ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠬᠠᠲᠠ ᠠᠪᠠᠷᠢᠬᠤ ᠢᠯᠡ ᠤᠷᠤᠯᠳᠤᠭᠠᠨ᠎ᠳᠦ ᠥᠪᠥᠷ ᠮᠣᠩᠭᠣᠯ᠎ᠤᠨ ᠲᠠᠮᠢᠷᠴᠢᠨ 2 ᠠᠯᠲᠠᠨ ᠮᠧᠳᠠᠯ ᠭᠠᠷᠳᠠᠵᠠᠢ
2026-05-11 11:43:12
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 2 ᠎ᠤ᠋ᠨ ᠡᠳᠦᠷ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠠᠲᠠ ᠠᠪᠠᠷᠢᠬᠤ ᠠᠩᠭᠢ ᠵᠢᠴᠢ 4 ᠺᠯᠦᠪ᠎ᠦᠨ ᠠᠩᠭᠢ᠎ᠶ᠋ᠢᠨ ᠨᠡᠢᠲᠡ 26 ᠬᠥᠮᠦᠨ᠎ᠢᠶᠡᠷ ᠪᠦᠷᠢᠯᠳᠦᠭ᠌ᠰᠡᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ 2026 ᠣᠨ᠎ᠤ ᠪᠥᠬᠥ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠬᠠᠲᠠ ᠠᠪᠠᠷᠢᠬᠤ ᠢᠯᠡ ᠤᠷᠤᠯᠳᠤᠭᠠᠨ (ᠬᠦᠢᠵᠸᠤ᠎ᠶ᠋ᠢᠨ ᠭᠦᠶ᠋ᠶᠠᠩ ᠥᠷᠲᠡᠭᠡ)᠎ᠳ᠋ᠤ ᠤᠷᠤᠯᠴᠠᠬᠤ ᠪᠡᠷ ᠮᠣᠷᠳᠠᠪᠠ᠃ ᠲᠣᠰ ᠤᠳᠠᠭ᠎ᠠ᠎ᠶᠢᠨ ᠤᠷᠤᠯᠳᠤᠭᠠᠨ᠎ᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠬᠠᠳᠠ ᠠᠪᠠᠷᠢᠬᠤ ᠬᠥᠳᠡᠯᠭᠡᠭᠡᠨ᠎ᠦ ᠬᠠᠮᠢᠶᠠᠷᠤᠯᠲᠠ᠎ᠶ᠋ᠢᠨ ᠲᠥᠪ᠂ ᠭᠦᠶ᠋ᠵᠧᠸ᠋ ᠮᠤᠵᠢ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠨᠡᠢᠲᠡ 25 ᠮᠤᠵᠢ (ᠣᠷᠣᠨ᠂ ᠬᠣᠲᠠ) ᠵᠢᠴᠢ ᠱᠢᠶᠠᠩᠭᠠᠩ᠎ᠣᠨᠴᠠᠭᠠᠶ ᠵᠠᠰᠠᠭ ᠵᠠᠬᠢᠷᠭᠠᠨ᠎ᠤ  ᠣᠷᠣᠨ᠎ᠤ 156 ᠲᠥᠯᠥᠭᠡᠯᠡᠭ᠌ᠴᠢᠳ᠎ᠦᠨ ᠠᠩᠭᠢ᠎ᠶ᠋ᠢᠨ 817 ᠲᠠᠮᠢᠷᠴᠢᠨ ᠣᠷᠣᠯᠴᠠᠵᠠᠶ᠃

ᠤᠷᠤᠯᠳᠤᠭᠠᠨ ᠨᠢ 5 ᠰᠠᠷ᠎ᠠ ᠵᠢᠨ 4 ᠎ᠤ᠋ ᠡᠳᠦᠷ ᠪᠤᠯᠳᠠᠯ᠎ᠠ ᠶᠠᠪᠤᠭᠳᠠᠵᠤ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠠᠳᠠ ᠠᠪᠠᠷᠢᠬᠤ ᠠᠩᠭᠢ᠎ᠶ᠋ᠢᠨ ᠲᠠᠮᠢᠷᠴᠢᠨ ᠶᠠᠩ ᠺᠸ ᠡᠯ U15 ᠡᠮᠡᠭ᠌ᠲᠡᠢ᠎ᠶ᠋ᠢᠨ ᠳᠤᠭᠤᠢᠯᠠᠩ᠎ᠤᠨ ᠤᠷᠤᠯᠳᠤᠭᠠᠨ᠎ᠳᠦ 2 ᠠᠯᠲᠠᠨ ᠮᠧᠳᠠᠯ ᠭᠠᠷᠳᠠᠪᠠ᠃ 2018 ᠣᠨ᠎ᠠᠴᠠ ᠨᠠᠭᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠠᠯᠭᠠᠭ᠎ᠠ᠎ᠪᠠᠷ ᠲᠠᠪᠤᠨ ᠬᠤᠭᠤᠴᠠᠭᠠᠨ᠎ᠤ ᠬᠠᠳᠠ ᠠᠪᠠᠷᠢᠬᠤ ᠺᠯᠦᠪ᠎ᠦᠨ ᠬᠣᠯᠪᠣᠭᠠᠲᠤ ᠤᠷᠤᠯᠳᠤᠭᠠᠨ ᠶᠠᠪᠤᠭᠤᠯᠵᠤ᠂ ᠬᠠᠳᠠ ᠠᠪᠠᠷᠢᠬᠤ ᠬᠥᠳᠡᠯᠭᠡᠭᠡᠨ᠎ᠦ ᠵᠠᠯᠠᠭᠤᠴᠤᠳ ᠪᠠᠭᠠᠴᠤᠳ᠎ᠤᠨ ᠳᠤᠮᠳᠠ ᠥᠷᠨᠢᠩᠭᠦᠶ ᠬᠥᠭ᠌ᠵᠢᠬᠦ᠌᠎ᠶ᠋ᠢ ᠠᠬᠢᠭᠤᠯᠪᠠ᠃ ᠪᠡᠶ᠎ᠡ᠎ᠶ᠋ᠢᠨ ᠲᠠᠮᠢᠷ᠎ᠪᠠ ᠰᠤᠷᠭᠠᠨ ᠬᠦᠮᠦᠵᠢᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠠᠵᠠ ᠲᠣᠬᠢᠶᠠᠯ᠎ᠢ ᠠᠮᠵᠢᠨ ᠬᠥᠬᠡᠬᠣᠲᠠ᠂ ᠪᠤᠭᠤᠲᠤ᠂ ᠣᠷᠳᠣᠰ ᠵᠡᠷᠭᠡ ᠣᠯᠠᠨ ᠭᠠᠵᠠᠷ᠎ᠤᠨ᠎ᠬᠢᠨ ᠲᠤᠰᠭᠠᠶ ᠮᠡᠷᠭᠡᠵᠢᠯ᠎ᠦᠨ ᠬᠠᠲᠠ ᠠᠪᠠᠷᠢᠬᠤ ᠺᠯᠦᠪ᠎ᠢ ᠵᠠᠯᠭᠠᠭ᠎ᠠ᠎ᠪᠠᠷ ᠪᠠᠢᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ᠎ᠬᠢᠨ ᠬᠠᠲᠠ ᠠᠪᠠᠷᠢᠬᠤ ᠲᠥᠷᠥᠯ ᠵᠦᠶ᠋ᠯ᠎ᠢ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ ᠬᠢᠭᠡᠳ ᠬᠢᠴᠢᠶᠡᠯ᠎ᠦᠨ ᠳᠠᠷᠠᠭᠠᠬᠢ ᠣᠨᠴᠠᠯᠢᠭ᠍ᠲᠤ ᠠᠵᠢᠯᠯᠠᠭ᠎ᠠ᠎ᠳᠤ ᠢᠳᠡᠪᠬᠢᠲᠡᠶ ᠣᠷᠣᠭᠤᠯᠵᠤ᠂ ᠬᠠᠲᠠ ᠠᠪᠠᠷᠢᠬᠤ᠎ᠶ᠋ᠢ ᠲᠦᠭᠡᠮᠡᠯᠵᠢᠭᠦᠯᠬᠦ᠌ ᠪᠣᠯᠪᠠᠰᠤᠷᠠᠯ ᠬᠢᠭᠡᠳ ᠤᠷᠤᠯᠳᠤᠭᠠᠨ᠎ᠤ ᠠᠵᠢᠯᠯᠠᠭ᠎ᠠ᠎ᠶ᠋ᠢ ᠪᠠᠢᠩᠭᠤᠵᠢᠭᠤᠯᠤᠨ᠂ ᠰᠤᠷᠭᠠᠭᠤᠯᠢ᠎ᠶ᠋ᠢᠨ ᠬᠦᠷᠢᠶᠡᠨ᠎ᠦ ᠬᠠᠲᠠ ᠠᠪᠠᠷᠢᠬᠤ ᠰᠣᠶᠣᠯ᠎ᠢ ᠬᠦᠭᠵᠢᠬᠦᠯᠵᠦ᠂ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠠᠭᠤᠳᠠᠯᠤᠨ ᠬᠦᠮᠦᠵᠢᠭᠦᠯᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号