ᠪᠤᠭᠤᠳᠤ ᠵᠢᠨ ᠨᠢᠬᠡᠳᠦᠬᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ ᠳᠠᠬᠢᠨᠲᠠ ᠪᠦᠬᠦ ᠤᠯᠤᠰ ᠲᠤ᠌ ᠮᠠᠩᠯᠠᠢᠯᠠᠪᠠ
2026-05-11 11:46:11
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 3 ᠤ᠋ ᠡᠳᠦᠷ᠂ ᠪᠦᠬᠦ ᠤᠯᠤᠰ᠎ᠤᠨ ᠳᠤᠮᠳᠠᠳᠤ ᠰᠤᠷᠭᠠᠭᠤᠯᠢ ᠵᠢᠨ ᠰᠤᠷᠤᠭᠴᠢᠳ᠎ᠤᠨ ᠠᠯᠠᠭᠠᠳᠠᠬᠤ ᠪᠦᠮᠪᠦᠬᠡ ᠵᠢᠨ ᠤᠷᠤᠯᠳᠤᠭᠠᠨ᠎ᠤ ᠳᠠᠯᠠᠪᠤᠷ ᠡᠴᠡ ᠪᠠᠶᠠᠷ᠎ᠤᠨ ᠴᠢᠮᠡᠬᠡ ᠳᠤᠭᠤᠯᠳᠠᠯ᠎ᠠ᠃ ᠬᠤᠷᠢᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ (ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ) ᠤ᠋ ᠰᠢᠢᠳᠪᠦᠷᠢᠲᠦ ᠤᠷᠤᠯᠳᠤᠭᠠᠨ᠎ᠳᠤ ᠪᠤᠭᠤᠲᠤ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ  ᠴᠠᠩᠱᠠ᠎ᠶᠢᠨ ᠵᠧᠦ ᠨᠠᠨ ᠰᠢᠦ ᠹᠧᠩ ᠰᠤᠷᠭᠠᠭᠤᠯᠢ᠎ᠲᠠᠢ ᠬᠤᠷᠴᠠ ᠰᠢᠷᠦᠬᠦᠨ ᠦᠷᠢᠰᠦᠯᠳᠦᠵᠦ᠂ 3 ᠄ 1 ᠪᠡᠷ ᠢᠯᠡᠵᠤ ᠮᠠᠩᠯᠠᠢᠯᠠᠭᠰᠠᠨ ᠪᠠᠢᠨ᠎ᠠ᠃

ᠪᠤᠭᠤᠲᠤ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ 1980 ᠣᠨ᠎ᠳᠤ ᠪᠠᠢᠭᠤᠯᠤᠭᠳᠠᠵᠤ᠂ 2004 ᠣᠨ᠎ᠠᠴᠠ 2016 ᠣᠨ᠎ᠤ ᠬᠣᠭᠣᠷᠣᠨᠳᠤ ᠤᠷᠢᠳ ᠬᠣᠵᠢᠳ 5 ᠤᠳᠠᠭ᠎ᠠ ᠳᠤᠮᠳᠠᠳᠤ ᠤᠯᠤᠰ᠎ᠢ ᠲᠥᠯᠥᠭᠡᠯᠡᠨ ᠳᠡᠯᠡᠬᠡᠢ᠎ᠶᠢᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠳᠤ ᠣᠷᠣᠯᠴᠠᠭᠠᠳ ᠰᠢᠯᠢᠳᠡᠭ ᠬᠢᠷᠢ ᠪᠦᠲᠦᠮᠵᠢ ᠣᠯᠵᠠᠢ᠃ 2015 ᠣᠨ᠎ᠳᠤ ᠪᠥᠮᠪᠥᠭᠡᠨ ᠠᠩᠭᠢ ᠨᠢ ᠪᠦᠬᠦ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠳᠤ ᠮᠠᠩᠯᠠᠢᠯᠠᠪᠠ᠃ ᠡᠭᠦᠨ᠎ᠡᠴᠡ ᠭᠠᠳᠠᠨ᠎ᠠ᠂ ᠬᠤᠷᠢᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠳᠤᠮᠳᠠᠳᠤ ᠰᠤᠷᠭᠠᠭᠤᠯᠢ᠎ᠶᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶᠢᠨ ᠬᠣᠯᠪᠣᠭᠠᠲᠤ ᠤᠷᠤᠯᠳᠤᠭᠠᠨ (ᠥᠨᠳᠥᠷ ᠵᠡᠷᠬᠡ ᠵᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ) ᠤ᠋ ᠰᠢᠢᠳᠪᠦᠷᠢᠲᠦ ᠤᠷᠤᠯᠳᠤᠭᠠᠨ᠎ᠳᠤ ᠪᠦᠬᠦ ᠤᠯᠤᠰ᠎ᠠᠴᠠ ᠢᠷᠡᠭᠰᠡᠨ 18 ᠬᠦᠴᠦᠷᠬᠡᠭ ᠠᠩᠬᠢ ᠵᠢᠨ ᠳᠤᠳᠤᠷ᠎ᠠ᠂ ᠪᠤᠭᠤᠲᠤ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ᠎ᠶᠢᠨ ᠡᠮᠡᠭᠲᠡᠢ᠎ᠶᠢᠨ ᠠᠯᠠᠭᠠᠳᠠᠬᠤ ᠪᠥᠮᠪᠥᠭᠡ᠎ᠶᠢᠨ ᠠᠩᠭᠢ᠎ᠶᠢᠨ ᠬᠢᠨ ᠯᠠᠪᠳᠠᠭᠤᠨ ᠲᠣᠭᠲᠠᠭᠤᠨ᠎ᠢᠶᠠᠷ ᠦᠷᠢᠰᠦᠯᠳᠦᠵᠦ᠂ ᠡᠴᠦᠰ᠎ᠲᠡᠬᠡᠨ ᠪᠦᠬᠦ ᠤᠯᠤᠰ᠎ᠤᠨ ᠭᠤᠷᠪᠠᠳᠤᠭᠠᠷ᠎ᠲᠤ ᠳᠤᠳᠤᠷᠠᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号