ᠶᠡᠬᠡ ᠳᠡᠭᠡᠳᠦ ᠰᠤᠷᠭᠠᠭᠤᠯᠢ᠎ᠶ᠋ᠢᠨ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶᠢᠨ ᠲᠣᠭᠠᠴᠢᠯᠠᠭ᠍ᠰᠠᠨ ᠡᠬᠢ ᠪᠠᠶᠠᠯᠢᠭ᠎ᠤᠨ ᠨᠡᠭᠡᠭᠡᠯᠲᠡᠲᠦ ᠬᠣᠯᠪᠣᠭ᠎ᠠ᠎ᠶ᠋ᠢ ᠡᠭᠦᠰᠭᠡᠨ ᠪᠠᠢᠭᠤᠯᠵᠤ᠂ ᠪᠦᠬᠦ᠌ ᠤᠯᠤᠰ᠎ᠤᠨ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶᠢᠨ 89 ᠲᠦᠷᠦᠯ ᠵᠦᠢᠯ᠎ᠤᠨ ᠤᠨᠴᠠᠯᠢᠬ᠍ᠳᠤ ᠠᠵᠢᠯᠯᠠᠭ᠎ᠠ᠎ᠶ᠋ᠢ ᠨᠡᠢᠲᠡᠯᠡᠪᠡ ᠁ 2026 ᠣᠨ᠎ᠤ ᠪᠦᠬᠦ᠌ ᠠᠷᠠᠳ᠎ᠤᠨ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶᠢᠨ ᠠᠵᠢᠯᠯᠠᠭ᠎ᠠ᠎ᠶ᠋ᠢᠨ ᠭᠠᠷᠠᠭ᠎ᠤᠨ ᠡᠬᠢᠯᠡᠯᠲᠡ᠎ᠶ᠋ᠢᠨ ᠠᠵᠢᠯᠯᠠᠭ᠎ᠠ 9 ᠤ᠋ ᠡᠳᠦᠷ ᠵᠢᠶᠠᠩᠰᠦ ᠮᠤᠵᠢ᠎ᠶ᠋ᠢᠨ ᠰᠦᠵᠧᠦ ᠬᠤᠳᠠ᠎ᠳᠤ ᠶᠠᠪᠤᠭ᠍ᠳᠠᠵᠤ᠂ ᠠᠯᠢ ᠤᠯᠠᠨ ᠦᠷ᠎ᠡ ᠪᠦᠲᠦᠭᠡᠯ ᠡᠬᠢᠯᠡᠯᠲᠡ᠎ᠶ᠋ᠢᠨ ᠠᠵᠢᠯᠯᠠᠭ᠎ᠠ ᠳᠡᠭᠡᠷ᠎ᠡ ᠢᠯᠡᠷᠡᠪᠡ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠡᠬᠢᠯᠡᠯᠲᠡ᠎ᠶᠢᠨ ᠠᠵᠢᠯᠯᠠᠭ᠎ᠠ ᠳᠡᠭᠡᠷ᠎ᠡ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠᠰᠠ ᠱᠢᠨ᠎ᠡ᠎ᠪᠡᠷ ᠴᠤᠭ᠍ᠯᠠᠭᠤᠯᠤᠭ᠍ᠰᠠᠨ ᠶᠡᠬᠡ ᠳᠡᠭᠡᠳᠦ ᠰᠤᠷᠭᠠᠭᠤᠯᠢ᠎ᠶ᠋ᠢᠨ ᠨᠡᠢᠭᠡᠮ᠎ᠳᠦ ᠬᠠᠨᠳᠤᠭᠤᠯᠤᠨ ᠨᠡᠭᠡᠭᠡᠭ᠌ᠰᠡᠨ ᠴᠢᠨᠠᠷ ᠰᠠᠢᠲᠠᠶ ᠲᠣᠭᠠᠴᠢᠯᠠᠭ᠍ᠰᠠᠨ ᠰᠤᠷᠤᠯᠴᠠᠯᠭ᠎ᠠ᠎ᠶ᠋ᠢᠨ ᠡᠬᠢ ᠪᠠᠶᠠᠯᠢᠭ ᠵᠢᠴᠢ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶᠢᠨ 800 ᠨᠡᠢᠲᠡᠯᠢᠭ ᠲᠥᠷᠥᠯ ᠵᠦᠶ᠋ᠯ᠎ᠢ ᠨᠡᠢᠲᠡᠯᠡᠪᠡ᠃ ᠡᠭᠦᠨ᠎ᠡᠴᠡ ᠭᠠᠳᠠᠨ᠎ᠠ᠂ ᠤᠯᠤᠰ᠎ᠤᠨ ᠣᠶᠤᠨᠴᠢ ᠰᠤᠷᠭᠠᠨ ᠬᠥᠮᠦᠵᠢᠯ᠎ᠦᠨ ᠲᠠᠪᠴᠠᠩ᠎ᠤᠨ ᠨᠠᠰᠤᠨ ᠲᠤᠷᠱᠢᠳᠠ᠎ᠶ᠋ᠢᠨ ᠰᠤᠷᠤᠯᠴᠠᠯᠭ᠎ᠠ᠎ᠶ᠋ᠢᠨ ᠲᠥᠪ᠎ᠲᠦ 28 ᠶᠠᠮᠤᠨ ᠵᠥᠪᠯᠡᠯ᠂ ᠨᠡᠢᠭᠡᠮ᠎ᠦᠨ ᠪᠠᠢᠭᠤᠯᠤᠮᠵᠢ ᠪᠠ ᠠᠵᠤ ᠠᠬᠤᠢᠯᠠᠯ᠎ᠤᠨ 700 ᠭᠠᠷᠤᠶ ᠱᠢᠯᠢᠳᠡᠭ ᠬᠢᠴᠢᠶᠡᠯ᠎ᠦᠨ ᠡᠬᠢ ᠪᠠᠶᠠᠯᠢᠭ᠎ᠢ ᠱᠢᠨ᠎ᠡ᠎ᠪᠡᠷ ᠭᠠᠷᠭᠠᠪᠠ᠃
ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ ᠡᠯ᠎ᠡ ᠭᠠᠵᠠᠷ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠡᠯ᠎ᠡ ᠶᠡᠬᠡ ᠳᠡᠭᠡᠳᠦ ᠰᠤᠷᠭᠠᠭᠤᠯᠢ᠎ᠶ᠋ᠢᠨ ᠬᠢᠨ ᠳᠠᠪᠠᠭᠤᠯᠢᠭ᠎ᠢᠶᠠᠨ ᠪᠠᠳᠠᠷᠠᠭᠤᠯᠵᠤ᠂ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠰᠦᠯᠵᠢᠶᠡᠨ ᠳᠡᠭᠡᠷᠡᠬᠢ ᠰᠤᠷᠭᠠᠨ ᠬᠥᠮᠦᠵᠢᠯ ᠪᠣᠯᠤᠨ ᠪᠤᠳᠠᠳᠤ ᠴᠤᠭᠴᠠ᠎ᠶᠢᠨ ᠰᠤᠷᠭᠠᠨ ᠬᠥᠮᠦᠵᠢᠯ᠎ᠦᠨ ᠬᠣᠯᠪᠣᠭᠠᠯᠠᠨ ᠬᠥᠳᠡᠯᠦᠯᠴᠡᠬᠦ᠌᠂ ᠰᠤᠷᠭᠠᠭᠤᠯᠢ᠎ᠶ᠋ᠢᠨ ᠰᠤᠷᠭᠠᠨ ᠬᠥᠮᠦᠵᠢᠯ ᠪᠣᠯᠤᠨ ᠨᠡᠢᠭᠡᠮ᠎ᠦᠨ ᠰᠤᠷᠭᠠᠨ ᠬᠥᠮᠦᠵᠢᠯ᠎ᠦᠨ ᠠᠭᠤᠰᠤᠯᠴᠠᠨ ᠨᠡᠪᠲᠡᠷᠡᠯᠴᠡᠬᠦ᠌᠂ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ᠎ᠦᠨ ᠪᠣᠯᠪᠠᠰᠤᠷᠠᠯ᠎ᠢ ᠵᠡᠷᠭᠡ᠎ᠪᠡᠷ ᠴᠢᠬᠤᠯᠠᠴᠢᠯᠠᠬᠤ᠎ᠶ᠋ᠢ ᠠᠬᠢᠭᠤᠯᠵᠤ᠂ ᠨᠡᠢᠭᠡᠮ᠎ᠳᠦ ᠬᠠᠨᠳᠤᠭᠤᠯᠤᠨ ᠱᠢᠯᠢᠳᠡᠭ ᠡᠬᠢ ᠪᠠᠶᠠᠯᠢᠭ ᠬᠠᠩᠭᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠲᠠᠶ ᠵᠣᠬᠢᠴᠠᠭ᠍ᠰᠠᠨ ᠨᠠᠰᠤᠨ ᠲᠤᠷᠱᠢᠳᠠ᠎ᠶ᠋ᠢᠨ ᠰᠤᠷᠭᠠᠨ ᠬᠥᠮᠦᠵᠢᠯ᠎ᠦᠨ ᠦᠵᠡᠯᠲᠡ᠎ᠶ᠋ᠢ ᠪᠤᠢ ᠪᠣᠯᠭᠠᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ ᠪᠣᠯᠤᠨ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠳᠦ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ᠍ ᠢᠯᠡᠳᠭᠡᠪᠡ᠃
ᠣᠢᠯᠠᠭᠠᠭ᠍ᠰᠠᠨ᠎ᠢᠶᠠᠷ᠂ ᠲᠣᠰ ᠤᠳᠠᠭ᠎ᠠ᠎ᠶᠢᠨ ᠠᠵᠢᠯᠯᠠᠭ᠎ᠠ᠎ᠶ᠋ᠢ ᠰᠤᠷᠭᠠᠨ ᠬᠥᠮᠦᠵᠢᠯ᠎ᠦᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ᠂ ᠴᠡᠷᠢᠭ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠂ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠂ ᠳᠤᠮᠳᠠᠳᠤ ᠤᠯᠤᠰ᠎ᠤᠨ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠪᠥᠬᠥ᠌ ᠤᠯᠤᠰ᠎ᠤᠨ ᠵᠥᠪᠯᠡᠯ᠂ ᠳᠤᠮᠳᠠᠳᠤ ᠤᠯᠤᠰ᠎ᠤᠨ ᠨᠠᠰᠤᠨ᠎ᠳᠤ ᠬᠦᠷᠦᠭ᠌ᠰᠡᠳ᠎ᠦᠨ ᠰᠤᠷᠭᠠᠨ ᠬᠥᠮᠦᠵᠢᠯ᠎ᠦᠨ ᠨᠡᠢᠭᠡᠮᠯᠢᠭ ᠬᠠᠮᠲᠤᠷᠠᠨ ᠭᠤᠤᠯᠯᠠᠨ ᠡᠷᠭᠢᠯᠡᠵᠦ᠍᠂ ᠵᠢᠶᠠᠩᠰᠦ ᠮᠤᠵᠢ᠎ᠶ᠋ᠢᠨ ᠰᠤᠷᠭᠠᠨ ᠬᠥᠮᠦᠵᠢᠯ᠎ᠦᠨ ᠲᠢᠩᠬᠢᠮ᠂ ᠰᠦᠵᠧᠦ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠳᠠᠭᠠᠭᠠᠴᠢᠯᠠᠨ ᠡᠷᠭᠢᠯᠡᠪᠡ᠃
(ᠱᠢᠨᠬᠤᠸᠠ ᠬᠣᠷᠢᠶ᠎ᠠ᠎ᠶᠢᠨ ᠨᠠᠨᠵᠢᠩ᠎ᠤᠨ 5 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)