ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ 2025 ᠣᠨ᠎ᠤ ᠡᠩ᠎ᠦᠨ ᠶᠡᠬᠡ ᠳᠡᠬᠡᠳᠤ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠤᠨ ᠪᠠᠢᠷᠢᠯᠠᠭᠤᠯᠤᠯᠳᠠ ᠵᠢ ᠲᠠᠩᠰᠠᠯᠠᠭᠤᠯᠤᠭᠰᠠᠨ ᠪᠠ ᠬᠢᠨᠠᠨ ᠵᠦᠪᠰᠢᠶᠡᠷᠡᠭᠰᠡᠨ ᠦᠷ᠎ᠡ ᠳ᠋ᠦᠩ᠎ᠢ ᠨᠡᠢᠲᠡᠯᠡᠵᠦ᠂ ᠥᠪᠥᠷ ᠮᠣᠩᠭᠣᠯ᠎ᠤᠨ 17 ᠶᠡᠬᠡ ᠳᠡᠭᠡᠳᠦ ᠰᠤᠷᠭᠠᠭᠤᠯᠢ 53 ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠤᠨ ᠪᠠᠢᠷᠢᠯᠠᠭᠤᠯᠤᠯᠳᠠ ᠵᠢ ᠰᠢᠨ᠎ᠡ᠎ᠪᠡᠷ ᠨᠡᠮᠡᠭᠳᠡᠭᠦᠯᠬᠦ ᠵᠥᠪᠰᠢᠶᠡᠷᠡᠯ᠎ᠢ ᠤᠯᠵᠠᠢ᠃ ᠡᠭᠦᠨ᠎ᠳᠦ ᠪᠠᠢᠭᠠᠯᠢ ᠲᠧᠭᠨᠢᠭ᠎ᠦᠨ ᠤᠬᠠᠭᠠᠨ ᠲᠠᠷᠢᠶᠠᠯᠠᠩ ᠡᠮ ᠡᠮᠨᠡᠯᠭᠡ᠎ᠶᠢᠨ ᠲᠥᠷᠥᠯ᠎ᠦᠨ ᠲᠤᠰᠬᠠᠢ ᠮᠡᠷᠭᠡᠵᠢᠯ᠎ᠢ 43 ᠪᠠᠢᠷᠢᠯᠠᠭᠤᠯᠵᠤ᠂ ᠪᠠᠴᠢᠮ ᠱᠠᠭᠠᠷᠳᠠᠭᠳᠠᠵᠤ ᠪᠠᠢᠭ᠎ᠠ ᠪᠤᠶᠤ ᠳᠤᠲᠠᠭᠳᠠᠵᠤ ᠪᠠᠢᠭ᠎ᠠ ᠲᠤᠰᠬᠠᠢ ᠮᠡᠷᠭᠡᠵᠢᠯ᠎ᠢ 24 ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠳ᠋ᠤ ᠦᠯᠦ ᠪᠠᠢᠭᠰᠠᠨ ᠲᠤᠰᠬᠠᠢ ᠮᠡᠷᠭᠡᠵᠢᠯ᠎ᠢ 20 ᠨᠥᠬᠥᠪᠦᠷᠢᠯᠡᠵᠦ᠂ ᠶᠡᠬᠡ ᠳᠡᠬᠡᠳᠤ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠦᠲᠦᠴᠡ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃
ᠲᠣᠰ ᠤᠳᠠᠭᠠᠨ᠎ᠤ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠲᠤᠬᠢᠷᠠᠭᠤᠯᠤᠯᠳᠠ ᠨᠢ ᠥᠪᠡᠷᠲᠡᠭᠡᠨ ᠵᠠᠰᠠᠬᠤ ᠣᠷᠣᠨ᠎ᠤ ᠠᠷᠪᠠᠨ ᠶᠡᠬᠡ ᠠᠵᠤ ᠦᠢᠯᠡᠰ᠎ᠦᠨ ᠪᠦᠯᠦᠭᠵᠢᠯ᠎ᠤᠨ ᠴᠢᠳᠠᠪᠤᠷᠢᠲᠠᠨ᠎ᠢ ᠬᠦᠮᠦᠵᠢᠬᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠡᠨᠧᠷᠭᠢ ᠨᠦᠭᠡᠴᠡᠯᠡᠬᠦ ᠰᠢᠨᠵᠢᠯᠡᠬᠦ ᠤᠬᠠᠭᠠᠨ ᠬᠢᠬᠡᠳ ᠮᠡᠷᠭᠡᠵᠢᠯ᠂ ᠡᠨᠧᠷᠭᠢ᠎ᠶᠢᠨ ᠠᠵᠤ ᠦᠢᠯᠡᠰ᠎ᠤᠨ ᠦᠢᠯᠡᠴᠢᠯᠡᠭᠡᠨ᠎ᠦ ᠢᠨᠵᠧᠨᠧᠷᠢᠩ᠂ ᠡᠨᠧᠷᠭᠢ ᠬᠢᠮᠢ᠎ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ ; ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠬᠣᠪᠣᠷ ᠰᠢᠷᠣᠢ᠎ᠶᠢᠨ ᠮᠠᠲᠧᠷᠢᠶᠠᠯ᠎ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠨᠠᠨᠦᠮᠧᠲᠷ᠎ᠤᠨ ᠮᠠᠲᠧᠷᠢᠶᠠᠯ ᠬᠢᠭᠡᠳ ᠮᠡᠷᠭᠡᠵᠢᠯ᠂ ᠰᠢᠨ᠎ᠡ ᠡᠨᠧᠷᠭᠢ᠎ᠶᠢᠨ ᠮᠠᠲᠧᠷᠢᠶᠠᠯ ᠬᠢᠭᠡᠳ ᠲᠣᠨᠣᠭᠯᠠᠭᠠᠰᠤ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ; ᠵᠣᠬᠢᠶᠠᠮᠠᠯ ᠤᠶᠤᠨ ᠴᠢᠳᠠᠪᠤᠷᠢ ᠵᠢᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ ᠳᠤ ᠵᠣᠬᠢᠶᠠᠮᠠᠯ ᠤᠶᠤᠨ ᠴᠢᠳᠠᠪᠤᠷᠢ ᠵᠢᠨ ᠢᠨᠵᠧᠨᠧᠷᠢᠩ ᠂ ᠮᠠᠰᠢᠨ ᠬᠥᠮᠥᠨ᠎ᠦ ᠢᠨᠵᠧᠨᠧᠷᠢᠩ᠂ ᠣᠶᠤᠨᠲᠤ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ; ᠪᠣᠬᠢᠷᠲᠤᠯ ᠦᠭᠡᠢ ᠮᠠᠯ᠎ᠤᠨ ᠠᠰᠢᠭ᠋ ᠰᠢᠮᠡᠲᠠᠷᠢᠶᠠᠯᠠᠩ ᠤ᠋ᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠣᠶᠤᠨᠳᠤ ᠲᠠᠷᠢᠶᠠᠯᠠᠩ᠂ ᠢᠳᠡᠭᠡᠨ᠎ᠦ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠵᠡᠷᠭᠡ ᠲᠤᠰᠬᠠᠢ ᠮᠡᠷᠭᠡᠵᠢᠯ᠎ᠢ ᠨᠡᠮᠡᠵᠦ ᠳᠤᠬᠢᠷᠠᠭᠤᠯᠪᠠ; ᠠᠮᠢᠳᠤ ᠪᠣᠳᠠᠰ᠎ᠤᠨ ᠦᠢᠯᠡᠳᠬᠡᠯ᠎ᠤᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠨᠡᠢᠯᠡᠮᠡᠯ ᠠᠮᠢᠳᠤ ᠪᠣᠳᠠᠰ᠎ᠤᠨ ᠤᠬᠠᠭᠠᠨ᠂ ᠠᠮᠢᠳᠤ ᠪᠣᠳᠠᠰ᠎ᠤᠨ ᠡᠮ ᠡᠮᠨᠡᠯᠭᠡ᠎ᠶᠢᠨ ᠲᠣᠭ᠎ᠠ ᠪᠠᠷᠢᠮᠲᠠ᠎ᠶᠢᠨ ᠰᠢᠨᠵᠢᠯᠡᠬᠦ ᠤᠬᠠᠭᠠᠨ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ; ᠲᠣᠭᠠᠴᠢᠯᠠᠭᠰᠠᠨ ᠠᠵᠤ ᠠᠬᠤᠢ᠎ᠶᠢᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠴᠦᠷᠬᠡᠯᠡᠬᠡ ᠳ᠋ᠠᠢᠲ᠋ᠠ᠎ᠶᠢᠨ ᠢᠨᠵᠧᠨᠧᠷᠢᠩ᠂ ᠳ᠋ᠢᠵᠢᠲ᠋ᠠᠯ ᠬᠦᠮᠦᠯᠢᠭ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ; ᠣᠲᠣ᠌ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠦᠨ ᠠᠵᠤ ᠦᠢᠯᠡᠰ ᠦᠨ ᠪᠦᠯᠦᠭᠵᠢᠯ᠎ᠦᠨ ᠲᠣᠭᠣᠷᠢᠨ᠎ᠳᠤ ᠨᠠᠰᠤᠵᠢᠯ᠎ᠤᠨ ᠦᠢᠯᠡᠴᠢᠯᠡᠭᠡᠨ᠎ᠦ ᠬᠠᠮᠢᠶᠠᠷᠤᠯᠲᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠂ ᠬᠥᠯ ᠪᠥᠮᠪᠥᠭᠡ᠎ᠶᠢᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ᠎ᠢ ᠨᠡᠮᠡᠵᠦ ᠳᠤᠬᠢᠷᠠᠭᠤᠯᠪᠠ; ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠬᠢᠮᠢ᠎ᠶᠢᠨ ᠠᠵᠤ ᠦᠢᠯᠡᠳᠪᠦᠷᠢ᠎ᠶᠢᠨ ᠠᠮᠤᠷ ᠲᠦᠪᠰᠢᠨ᠎ᠦ ᠢᠨᠵᠧᠨᠧᠷᠢᠩ᠂ ᠡᠨᠧᠷᠭᠢ ᠬᠢᠮᠢ ᠵᠡᠷᠭᠡ ᠲᠤᠰᠬᠠᠢ ᠮᠡᠷᠬᠡᠵᠢᠯ᠎ᠢ ᠨᠡᠮᠡᠵᠦ ᠳᠤᠬᠢᠷᠠᠭᠤᠯᠪᠠ; ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠣᠶᠤᠨᠳᠤ ᠮᠠᠰᠢᠨ ᠲᠡᠷᠭᠡᠨ᠎ᠦ ᠢᠨᠵᠧᠨᠧᠷᠢᠩ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠢᠨᠵᠧᠨᠧᠷᠢᠩ ᠵᠡᠷᠭᠡ ᠲᠤᠰᠬᠠᠢ ᠮᠡᠷᠭᠡᠵᠢᠯ᠎ᠢ ᠨᠡᠮᠡᠵᠦ ᠲᠣᠬᠢᠷᠠᠭᠤᠯᠪᠠ; ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠤ ᠦᠢᠯᠡᠰ᠎ᠦᠨ ᠪᠦᠯᠦᠭᠵᠢᠯ᠎ᠦᠨ ᠲᠣᠭᠣᠷᠢᠨ᠎ᠳᠤ ᠤᠢᠷ᠎ᠠ ᠤᠭᠳᠠᠷᠭᠤᠢ ᠵᠢᠨ ᠮᠡᠷᠭᠡᠵᠢᠯ ᠬᠢᠭᠡᠳ ᠢᠨᠵᠧᠨᠧᠷᠢᠩ᠎ᠦᠨ ᠲᠤᠰᠬᠠᠢ ᠮᠡᠷᠭᠡᠵᠢᠯ᠎ᠢ ᠰᠢᠨ᠎ᠡ᠎ᠪᠡᠷ ᠨᠡᠮᠡᠵᠦ ᠳᠤᠬᠢᠷᠠᠭᠤᠯᠪᠠ᠃
ᠲᠣᠰ ᠤᠳᠠᠭᠠᠨ ᠤ ᠲᠣᠬᠢᠷᠠᠭᠤᠯᠤᠯᠲᠠ᠎ᠳᠤ ᠪᠠᠰᠠ ᠨᠡᠢᠭᠡᠮ᠎ᠦᠨ ᠬᠡᠷᠡᠭᠴᠡᠭᠡ ᠱᠠᠭᠠᠷᠳᠠᠯᠭ᠎ᠠ ᠬᠦᠢᠴᠡᠭᠰᠡᠨ᠂ ᠠᠵᠢᠯ ᠣᠯᠭᠣᠯᠲᠠ᠎ᠶᠢᠨ ᠨᠣᠷᠮ᠎ᠠ ᠳᠣᠣᠷ᠎ᠠ ᠰᠢᠭ᠋ ᠪᠠᠢᠭ᠎ᠠ 23 ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ ᠦᠨ ᠪᠠᠢᠷᠢᠯᠠᠭᠤᠯᠤᠯᠲᠠ᠎ᠶᠢ ᠬᠦᠴᠦᠨ ᠦᠭᠡᠢ ᠪᠣᠯᠭᠠᠪᠠ᠃ ᠣᠲᠣ᠌ ᠪᠣᠯᠲᠠᠯ᠎ᠠ᠂ ᠥᠪᠥᠷ ᠮᠣᠩᠭᠣᠯ ᠤᠨ ᠡᠩ᠎ᠦᠨ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ ᠶᠢᠨ ᠪᠠᠢᠭᠠᠯᠢ ᠲᠧᠭᠨᠢᠭ᠎ᠦᠨ ᠤᠬᠠᠭᠠᠨ᠂ ᠲᠠᠷᠢᠶᠠᠯᠠᠩ ᠡᠮ ᠡᠮᠨᠡᠯᠭᠡ᠎ᠶᠢᠨ ᠲᠥᠷᠥᠯ ᠦᠨ ᠲᠤᠰᠬᠠᠢ ᠮᠡᠷᠭᠡᠵᠢᠯ᠎ᠦᠨ ᠡᠵᠡᠯᠡᠬᠦ ᠬᠠᠷᠢᠴᠠᠯ 53% ᠳ᠋ᠤ ᠬᠦᠷᠪᠡ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ᠂ ᠶᠡᠬᠡ ᠳᠡᠭᠡᠳᠦ ᠰᠤᠷᠭᠠᠭᠤᠯᠢ᠎ᠶᠢ ᠵᠢᠯᠣᠭᠣᠳᠤᠨ᠂ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠦᠨ ᠲᠣᠬᠢᠷᠠᠭᠤᠯᠤᠯᠲᠠ᠎ᠶᠢᠨ ᠲᠥᠯᠦᠪᠵᠢᠭᠦᠯᠭᠡ᠎ᠶᠢ ᠴᠢᠩᠭ᠎ᠠ ᠨᠠᠢᠳᠠᠪᠤᠷᠢᠵᠢᠭᠤᠯᠵᠤ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠪᠠᠢᠷᠢᠯᠠᠭᠤᠯᠤᠯᠳᠠ ᠬᠢᠭᠡᠳ ᠣᠷᠣᠨ ᠪᠦᠰᠡ᠎ᠶᠢᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠲᠣᠬᠢᠷᠠᠯᠴᠠᠬᠤ ᠬᠡᠮᠵᠢᠶ᠎ᠡ᠎ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠬᠡᠵᠦ ᠢᠯᠡᠳᠬᠡᠪᠡ᠃