ᠥᠪᠥᠷ ᠮᠣᠩᠭᠣᠯ ᠤ᠋ᠨ ᠰᠤᠷᠭᠠᠭᠤᠯᠢ ᠶ᠋ᠢᠨ ᠬᠤᠪᠴᠠᠰᠤ᠎ᠵᠢᠨ ᠶᠠᠰᠤ ᠴᠢᠨᠠᠷ ᠢ᠋ ᠳᠡᠭᠡᠭ᠌ᠰᠢᠯᠡᠭᠦᠯᠦᠭ᠌ᠰᠡᠨ ᠬᠡᠷᠡᠭ ᠤ᠋ᠨ ᠵᠢᠱ᠌ᠢᠶ᠎ᠡ ᠪᠥᠬᠥ᠌ ᠤᠯᠤᠰ ᠤ᠋ᠨ ᠨᠡᠢᠲᠡᠯᠢᠭ ᠬᠡᠷᠡᠭ ᠤ᠋ᠨ ᠵᠢᠱ᠌ᠢᠶ᠎ᠡ ᠪᠡᠷ ᠰᠤᠨᠭᠭᠤᠬᠳᠠᠪᠠ
2026-05-12 10:22:20
ᠵᠣᠬᠢᠶᠠᠭ᠍ᠴᠢ᠄
​ ᠤᠷᠠᠨ᠎ᠠ
ᠣᠩᠱᠢᠭ᠍ᠰᠠᠨ ᠣᠳᠠᠭ᠎ᠠ᠄
★★★☆☆

ᠤᠯᠤᠰ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠶᠡᠷᠦᠩᠬᠡᠶ ᠲᠣᠪᠴᠢᠶ᠎ᠠ ᠲᠦᠷᠦᠭᠦᠬᠡᠨ 2025 ᠣᠨ ᠤ᠋ ᠪᠥᠬᠥ᠌ ᠤᠯᠤᠰ ᠤ᠋ᠨ ᠶᠠᠰᠤ ᠴᠢᠨᠠᠷ ᠤ᠋ᠨ ᠮᠡᠷᠭᠡᠵᠢᠯ ᠢ᠋ᠶ᠋ᠡᠷ ᠬᠠᠪᠰᠤᠷᠤᠨ ᠲᠡᠳᠬᠦᠭ᠌ᠰᠡᠨ ᠠᠷᠪᠠᠨ ᠶᠡᠬᠡ ᠨᠡᠢᠲᠡᠯᠢᠭ ᠬᠡᠷᠡᠭ ᠤ᠋ᠨ ᠵᠢᠱ᠌ᠢᠶ᠎ᠡ ᠵᠢ ᠨᠡᠢᠲᠡᠯᠡᠵᠦ᠂ ᠥᠪᠥᠷ ᠮᠣᠩᠭᠣᠯ ᠤ᠋ᠨ ᠰᠤᠷᠭᠠᠭᠤᠯᠢ ᠶ᠋ᠢᠨ ᠬᠤᠪᠴᠠᠰᠤ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠰᠤᠷᠤᠭ᠍ᠴᠢᠳ ᠤ᠋ᠨ ᠡᠷᠡᠭᠦᠯ ᠮᠡᠨᠳᠦ᠍ ᠶ᠋ᠢᠨ ᠠᠮᠤᠷ ᠲᠦᠪᠱᠢᠨ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠬᠠᠮᠠᠭᠠᠯᠠᠭ᠍ᠰᠠᠨ ᠬᠡᠷᠡᠭ ᠤ᠋ᠨ ᠵᠢᠱ᠌ᠢᠶ᠎ᠡ ᠰᠣᠩᠭᠣᠭ᠍ᠳᠠᠪᠠ᠃

ᠰᠤᠷᠭᠠᠭᠤᠯᠢ ᠶ᠋ᠢᠨ ᠬᠤᠪᠴᠠᠰᠤ ᠶ᠋ᠢᠨ ᠶᠠᠰᠤ ᠴᠢᠨᠠᠷ ᠤ᠋ᠨ ᠠᠮᠤᠷ ᠲᠦᠪᠱᠢᠨ ᠨᠢ ᠥᠷᠭᠡᠨ ᠣᠯᠠᠨ ᠵᠠᠯᠠᠭᠤᠴᠤᠳ ᠪᠠᠭᠠᠴᠤᠳ ᠤ᠋ᠨ ᠪᠡᠶ᠎ᠡ ᠮᠠᠬᠠᠪᠣᠳ ᠤ᠋ᠨ ᠡᠷᠡᠭᠦᠯ ᠴᠢᠭᠢᠷᠠᠭ ᠲᠠᠢ ᠱᠢᠭᠤᠳ ᠬᠣᠯᠪᠣᠭ᠍ᠳᠠᠵᠤ ᠪᠠᠢᠳᠠᠭ᠃ ᠵᠠᠷᠢᠮ ᠳᠤᠮᠳᠠ ᠪᠠᠭ᠎ᠠ ᠬᠡᠯᠪᠡᠷᠢ ᠶ᠋ᠢᠨ ᠰᠤᠷᠭᠠᠭᠤᠯᠢ ᠶ᠋ᠢᠨ ᠬᠤᠪᠴᠠᠰᠤ ᠦᠶ᠋ᠯᠡᠳᠪᠦᠷᠢᠯᠡᠬᠦ᠌ ᠠᠵᠤ ᠠᠬᠤᠢᠯᠠᠯ ᠤ᠋ᠨ ᠪᠠᠷᠢᠮᠵᠢᠶ᠎ᠠ ᠵᠢ ᠬᠡᠷᠡᠭ᠌ᠵᠢᠭᠦᠯᠬᠦ᠌ ᠨᠢ ᠪᠠᠭᠤᠷᠠᠶ᠂ ᠶᠠᠰᠤ ᠴᠢᠨᠠᠷ ᠢ᠋ ᠬᠠᠮᠢᠶᠠᠷᠤᠨ ᠡᠵᠡᠮᠳᠡᠬᠦ᠌ ᠨᠢ ᠴᠢᠩᠭ᠎ᠠ ᠪᠤᠰᠤ᠂ ᠰᠢᠯᠭᠠᠨ ᠬᠡᠮᠵᠢᠬᠦ᠌ ᠴᠢᠳᠠᠪᠤᠷᠢ ᠬᠦᠷᠦᠯᠴᠡᠬᠦ᠌ ᠥᠬᠡᠶ ᠵᠡᠷᠭᠡ ᠨᠡᠢᠲᠡᠯᠢᠭ ᠴᠢᠨᠠᠷᠲᠠᠶ ᠳᠤᠲᠠᠭᠤᠳᠠᠯ ᠳ᠋ᠤ ᠴᠢᠭ᠌ᠯᠡᠭᠦᠯᠦᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ 《ᠬᠢᠨᠠᠯᠲᠠ ᠬᠠᠮᠢᠶᠠᠷᠤᠯᠲᠠ + ᠦᠶ᠋ᠯᠡᠴᠢᠯᠡᠭᠡ + ᠬᠠᠮᠲᠤ ᠪᠡᠷ ᠵᠠᠰᠠᠬᠤ》 ᠪᠥᠬᠥ᠌ ᠬᠡᠯᠬᠢᠶ᠎ᠡ ᠶ᠋ᠢᠨ ᠰᠢᠰᠲᠸᠮ ᠢ᠋ ᠪᠠᠢᠭᠤᠯᠵᠤ᠂ ᠣᠯᠠᠨ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠵᠢ ᠤᠨᠤᠴᠠᠲᠠᠢ ᠪᠡᠷ ᠬᠡᠷᠡᠭ᠌ᠵᠢᠭᠦᠯᠪᠡ᠃

ᠬᠠᠪᠰᠤᠷᠤᠨ ᠲᠡᠳᠬᠦᠬᠦ᠌ ᠠᠬᠢᠴᠠ᠎ᠳᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠰᠦᠯᠵᠢᠶᠡᠨ ᠳᠡᠭᠡᠷᠡᠬᠢ ᠪᠠ ᠲᠤᠬᠠᠢ ᠶ᠋ᠢᠨ ᠲᠠᠯᠠᠪᠤᠷ ᠤ᠋ᠨ ᠲᠤᠰᠭᠠᠶ ᠰᠡᠳᠦᠪᠲᠦ ᠪᠣᠯᠪᠠᠰᠤᠷᠠᠯ ᠥᠷᠨᠢᠭᠦᠯᠦᠨ ᠵᠠᠩᠭᠢᠯᠠᠭ᠎ᠠ ᠶ᠋ᠢᠨ ᠶᠠᠰᠤ ᠴᠢᠨᠠᠷ ᠤ᠋ᠨ ᠭᠦᠶ᠋ᠴᠡᠳᠭᠡᠯ ᠲᠣᠭ᠎ᠠ ᠵᠢ ᠨᠠᠷᠢᠨ ᠲᠠᠢᠯᠪᠤᠷᠢᠯᠠᠬᠤ ᠶ᠋ᠢᠨ ᠬᠠᠮᠲᠤ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠷᠬᠡᠭ᠌ᠯᠢᠭ ᠤ᠋ᠨ ᠶᠠᠰᠤ ᠴᠢᠨᠠᠷ ᠢ᠋ ᠬᠢᠨᠠᠨ ᠬᠡᠮᠵᠢᠬᠦ ᠲᠥᠪ ᠲᠦ᠍ ᠲᠦᠱᠢᠭ᠌ᠯᠡᠨ᠂ 40 ᠭᠠᠷᠤᠶ ᠰᠤᠷᠭᠠᠭᠤᠯᠢ ᠶ᠋ᠢᠨ ᠬᠤᠪᠴᠠᠰᠤ ᠦᠶ᠋ᠯᠡᠳᠪᠦᠷᠢᠯᠡᠬᠦ᠌ ᠠᠵᠤ ᠠᠬᠤᠢᠯᠠᠯ ᠳ᠋ᠤ 《ᠨᠢᠭᠡ ᠠᠵᠤ ᠠᠬᠤᠢᠯᠠᠯ ᠳ᠋ᠤ ᠨᠢᠭᠡ ᠠᠷᠭ᠎ᠠ ᠪᠣᠳᠣᠯᠭ᠎ᠠ ᠲᠣᠭ᠍ᠲᠠᠭᠠᠬᠤ》 ᠵᠢ ᠬᠡᠷᠡᠭᠵᠢᠭᠦᠯᠵᠦ᠂ ᠪᠠᠷᠢᠮᠵᠢᠶ᠎ᠠ ᠵᠢ ᠨᠠᠢᠳᠠᠪᠤᠷᠢᠵᠢᠭᠤᠯᠬᠤ ᠂ ᠤᠷ᠎ᠠ ᠮᠡᠷᠭᠡᠵᠢᠯ ᠢ᠋ ᠱᠢᠯᠢᠳᠡᠭ᠌ᠵᠢᠭᠦᠯᠬᠦ᠌᠂ ᠰᠢᠯᠭᠠᠨ ᠪᠠᠢᠴᠠᠭᠠᠵᠤ ᠬᠢᠨᠠᠨ ᠬᠡᠮᠵᠢᠬᠦ ᠵᠡᠷᠭᠡ ᠬᠦᠴᠢᠷ ᠠᠰᠠᠭᠤᠳᠠᠯ ᠢ᠋ ᠣᠨᠤᠴᠠᠲᠠᠢ ᠱᠢᠶ᠋ᠳᠪᠦᠷᠢᠯᠡᠪᠡ᠃ 2025 ᠣᠨ ᠳ᠋ᠤ ᠠᠵᠤ ᠠᠬᠤᠢᠯᠠᠯ ᠪᠠ ᠰᠤᠷᠭᠠᠭᠤᠯᠢ ᠶ᠋ᠢᠨ ᠱᠢᠯᠭᠠᠨ ᠬᠡᠮᠵᠢᠬᠦ ᠵᠠᠷᠤᠳᠠᠯ ᠢ᠋ ᠨᠡᠢᠲᠡ 1660 ᠭᠠᠷᠤᠶ ᠲᠦᠮᠡᠨ ᠲᠥᠭᠥᠷᠢᠭ ᠬᠠᠰᠤᠵᠤ ᠬᠡᠯᠲᠦᠷᠢᠭᠦᠯᠵᠦ᠍᠂ ᠠᠵᠤ ᠠᠬᠤᠢᠯᠠᠯ ᠤ᠋ᠨ ᠥᠪᠡᠰᠦᠪᠡᠨ ᠰᠢᠯᠭᠠᠨ ᠬᠡᠮᠵᠢᠬᠦ ᠥᠪᠡᠷ ᠤ᠋ᠨ ᠥᠷᠲᠡᠭ ᠥᠨᠳᠥᠷ᠂ ᠱᠢᠯᠭᠠᠨ ᠬᠡᠮᠵᠢᠬᠦ ᠴᠢᠳᠠᠪᠤᠷᠢ ᠬᠦᠷᠦᠯᠴᠡᠬᠦ᠌ ᠥᠬᠡᠶ ᠪᠠᠢᠬᠤ ᠬᠦᠴᠢᠷ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠪᠡ᠃

ᠬᠢᠨᠠᠨ ᠬᠠᠮᠢᠶᠠᠷᠬᠤ ᠲᠠᠯ᠎ᠠ ᠪᠠᠷ᠂ ᠥᠪᠥᠷ ᠮᠣᠩᠭᠣᠯ ᠣᠢᠷ᠎ᠠ ᠶ᠋ᠢᠨ 3 ᠵᠢᠯ᠎ᠳᠦ ᠨᠡᠢᠲᠡ 372 ᠪᠦᠯᠦᠭ ᠤᠳᠠᠭ᠎ᠠ ᠶ᠋ᠢᠨ ᠰᠤᠷᠭᠠᠭᠤᠯᠢ ᠶ᠋ᠢᠨ ᠬᠤᠪᠴᠠᠰᠤ ᠶ᠋ᠢᠨ ᠦᠶ᠋ᠯᠡᠳᠬᠦᠨ ᠢ᠋ ᠰᠤᠭᠤᠴᠢᠨ ᠪᠠᠢᠴᠠᠭᠠᠵᠤ᠂ ᠬᠢᠷᠢ ᠲᠡᠩᠴᠡᠭᠦ᠌ ᠥᠬᠡᠶ ᠦᠶ᠋ᠯᠡᠳᠬᠦᠨ ᠵᠢᠴᠢ ᠠᠵᠤ ᠠᠬᠤᠢᠯᠠᠯ ᠢ᠋ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠬᠦ᠌ ᠶ᠋ᠢᠨ ᠬᠠᠮᠲᠤ ᠮᠥᠷᠳᠡᠨ ᠳᠠᠬᠢᠨ ᠪᠠᠢᠴᠠᠭᠠᠵᠤ᠂ ᠶᠠᠰᠤ ᠴᠢᠨᠠᠷ ᠤ᠋ᠨ ᠠᠰᠠᠭᠤᠳᠠᠯ ᠤ᠋ᠨ ᠪᠥᠬᠥ᠌ ᠶᠠᠪᠤᠴᠠ ᠶ᠋ᠢᠨ ᠪᠢᠲᠡᠭᠦᠮᠵᠢᠯᠡᠭ᠌ᠰᠡᠨ ᠬᠠᠮᠢᠶᠠᠷᠤᠯᠲᠠ ᠵᠢ ᠪᠡᠶᠡᠯᠡᠭᠦᠯᠪᠡ᠃ 59 ᠦᠶ᠋ᠯᠡᠳᠪᠦᠷᠢᠯᠡᠯ ᠤ᠋ᠨ ᠠᠵᠤ ᠠᠬᠤᠢᠯᠠᠯ ᠤ᠋ᠨ ᠰᠤᠷᠭᠠᠭᠤᠯᠢ ᠶ᠋ᠢᠨ ᠬᠤᠪᠴᠠᠰᠤ ᠶ᠋ᠢᠨ 《ᠨᠢᠭᠡ ᠬᠤᠪᠴᠠᠰᠤ ᠳ᠋ᠤ ᠨᠢᠭᠡ ᠺᠤᠳ᠋ ᠪᠠᠢᠬᠤ》 ᠮᠥᠷᠳᠡᠯᠲᠡ ᠵᠢ ᠨᠠᠢᠳᠠᠪᠤᠷᠢᠵᠢᠭᠤᠯᠬᠤ ᠵᠢ ᠠᠬᠢᠭᠤᠯᠵᠤ᠂ ᠦᠶ᠋ᠯᠡᠳᠬᠦᠨ ᠤ᠋ 《ᠢᠷᠡᠯᠲᠡ ᠵᠢ ᠪᠠᠢᠴᠠᠭᠠᠵᠤ ᠪᠣᠯᠬᠤ᠂ ᠬᠠᠨᠳᠤᠰᠢ ᠵᠢ ᠮᠦᠷᠳᠡᠵᠦ ᠪᠤᠯᠬᠤ᠂ ᠬᠠᠷᠢᠭᠤᠴᠠᠯᠭ᠎ᠠ ᠵᠢ ᠨᠡᠬᠡᠮᠵᠢᠯᠡᠵᠦ᠍ ᠪᠣᠯᠬᠤ》  ᠵᠢ ᠪᠡᠶᠡᠯᠡᠭᠦᠯᠪᠡ᠃

ᠱᠢᠰᠲ᠋ᠧᠮ ᠲᠠᠢ ᠬᠠᠪᠰᠤᠷᠤᠨ ᠲᠡᠳᠬᠦᠬᠦ᠌ ᠪᠡᠷ ᠳᠡᠮᠵᠢᠨ᠂ ᠥᠪᠥᠷ ᠮᠣᠩᠭᠣᠯ ᠤ᠋ᠨ ᠰᠤᠷᠭᠠᠭᠤᠯᠢ ᠶ᠋ᠢᠨ ᠬᠤᠪᠴᠠᠰᠤ ᠦᠶ᠋ᠯᠡᠳᠪᠦᠷᠢᠯᠡᠬᠦ᠌ ᠠᠵᠤ ᠠᠬᠤᠢᠯᠠᠯ ᠤ᠋ᠨ ᠶᠠᠰᠤ ᠴᠢᠨᠠᠷ ᠤ᠋ᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢᠨ ᠦᠵᠡᠯ ᠤᠬᠠᠮᠰᠠᠷ ᠪᠠ ᠶᠠᠰᠤ ᠴᠢᠨᠠᠷ ᠤ᠋ᠨ ᠬᠠᠮᠢᠶᠠᠷᠤᠯᠲᠠ ᠶ᠋ᠢᠨ ᠲᠦᠪᠱᠢᠨ ᠶᠡᠬᠡ ᠪᠡᠷ ᠳᠡᠭᠡᠭ᠌ᠰᠢᠯᠡᠵᠦ᠍᠂ ᠦᠶ᠋ᠯᠡᠳᠬᠦᠨ ᠤ᠋ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠳ᠋ᠤ ᠬᠢᠷᠢ ᠲᠡᠩᠴᠡᠭ᠌ᠰᠡᠨ ᠥᠬᠡᠶ ᠨᠣᠷᠮ᠎ᠠ 2023 ᠣᠨ ᠳ᠋ᠤ 10% ᠪᠠᠢᠭ᠍ᠰᠠᠨ ᠡᠴᠡ ᠪᠠᠨ 2025 ᠣᠨ ᠳ᠋ᠤ 4.5% ᠪᠣᠯᠵᠣ ᠪᠠᠭᠤᠷᠠᠪᠠ᠃ 《ᠬᠢᠨᠠᠯᠲᠠ ᠬᠠᠮᠢᠶᠠᠷᠤᠯᠲᠠ + ᠦᠶ᠋ᠯᠡᠴᠢᠯᠡᠭᠡ + ᠬᠠᠮᠲᠤ ᠪᠡᠷ ᠵᠠᠰᠠᠬᠤ》 ᠪᠡᠷ ᠭᠤᠤᠯ ᠪᠣᠯᠭᠠᠭ᠍ᠰᠠᠨ ᠣᠷᠳᠣ ᠬᠤᠭᠤᠴᠠᠭᠠᠨ ᠤ᠋ ᠪᠦᠲᠦᠮᠵᠢᠲᠡᠶ ᠪᠢᠲᠡᠭᠦᠮᠵᠢᠯᠡᠭ᠌ᠰᠡᠨ ᠬᠠᠮᠢᠶᠠᠷᠤᠯᠲᠠ ᠶ᠋ᠢᠨ ᠱᠢᠰᠲ᠋ᠧᠮ ᠨᠢ ᠵᠠᠯᠠᠭᠤᠴᠤᠳ ᠪᠠᠭᠠᠴᠤᠳ ᠤ᠋ᠨ ᠡᠷᠡᠭᠦᠯ ᠢ᠋ᠶ᠋ᠡᠷ ᠦᠰᠦᠨ ᠪᠣᠢᠵᠢᠬᠤ ᠵᠢ ᠬᠠᠮᠠᠭᠠᠯᠠᠬᠤ᠂ ᠰᠤᠷᠤᠭ᠍ᠴᠢᠳ ᠤ᠋ᠨ ᠬᠡᠷᠡᠭ᠌ᠯᠡᠭᠡᠨ ᠤ᠋ ᠵᠦᠶ᠋ᠯ ᠤ᠋ᠨ ᠶᠠᠰᠤ ᠴᠢᠨᠠᠷ ᠤ᠋ᠨ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠴᠣᠭ᠍ᠴᠠᠯᠠᠬᠤ ᠳ᠋ᠤ ᠪᠠᠲᠤ ᠪᠠᠬᠢ ᠪᠠᠲᠤᠯᠠᠭ᠎ᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号