ᠬᠥᠮᠦᠨ ᠬᠥᠮᠦᠵᠢᠭᠦᠯᠬᠦ᠌ ᠠᠵᠢᠯᠯᠠᠭ᠎ᠠ ᠪᠣᠯᠭᠠᠨ ᠬᠤᠪᠢᠷᠠᠭᠤᠯᠬᠤ᠎ᠶ᠋ᠢ ᠦᠨᠡᠨ ᠬᠦ᠌ ᠪᠠᠲᠤᠯᠠᠪᠡ᠃

ᠪᠥᠬᠥ᠌ ᠬᠣᠲᠠ᠎ᠶ᠋ᠢᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ ᠵᠡᠷᠭᠡ ᠲᠦᠬᠦᠭᠡᠷᠦᠮᠵᠢ ᠶ᠋ᠢ ᠰᠦᠶ᠋ᠳᠭᠡᠯ ᠬᠤᠷᠢᠶᠠᠬᠤ ᠥᠬᠡᠶ᠎ᠪᠡᠷ ᠪᠤᠶᠤ ᠰᠦᠶ᠋ᠳᠭᠡᠯ ᠪᠠᠭ᠎ᠠ ᠬᠤᠷᠢᠶᠠᠵᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠴᠢᠯᠥᠭᠡᠲᠡᠶ ᠨᠡᠭᠡᠭᠡᠬᠦ᠌᠎ᠶ᠋ᠢ ᠠᠬᠢᠭᠤᠯᠵᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠬᠢᠴᠢᠶᠡᠯ᠎ᠦᠨ ᠭᠠᠳᠠᠨᠠᠬᠢ ᠴᠠᠭ᠂ ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ ᠰᠤᠷᠤᠭ᠍ᠴᠢᠳ ᠪᠠ ᠨᠡᠢᠭᠡᠮ᠎ᠦᠨ ᠣᠯᠠᠨ ᠲᠦᠮᠡᠨ᠎ᠳᠦ ᠡᠮᠬᠢ ᠵᠢᠷᠤᠮ᠎ᠲᠠᠶ᠎ᠪᠠᠷ ᠴᠢᠯᠥᠭᠡᠲᠡᠶ ᠨᠡᠭᠡᠭᠡᠵᠦ᠍᠂ ᠡᠬᠢ ᠪᠠᠶᠠᠯᠢᠭ᠎ᠢ ᠬᠠᠷᠢᠯᠴᠠᠨ ᠨᠥᠬᠥᠪᠥᠷᠢᠯᠡᠬᠦ᠌᠂ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠪᠡᠶᠡᠯᠡᠭᠦᠯᠵᠦ᠍᠂ ᠪᠥᠬᠥ᠌ ᠬᠣᠲᠠ᠎ᠶ᠋ᠢᠨ ᠡᠯ᠎ᠡ ᠲᠥᠷᠥᠯ᠎ᠦᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ ᠵᠢᠯ ᠳᠤᠮᠳᠠᠴᠢ᠎ᠪᠠᠷ 100 ᠲᠦᠮᠡ ᠭᠠᠷᠤᠶ ᠵᠠᠯᠠᠭᠤᠴᠤᠳ ᠪᠠᠭᠠᠴᠤᠳ ᠲᠸ᠋ ᠪᠦᠳᠦᠮᠵᠢᠳᠡᠢ ᠦᠶ᠋ᠯᠡᠴᠢᠯᠡᠭᠡ ᠬᠠᠩᠭᠠᠵᠤ ᠪᠤᠢ᠃
ᠠᠭᠤᠯᠭ᠎ᠠ ᠵᠢ ᠪᠠᠶᠠᠯᠢᠭ᠍ᠵᠢᠭᠤᠯᠵᠤ ᠲᠠᠮᠢᠷ᠎ᠤᠨ ᠬᠢᠴᠢᠶᠡᠯ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ
ᠰᠤᠷᠭᠠᠭᠤᠯᠢ᠎ᠶ᠋ᠢᠨ ᠬᠦᠷᠢᠶ᠎ᠡ ᠪᠣᠯ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠭᠤᠤᠯ ᠵᠢᠭ᠍ᠰᠠᠭᠠᠯ᠎ᠤᠨ ᠭᠠᠵᠠᠷ ᠮᠥᠨ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠂ ᠡᠳᠦᠷ ᠲᠤᠲᠤᠮ᠎ᠤᠨ ᠪᠣᠯᠪᠠᠰᠤᠷᠠᠯ᠂ ᠤᠷᠤᠯᠳᠤᠭᠠᠨ᠎ᠤ ᠠᠵᠢᠯᠯᠠᠭ᠎ᠠ ᠪᠣᠯ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠭᠤᠤᠯ ᠠᠴᠢᠶᠠᠯᠠᠪᠤᠷᠢ ᠮᠥᠨ᠃ ᠣᠷᠳᠣᠰ ᠬᠣᠲᠠ ᠵᠢᠭᠠᠨ ᠰᠤᠷᠭᠠᠬᠤ ᠠᠭᠤᠯᠭ᠎ᠠ᠎ᠪᠠᠨ ᠪᠠᠶᠠᠯᠢᠭ᠍ᠵᠢᠭᠤᠯᠵᠤ᠂ ᠠᠵᠢᠯᠯᠠᠭ᠎ᠠ᠎ᠶ᠋ᠢᠨ ᠠᠷᠭ᠎ᠠ ᠬᠡᠯᠪᠡᠷᠢ ᠵᠢᠨ ᠰᠢᠨ᠎ᠡ ᠵᠢ ᠡᠬᠦᠳᠴᠦ᠍᠂ ᠤᠷᠤᠯᠳᠤᠭᠠᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠢ ᠠᠮᠢᠳᠤᠯᠢᠭ ᠪᠣᠯᠭᠠᠨ᠂ ᠵᠠᠯᠠᠭᠤᠴᠤᠳ ᠪᠠᠭᠠᠴᠤᠳ᠎ᠢ ᠳᠠᠢᠴᠢᠯᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ ᠪᠠ ᠬᠥᠳᠡᠯᠭᠡᠭᠡᠨ᠎ᠦ ᠤᠷ᠎ᠠ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃

ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠴᠠᠭ᠎ᠤᠨ ᠪᠠᠲᠤᠯᠠᠭ᠎ᠠ ᠬᠦᠷᠦᠯᠴᠡᠬᠦ᠌ ᠥᠬᠡᠶ ᠪᠠᠢᠬᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠤᠷᠳᠤᠰ ᠬᠣᠲᠠ᠎ᠶ᠋ᠢᠨ ᠬᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ 《13315》 ᠪᠡᠶ᠎ᠡ᠎ᠶ᠋ᠢᠨ ᠲᠠᠮᠢᠷ᠎ᠤᠨ ᠠᠵᠢᠯ᠎ᠤᠨ ᠲᠣᠭ᠍ᠲᠠᠴᠠ᠎ᠶ᠋ᠢ ᠡᠭᠦᠳᠦᠨ ᠬᠡᠷᠡᠭ᠌ᠵᠢᠭᠦᠯᠵᠦ᠍᠂ ᠰᠤᠷᠤᠭ᠍ᠴᠢᠳ᠎ᠤᠨ ᠡᠳᠦᠷ ᠪᠦᠷᠢ᠎ᠶ᠋ᠢᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠴᠠᠭ᠎ᠢ 2 ᠴᠠᠭ᠎ᠠᠴᠠ ᠳᠤᠤᠷ᠎ᠠ ᠪᠠᠢᠯᠭᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ ᠡᠳᠦᠷ ᠪᠦᠷᠢ ᠨᠢᠭᠡ ᠤᠳᠠᠭ᠎ᠠ ᠶᠢᠨ ᠪᠡᠶ᠎ᠡ᠎ᠶ᠋ᠢᠨ ᠲᠠᠮᠢᠷ ᠬᠢᠭᠡᠳ ᠡᠷᠡᠭᠦᠯ ᠮᠡᠨᠳᠦ᠍᠎ᠶ᠋ᠢᠨ ᠬᠢᠴᠢᠶᠡᠯ ᠨᠡᠭᠡᠭᠡᠵᠦ᠍᠂ ᠥᠷᠯᠥᠭᠡ ᠣᠷᠣᠶ ᠲᠣᠰ ᠲᠣᠰ 30 ᠮᠢᠨᠦ᠋ᠲ ᠪᠡᠶ᠎ᠡ᠎ᠪᠡᠨ ᠳᠠᠭᠠᠭᠠᠭ᠍ᠰᠠᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ ᠲᠣᠬᠢᠷᠠᠭᠤᠯᠵᠤ᠂ ᠬᠢᠴᠢᠶᠡᠯ᠎ᠦᠨ ᠵᠠᠪᠰᠠᠷᠯᠠᠭ᠎ᠠ᠎ᠶ᠋ᠢᠨ 15 ᠮᠢᠨᠦ᠋ᠲ᠎ᠲᠦ ᠰᠣᠨᠢᠷᠬᠠᠯᠲᠠᠶ ᠬᠥᠳᠡᠯᠭᠡᠭᠡᠨ ᠥᠷᠨᠢᠭᠦᠯᠵᠦ᠍᠂ ᠭᠠᠷᠠᠭ ᠪᠦᠷᠢ 5 ᠤᠳᠠᠭ᠎ᠠ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ ᠨᠡᠢᠭᠡᠮᠯᠢᠭ ᠪᠦᠯᠬᠦᠮ᠎ᠦᠨ ᠠᠵᠢᠯᠯᠠᠭ᠎ᠠ ᠥᠷᠨᠢᠭᠦᠯᠪᠡ᠃
ᠬᠢᠴᠢᠶᠡᠯ᠎ᠦᠨ ᠲᠠᠩᠬᠢᠮ᠎ᠤᠨ ᠥᠭᠡᠷᠡᠴᠢᠯᠡᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠣᠯᠠᠨ ᠡᠱᠢᠲᠦ ᠬᠢᠴᠢᠶᠡᠯ᠎ᠢᠶᠡᠷ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ ᠣᠷᠳᠣᠰ ᠬᠣᠲᠠ ᠤᠯᠠᠮᠵᠢᠯᠠᠯᠲᠤ 《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》 ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠵᠠᠭ᠍ᠪᠤᠷ᠎ᠢ ᠲᠠᠶᠠᠭ᠍ᠳᠠᠵᠤ᠂ ᠰᠤᠷᠤᠭ᠍ᠴᠢᠳ᠎ᠤᠨ ᠳᠤᠷ᠎ᠠ ᠰᠣᠨᠢᠷᠬᠠᠯ᠎ᠢᠶᠠᠷ ᠤᠳᠤᠷᠢᠳᠤᠮᠵᠢ ᠪᠣᠯᠭᠠᠨ᠂ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ 《ᠰᠠᠭᠤᠷᠢ ᠬᠢᠴᠢᠶᠡᠯ + ᠣᠨᠴᠠᠯᠢᠭ᠍ᠲᠤ ᠬᠢᠴᠢᠶᠡᠯ + ᠰᠣᠩᠭᠣᠨ ᠰᠤᠷᠬᠤ ᠬᠢᠴᠢᠶᠡᠯ + ᠪᠦᠯᠬᠦᠮ ᠨᠡᠢᠲᠡ᠎ᠶ᠋ᠢᠨ ᠬᠢᠴᠢᠶᠡᠯ》 ᠤ᠋ᠨ ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠬᠣᠲᠠ ᠲᠣᠭᠣᠷᠢᠭ᠎ᠤᠨ ᠰᠤᠷᠭᠠᠭᠤᠯᠢ ᠨᠤᠭᠤᠳ ᠱᠢᠨ᠎ᠡ᠎ᠪᠡᠷ ᠮᠠᠨᠳᠤᠭᠰᠠᠨ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠴᠢᠨᠠᠷᠴᠢᠨᠰᠠᠭᠠ ᠵᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠠᠯᠵᠢᠬᠤ ᠣᠷᠣᠨ᠎ᠤ ᠰᠤᠷᠭᠠᠭᠤᠯᠢ᠎ᠨᠤᠭᠤᠳ ᠣᠷᠣᠨ ᠪᠦᠰᠡ᠎ᠶ᠋ᠢᠨ ᠣᠨᠴᠠᠯᠢᠭ᠎ᠲᠠᠭᠠᠨ ᠰᠠᠭᠤᠷᠢᠯᠠᠨ ᠨᠠᠷᠠᠲᠤ ᠲᠥᠷᠥᠯ ᠲᠡᠮᠳᠡᠭ᠌᠎ᠢ ᠡᠭᠦᠳᠴᠦ᠍᠂ ᠰᠣᠷᠣᠭ᠍ᠴᠢ ᠪᠦᠬᠦᠨ ᠴᠥᠮ ᠥᠪᠡᠷ᠎ᠦᠨ ᠪᠡᠶᠡᠳ᠋ᠡᠭᠡᠨ ᠳᠣᠭᠢᠷᠠᠬᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠰᠤᠩᠭᠤᠬᠤ ᠶ᠋ᠢ ᠪᠡᠶᠡᠯᠡᠭᠦᠯᠪᠡ᠃

ᠬᠢᠶ᠎ᠠ ᠪᠠᠭ᠍ᠰᠢ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠪᠥᠬᠡ᠎ᠶ᠋ᠢᠨ ᠬᠥᠳᠡᠯᠭᠡᠭᠡᠨ᠎ᠢ ᠠᠯᠢ ᠡᠷᠲᠡ ᠡᠴᠡ ᠡᠳᠦᠷ ᠲᠤᠲᠤᠮ᠎ᠤᠨ ᠵᠢᠭᠠᠨ ᠰᠤᠷᠭᠠᠯᠲᠠᠲᠤᠮᠳᠠ ᠪᠠᠨ ᠠᠭᠤᠰᠬᠠᠨ᠂ ᠰᠤᠷᠭᠠᠭᠤᠯᠢ᠎ᠠᠴᠠ ᠪᠥᠬᠡ᠎ᠶ᠋ᠢᠨ ᠨᠡᠢᠭᠡᠮ᠎ᠦᠨ ᠪᠦᠯᠬᠦᠮ᠎ᠢ ᠵᠣᠬᠢᠶᠠᠨ ᠪᠠᠢᠭᠤᠯᠵᠤ᠂ ᠲᠤᠰᠭᠠᠶ ᠮᠡᠷᠭᠡᠵᠢᠯ᠎ᠦᠨ ᠲᠠᠰᠬᠠᠯᠵᠢᠭᠤᠯᠤᠭᠴᠢ ᠵᠢ ᠤᠷᠢᠵᠤ ᠬᠢᠴᠢᠶᠡᠯ ᠤᠷᠤᠭᠤᠯᠤᠨ᠂ ᠰᠤᠷᠭᠠᠭᠤᠯᠢ᠎ᠶ᠋ᠢᠨ ᠵᠢᠭᠠᠬᠤ ᠮᠠᠲ᠋ᠧᠷᠢᠶᠠᠯ᠎ᠢ ᠨᠠᠢᠷᠠᠭᠤᠯᠤᠨ ᠪᠢᠴᠢᠵᠦ᠍᠂ ᠮᠣᠩᠭᠣᠯ ᠦᠨᠳᠦᠰᠦᠲᠡᠨ᠎ᠦ ᠤᠯᠠᠮᠵᠢᠯᠠᠯᠲᠤ ᠰᠣᠶᠣᠯ ᠬᠢᠭᠡᠳ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢ ᠭᠦᠨᠵᠡᠭᠡᠶ ᠠᠭᠤᠰᠤᠯᠴᠠᠭᠤᠯᠵᠤ᠂ ᠰᠤᠷᠤᠭ᠍ᠴᠢᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤᠳ᠋ᠤ ᠠᠰᠢᠭᠳᠠᠢ ᠨᠦᠬᠦᠴᠡᠯ ᠬᠠᠩᠭᠠᠭᠰᠠᠨ ᠵᠢᠡᠷ ᠪᠠᠷᠠᠬᠤ ᠥᠬᠡᠶ ᠨᠠᠩ ᠴᠤ᠌ ᠲᠤᠮᠳᠠᠳᠤ ᠵᠢᠨ ᠰᠢᠯᠢᠳᠡᠭ ᠤᠯᠠᠮᠵᠢᠯᠠᠯᠳᠤ ᠰᠣᠶᠣᠯ᠎ᠢ ᠤᠯᠠᠮᠵᠢᠯᠠᠨ ᠳᠡᠯᠭᠡᠷᠡᠭᠦᠯᠬᠦ ᠵᠢ ᠠᠬᠢᠭᠤᠯᠵᠠᠢ᠃ ᠲᠤᠰ ᠰᠤᠷᠭᠠᠭᠤᠯᠢ᠎ᠶ᠋ᠢᠨ ᠪᠦᠬᠡ᠎ᠶ᠋ᠢᠨ ᠨᠡᠢᠭᠡᠮᠯᠢᠭ ᠨᠢ ᠤᠯᠠᠨ ᠤᠳᠠᠭ᠎ᠠ ᠪᠦᠬᠦ᠌ ᠬᠤᠳᠠ᠎ᠶ᠋ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠠᠯᠠᠭᠤᠴᠤᠳ ᠪᠠᠭᠠᠴᠤᠳ᠎ᠤᠨ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ ᠣᠷᠣᠯᠴᠠᠵᠤ᠂ ᠤᠯᠠᠨ ᠵᠦᠢᠯ᠎ᠦᠨ ᠢᠷᠠᠭᠤ ᠠᠯᠳᠠᠷ᠎ᠢ ᠬᠦᠷᠳᠡᠵᠤ᠂ ᠴᠥᠭᠡᠨ ᠪᠤᠰᠤ ᠰᠤᠷᠤᠭ᠍ᠴᠢᠳ ᠲᠤᠰᠭᠠᠢ ᠮᠡᠷᠭᠡᠵᠢᠯ᠎ᠦᠨ ᠪᠣᠯᠪᠠᠰᠤᠷᠠᠯ᠎ᠢᠶᠠᠷ ᠳᠠᠮᠵᠢᠨ᠂ ᠪᠡᠶ᠎ᠡ᠎ᠶ᠋ᠢᠨ ᠲᠠᠮᠢᠷ᠎ᠤᠨ ᠤᠷ᠎ᠠ ᠴᠢᠳᠠᠪᠤᠷᠢ᠎ᠪᠠᠨ ᠳᠡᠭᠡᠭ᠌ᠰᠢᠯᠡᠭᠦᠯᠦᠭ᠌ᠰᠡᠨ ᠪᠥᠭᠡᠳ ᠪᠠᠰᠠ ᠲᠡᠰᠪᠦᠷᠢ ᠬᠠᠲᠠᠭᠤᠵᠢᠯᠲᠠᠢ ᠲᠡᠮᠡᠴᠡᠬᠦ᠌᠂ ᠪᠦᠯᠬᠦᠮᠳᠡᠨ ᠬᠠᠮᠵᠢᠯᠴᠠᠬᠤ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠬᠥᠮᠦᠵᠢᠭᠦᠯᠵᠡᠢ᠃ ᠡᠭᠦᠨ᠎ᠡᠴᠡ ᠭᠠᠳᠠᠨ᠎ᠠ᠂ ᠵᠥᠭᠡᠯᠡᠨ ᠬᠡᠯᠪᠡᠷᠢ᠎ᠶ᠋ᠢᠨ ᠱᠢᠳᠠᠮ ᠪᠥᠮᠪᠥᠭᠡ᠂ ᠠᠷᠤᠷ᠎ᠠ ᠪᠥᠮᠪᠥᠭᠡ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠰᠤᠷ ᠬᠠᠷᠪᠤᠯᠲᠠ᠂ ᠪᠢᠯᠠᠭᠤ ᠵᠡᠷᠭᠡ ᠱᠢᠨ᠎ᠡ᠎ᠪᠡᠷ ᠮᠠᠨᠳᠤᠭ᠍ᠰᠠᠨ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ ᠪᠣᠯᠤᠨ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠣᠷᠳᠣᠰ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠲᠠᠩᠬᠢᠮ᠎ᠳᠤ ᠵᠠᠯᠭᠠᠭ᠎ᠠ᠎ᠪᠠᠷ ᠣᠷᠣᠭᠤᠯᠪᠠ᠃
ᠵᠢᠭᠠᠨ ᠰᠤᠷᠭᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ ᠨᠠᠰᠤᠨ ᠲᠤᠷᠱᠢᠳᠠ ᠠᠱᠢᠭ ᠭᠥᠷᠳᠡᠬᠦ᠌ ᠪᠡᠶ᠎ᠡ ᠵᠢᠨ ᠲᠠᠮᠢᠷ᠎ᠤᠨ ᠤᠷ᠎ᠠ ᠴᠢᠳᠠᠪᠤᠷᠢ᠎ᠶ᠋ᠢ ᠡᠵᠡᠮᠱᠢᠭᠦᠯᠪᠡ
ᠤᠷᠳᠤᠰ ᠬᠤᠲᠠ ᠠᠳᠠᠯᠢ ᠪᠤᠰᠤ ᠨᠠᠰᠤᠨ᠎ᠤ ᠰᠤᠷᠤᠭ᠍ᠴᠢᠳ᠎ᠤᠨ ᠣᠨᠴᠠᠯᠢᠭᠲᠤ ᠴᠢᠭ᠌ᠯᠡᠭᠦᠯᠦᠨ᠂ ᠵᠢᠭᠠᠨ ᠰᠤᠷᠭᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠰᠣᠨᠢᠷᠬᠠᠯᠲᠤ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠂ ᠥᠪᠡᠷ᠎ᠢ᠎ᠪᠡᠨ ᠠᠪᠤᠷᠬᠠᠸ᠋ ᠤᠷ᠎ᠠ ᠴᠢᠳᠠᠪᠤᠷᠢ ᠵᠡᠷᠭᠡ ᠣᠯᠠᠨ ᠶᠠᠩᠵᠤ᠎ᠶ᠋ᠢᠨ ᠵᠢᠭᠠᠨ ᠰᠤᠷᠭᠠᠯᠲᠠ᠎ᠶ᠋ᠢ ᠥᠷᠨᠢᠭᠦᠯᠵᠦ᠍᠂ ᠲᠠᠩ ᠴᠤᠯᠭᠤᠶ᠂ ᠰᠣᠨᠢᠷᠬᠠᠯ ᠥᠬᠡᠶ ᠪᠣᠯᠪᠠᠰᠤᠷᠠᠯ᠎ᠤᠨ ᠵᠠᠭ᠍ᠪᠤᠷ᠎ᠢ ᠲᠠᠶᠠᠭ᠍ᠳᠠᠵᠤ᠂ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠢ ᠨᠠᠩ ᠰᠣᠨᠢᠷᠬᠠᠯᠲᠠᠶ᠂ ᠲᠠᠲᠠᠬᠤ ᠬᠦᠴᠦᠨ᠎ᠲᠡᠶ ᠪᠣᠯᠭᠠᠵᠤ᠂ ᠰᠤᠷᠤᠭ᠍ᠴᠢᠳ᠎ᠢ ᠰᠠᠨᠠᠭᠠᠴᠢᠯᠠᠭ᠎ᠠ᠎ᠠᠴᠠ᠎ᠪᠠᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ ᠵᠢ ᠬᠦᠳᠦᠯᠦᠨ ᠵᠢᠯᠤᠭᠤᠳᠴᠤ᠂ 1 - 2 ᠵᠦᠶ᠋ᠯ᠎ᠦᠨ ᠨᠠᠰᠤᠨ ᠲᠤᠷᠱᠢᠳᠠ ᠠᠱᠢᠭ ᠭᠥᠷᠳᠡᠬᠦ᠌ ᠪᠡᠶ᠎ᠡ᠎ᠶ᠋ᠢᠨ ᠲᠠᠮᠢᠷ᠎ᠤᠨ ᠤᠷ᠎ᠠ ᠴᠢᠳᠠᠪᠤᠷᠢ᠎ᠶ᠋ᠢ ᠡᠵᠡᠮᠱᠢᠭᠦᠯᠵᠦ ᠪᠤᠢ᠃

ᠰᠤᠷᠭᠠᠭᠤᠯᠢ᠎ᠶ᠋ᠢᠨ ᠲᠡᠰ᠎ᠤᠨ ᠤᠷᠤᠯᠳᠤᠭᠠᠨ᠂ ᠬᠣᠱᠢᠭᠤ ᠲᠣᠭᠣᠷᠢᠭ᠎ᠤᠨ ᠱᠢᠯᠭᠠᠷᠠᠭᠤᠯᠬᠤ ᠤᠷᠤᠯᠳᠤᠭᠠᠨ᠂ ᠬᠣᠲᠠ᠎ᠶ᠋ᠢᠨ ᠲᠡᠰ᠎ᠤᠨ ᠶᠡᠷᠦᠩᠬᠡᠢ ᠱᠢᠢᠳᠪᠦᠷᠢᠲᠦ ᠤᠷᠤᠯᠳᠤᠭᠠᠨ ᠭᠤᠷᠪᠠᠨ ᠳᠡᠰ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ᠎ᠢ ᠪᠠᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠂ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ᠂ ᠮᠥᠰᠥ᠍ ᠴᠠᠰᠤᠨ᠎ᠤ ᠲᠠᠮᠢᠷ᠎ᠤᠨ ᠴᠤᠭ᠍ᠯᠠᠭᠠᠨ ᠵᠡᠷᠭᠡ ᠡᠯ᠎ᠡ ᠲᠥᠷᠥᠯ᠎ᠦᠨ ᠤᠷᠤᠯᠳᠤᠭᠠᠨ᠎ᠢ ᠪᠠᠢᠩᠭᠤ ᠡᠷᠬᠢᠯᠡᠵᠦ᠍᠂ ᠪᠦᠬᠦ᠌ ᠨᠠᠰᠤ᠂ ᠪᠦᠬᠦ᠌ ᠰᠤᠷᠤᠯᠭ᠎ᠠ᠎ᠶ᠋ᠢᠨ ᠱᠠᠲᠤ᠎ᠶ᠋ᠢ ᠬᠠᠮᠤᠷᠤᠭᠤᠯᠤᠨ᠂ ᠥᠷᠢᠰᠥᠯᠳᠦᠭᠡᠨ᠎ᠦ ᠴᠢᠨᠠᠷ ᠪᠠ ᠲᠦᠭᠡᠮᠡᠯᠵᠢᠭᠦᠯᠬᠦ᠌ ᠴᠢᠨᠠᠷ ᠢ᠋ ᠬᠠᠮᠲᠤᠳᠤᠨᠢ ᠬᠠᠷᠠᠭᠠᠯᠵᠠᠪᠠ᠃ 《ᠣᠬᠢ ᠰᠣᠳᠣ᠎ᠶ᠋ᠢ ᠴᠢᠬᠤᠯᠠᠴᠢᠯᠠᠵᠤ᠂ ᠲᠦᠭᠡᠮᠡᠯᠵᠢᠭᠦᠯᠬᠦ᠌᠎ᠶ᠋ᠢ ᠬᠥᠩᠭᠡᠪᠴᠢᠯᠡᠬᠦ᠌》 ᠤᠷᠤᠯᠳᠤᠭᠠᠨ᠎ᠤ ᠶᠠᠪᠤᠳᠠᠯ᠎ᠤᠨ ᠤᠳᠤᠷᠢᠳᠤᠮᠵᠢ᠎ᠶ᠋ᠢ ᠲᠠᠶᠠᠭ᠍ᠳᠠᠵᠤ᠂ ᠤᠷᠤᠯᠳᠤᠭᠠᠨ᠎ᠳᠤ ᠣᠷᠣᠯᠴᠠᠬᠤ ᠪᠠᠷᠢᠮᠵᠢᠶ᠎ᠠ᠎ᠶ᠋ᠢ ᠳᠣᠷᠣᠭ᠍ᠰᠢᠯᠠᠭᠤᠯᠵᠤ᠂ ᠡᠩ᠎ᠦᠨ ᠰᠤᠷᠤᠭ᠍ᠴᠢᠳ᠂ ᠪᠡᠶ᠎ᠡ᠎ᠶ᠋ᠢᠨ ᠲᠠᠮᠢᠷ᠎ᠲᠤ ᠪᠠᠬᠠᠲᠠᠶ ᠬᠥᠮᠦᠰ᠎ᠦᠨ ᠤᠷᠤᠯᠳᠤᠭᠠᠨ᠎ᠤ ᠲᠠᠯᠠᠪᠤᠷ᠎ᠲᠤ ᠭᠠᠷᠬᠤ᠎ᠶ᠋ᠢ ᠵᠣᠷᠢᠭ᠍ᠵᠢᠭᠤᠯᠵᠤ᠂ ᠬᠡᠦᠬᠡᠳ ᠨᠢᠭᠡᠪᠦᠷᠢ᠎ᠳᠦ ᠴᠥᠮ ᠤᠷᠤᠯᠳᠤᠭᠠᠨ᠎ᠳᠤ ᠣᠷᠣᠯᠴᠠᠵᠤ᠂ ᠥᠪᠡᠷ᠎ᠤᠨ ᠴᠢᠳᠠᠪᠤᠷᠢ ᠪᠠᠨ ᠢᠯᠡᠷᠡᠭᠦᠯᠬᠦ᠌ ᠲᠣᠬᠢᠶᠠᠯ ᠣᠯᠭᠣᠪᠠ᠃ ᠵᠢᠯ ᠪᠦᠷᠢ ᠡᠯ᠎ᠡ ᠱᠠᠲᠤᠨ᠎ᠤ ᠡᠯ᠎ᠡ ᠲᠥᠷᠥᠯ᠎ᠦᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ 1000 ᠭᠠᠷᠤᠶ ᠲᠠᠯᠠᠪᠠᠶ ᠡᠷᠭᠢᠯᠡᠵᠦ᠍᠂ ᠣᠷᠣᠯᠴᠠᠭ᠍ᠰᠠᠨ ᠰᠤᠷᠤᠭ᠍ᠴᠢᠳ 10 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ 《ᠬᠥᠮᠦᠨ ᠪᠦᠬᠦᠨ ᠣᠷᠣᠯᠴᠠᠵᠤ ᠪᠣᠯᠬᠤ》᠎ᠶ᠋ᠢ ᠦᠨᠡᠨ ᠬᠦ᠌ ᠪᠡᠶᠡᠯᠡᠭᠦᠯᠵᠦ᠍᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠬᠥᠮᠦᠨ᠎ᠢ ᠬᠥᠮᠦᠵᠢᠭᠦᠯᠬᠦ᠌ ᠳᠤᠮᠳᠠ ᠰᠤᠷᠤᠭ᠍ᠴᠢᠳ᠎ᠤᠨ ᠡᠷᠡᠯᠬᠡᠭ᠌ᠯᠡᠨ ᠲᠡᠮᠡᠴᠡᠬᠦ᠌ ᠵᠣᠷᠢᠭ ᠰᠠᠨᠠᠭ᠎ᠠ ᠪᠠ ᠪᠦᠯᠬᠦᠮ ᠨᠡᠢᠲᠡ᠎ᠶ᠋ᠢᠨ ᠤᠬᠠᠮᠰᠠᠷ᠎ᠢ ᠬᠥᠮᠦᠵᠢᠭᠦᠯᠪᠠ᠃
ᠤᠮᠪᠠᠯᠲᠠ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯ᠎ᠢ ᠶᠡᠬᠡ ᠪᠡᠷ ᠠᠬᠢᠭᠤᠯᠵᠤ᠂ ᠲᠤᠰᠭᠠᠶ ᠮᠡᠷᠭᠡᠵᠢᠯ᠎ᠦᠨ ᠤᠮᠪᠠᠯᠲᠠ᠎ᠶ᠋ᠢᠨ ᠲᠠᠯᠠᠪᠤᠷ᠎ᠤᠨ ᠡᠬᠢ ᠪᠠᠶᠠᠯᠢᠭ᠎ᠲᠤ ᠲᠦᠱᠢᠭ᠌ᠯᠡᠨ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠲᠤ ᠤᠮᠪᠠᠯᠲᠠ᠎ᠶ᠋ᠢᠨ ᠮᠡᠷᠭᠡᠵᠢᠯ ᠴᠢᠳᠠᠪᠤᠷᠢ᠎ᠶ᠋ᠢ ᠲᠦᠭᠡᠮᠡᠯᠵᠢᠭᠦᠯᠬᠦ᠌ ᠪᠣᠯᠪᠠᠰᠤᠷᠠᠯ ᠥᠷᠨᠢᠭᠦᠯᠵᠦ᠍᠂ ᠤᠮᠪᠠᠯᠲᠠ᠎ᠶ᠋ᠢᠨ ᠠᠮᠤᠷ ᠲᠦᠪᠱᠢᠨ ᠪᠠ ᠥᠪᠡᠷ᠎ᠢ᠎ᠪᠡᠨ ᠠᠪᠤᠷᠠᠬᠤ ᠮᠡᠳᠡᠯᠭᠡ᠎ᠶ᠋ᠢ ᠵᠢᠭᠠᠨ ᠰᠤᠷᠭᠠᠯᠲᠠ᠎ᠳᠤ ᠠᠭᠤᠰᠤᠯᠴᠠᠭᠤᠯᠤᠨ᠂ ᠰᠤᠷᠤᠭ᠍ᠴᠢᠳ᠎ᠤᠨ ᠣᠷᠣᠱᠢᠨ ᠲᠣᠭ᠍ᠲᠠᠨᠢᠬᠤ ᠮᠡᠷᠭᠡᠵᠢᠯ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠳᠡᠭᠡᠰᠦ ᠦᠰᠦᠷᠬᠦ᠌᠂ ᠲᠡᠪᠡᠭ ᠢᠰᠭᠦᠯᠬᠦ᠌᠂ ᠰᠣᠨᠢᠷᠬᠠᠯᠲᠠᠶ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠣᠯᠠᠨ ᠲᠦᠮᠡᠨᠴᠢ ᠴᠢᠨᠠᠷᠲᠠᠶ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠰᠤᠷᠤᠭ᠍ᠴᠢᠳ᠎ᠤᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠭᠠᠨ᠂ ᠬᠥᠮᠦᠨ ᠪᠦᠬᠦᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠂ ᠡᠳᠦᠷ ᠪᠦᠷᠢ ᠱᠢᠷᠭᠠᠭᠤ ᠬᠠᠲᠠᠭᠤᠵᠢᠯᠲᠠᠶ ᠪᠣᠯᠪᠠᠰᠤᠷᠠᠬᠤ ᠰᠤᠷᠭᠠᠭᠤᠯᠢ᠎ᠶ᠋ᠢᠨ ᠬᠦᠷᠢᠶᠡᠨ᠎ᠦ ᠠᠭᠤᠷ ᠠᠮᠢᠰᠭᠤᠯ᠎ᠢ ᠪᠣᠶ ᠪᠣᠯᠭᠠᠵᠠᠢ᠃
ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠬᠦ᠌ ᠪᠣᠯ ᠨᠢᠭᠡᠨ ᠤᠷᠳᠤ ᠬᠤᠭᠤᠴᠠᠭᠠᠨ᠎ᠤ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠨᠠᠩ ᠴᠤ᠌ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶᠢᠨ ᠲᠤᠯᠭᠠᠭᠤᠷᠢᠯᠠᠯ ᠪᠤᠯᠤᠨ᠎ᠠ᠃ ᠱᠢᠨ᠎ᠡ ᠬᠥᠭ᠌ᠵᠢᠯᠲᠡ᠎ᠶ᠋ᠢᠨ ᠭᠠᠷᠤᠭᠠᠲᠡᠭᠡᠷᠡ ᠤᠷᠳᠤᠰ ᠬᠤᠳᠠ ᠦᠷᠭᠦᠯᠵᠢᠯᠡᠨ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ ᠵᠢ ᠠᠬᠢᠭᠤᠯᠬᠤ ᠭᠣᠣᠯ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯ᠎ᠤᠨ ᠲᠣᠭ᠍ᠲᠠᠴᠠ᠎ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠬᠦᠳᠴᠦ᠂ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠦᠨ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠂ ᠵᠠᠯᠠᠭᠤᠴᠤᠳ ᠪᠠᠭᠠᠴᠤᠳ ᠨᠢᠭᠡᠪᠦᠷᠢ ᠬᠥᠳᠡᠯᠭᠡᠭᠡᠨ᠎ᠦ ᠳᠤᠮᠳᠠ ᠡᠷᠡᠭᠦᠯ ᠴᠢᠭᠢᠷᠠᠭ᠂ ᠪᠠᠶᠠᠷ ᠪᠠᠶᠠᠰᠤᠯ᠎ᠲᠠᠶ ᠪᠡᠷ ᠦᠰᠦᠨ ᠪᠣᠢᠵᠢᠬᠤ ᠵᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠪᠡᠶ᠎ᠡ᠎ᠶ᠋ᠢᠨ ᠲᠠᠮᠢᠷ ᠪᠠ ᠰᠤᠷᠭᠠᠨ ᠬᠥᠮᠦᠵᠢᠯ᠎ᠢ ᠠᠭᠤᠰᠤᠯᠴᠠᠭᠤᠯᠤᠨ ᠬᠥᠭ᠌ᠵᠢᠭᠦᠯᠦᠭ᠌ᠰᠡᠨ ᠳᠤᠯᠠᠭᠠᠨ ᠬᠤᠳᠠ᠎ᠶ᠋ᠢᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠳᠦ ᠤᠷᠳᠤᠰ᠎ᠤᠨ ᠬᠦᠴᠦᠨ ᠴᠢᠳᠠᠯ᠎ᠢᠶᠠᠨ ᠡᠷᠭᠦᠨ᠎ᠡ᠃
(ᠭᠡᠷᠡᠯ ᠵᠢᠷᠤᠭ᠎ᠤᠳ᠎ᠢ ᠱᠢᠨᠬᠤᠸᠠ ᠰᠦᠯᠵᠢᠶ᠎ᠡ᠎ᠡᠴᠡ ᠠᠪᠤᠪᠠ)
ᠰᠤᠷᠪᠤᠯᠵᠢᠯᠠᠭᠰᠠᠨ᠎ᠤ ᠲᠠᠷᠠᠭ᠎ᠠ᠄
ᠲᠦᠷᠢᠮ᠎ᠦᠨ ᠱᠢᠨ᠎ᠡ ᠡᠭᠦᠳᠦᠯᠲᠡ᠎ᠡᠴᠡ ᠬᠢᠴᠢᠶᠡᠯ᠎ᠦᠨ ᠲᠠᠩᠬᠢᠮ᠎ᠤᠨ ᠥᠭᠡᠷᠡᠴᠢᠯᠡᠯᠲᠡ ᠬᠦᠷᠲᠡᠯ᠎ᠡ᠂ ᠤᠷᠤᠯᠳᠤᠭᠠᠨ᠎ᠢ ᠲᠦᠭᠡᠮᠡᠯᠵᠢᠭᠦᠯᠬᠦ᠌᠎ᠡᠴᠡ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠬᠦᠷᠲᠡᠯ᠎ᠡ᠂ ᠤᠷ᠎ᠠ ᠴᠢᠳᠠᠪᠤᠷᠢ᠎ᠶ᠋ᠢ ᠬᠥᠮᠦᠵᠢᠭᠦᠯᠬᠦ᠌᠎ᠡᠴᠡ ᠰᠣᠶᠣᠯ᠎ᠢ ᠤᠯᠠᠮᠵᠢᠯᠠᠬᠤ ᠬᠦᠷᠲᠡᠯ᠎ᠡ᠂ ᠤᠷᠳᠤᠰ ᠬᠤᠳᠠ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠤᠯᠠᠨ ᠵᠢᠯ᠎ᠦᠨ ᠲᠤᠷᠰᠢ ᠲᠠᠰᠤᠷᠠᠯᠳᠠ ᠦᠭᠡᠢ ᠭᠦᠨᠵᠡᠭᠡᠢᠷᠡᠬᠦᠯᠵᠦ᠍᠂ ᠡᠯᠪᠡᠭ ᠪᠠᠶᠠᠯᠢᠭ ᠦᠷ᠎ᠡ ᠪᠦᠲᠦᠭᠡᠯ ᠤᠯᠤᠭᠰᠠᠨ ᠪᠢᠯᠡ᠃ ᠡᠳᠦᠭᠡ᠂ ᠤᠷᠳᠤᠰ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠢᠴᠢᠶᠡᠯ᠎ᠦᠨ ᠵᠠᠪᠰᠠᠷᠯᠠᠭ᠎ᠠ᠎ᠶ᠋ᠢᠨ ᠲᠠᠮᠢᠷ᠎ᠤᠨ ᠲᠠᠯᠠᠪᠠᠢ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠰᠤᠷᠭᠠᠭᠤᠯᠢ᠎ᠶ᠋ᠢᠨ ᠬᠦᠷᠢᠶᠡᠨ᠎ᠦ ᠡᠯ᠎ᠡ ᠲᠦᠷᠦᠯ᠎ᠤᠨ ᠤᠷᠤᠯᠳᠤᠭᠠᠨ ᠦᠷᠭᠡᠨᠶ᠋ᠢᠡᠷ ᠦᠷᠨᠢᠵᠦ᠂ ᠪᠡᠶ᠎ᠡ᠎ᠶ᠋ᠢᠨ ᠲᠠᠮᠢᠷ ᠨᠢᠭᠡᠨᠲᠡ ᠰᠤᠷᠭᠠᠭᠤᠯᠢ᠎ᠶ᠋ᠢᠨ ᠬᠦᠷᠢᠶ᠎ᠡ᠂ ᠮᠠᠯᠵᠢᠬᠤ ᠣᠷᠣᠨ᠎ᠤ ᠨᠢᠭᠡᠨ ᠭᠣᠶᠣ ᠰᠠᠢᠬᠠᠨ ᠳᠡᠪᠢᠰᠭᠡᠷ ᠥᠩᠭᠡ ᠪᠤᠯᠤᠭᠰᠠᠨ ᠪᠠᠢᠨ᠎ᠠ᠃