5 ᠰᠠᠷ᠎ᠠ᠎ᠶᠢᠨ 11᠎ᠤ᠋ ᠡᠳᠦᠷ᠂ 2026 ᠣᠨ᠎ᠤ ᠦᠪᠦᠷ ᠮᠤᠩᠭᠤᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ᠎ᠤ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠭᠠᠷᠠᠭ᠎ᠤᠨ ᠠᠵᠢᠯᠯᠠᠭ᠎ᠠ ᠵᠢᠨ ᠡᠬᠢᠯᠡᠯᠲᠡ᠎ᠶᠢᠨ ᠶᠣᠰᠣᠯᠠᠯ ᠵᠢᠴᠢ ᠭᠠᠵᠠᠷ ᠬᠥᠳᠡᠯᠦᠯᠲᠡ ᠭᠠᠯ᠎ᠤᠨ ᠭᠠᠮᠰᠢᠭ᠋ ᠠ᠋ᠴᠠ ᠳᠤᠳᠠᠭᠠᠬᠤ ᠪᠠ ᠠᠪᠤᠷᠠᠨ ᠲᠤᠰᠠᠯᠠᠬᠤ ᠶᠡᠷᠦᠩᠬᠡᠢᠯᠡᠭᠰᠡᠨ ᠰᠣᠷᠢᠯᠲᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠂ ᠤᠯᠠᠭᠠᠨ ᠵᠠᠭᠠᠯᠮᠠᠶ᠋ᠢᠲᠠᠨᠤ ᠨᠡᠢᠭᠡᠮᠯᠢᠭ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠵᠠᠷ ᠬᠥᠳᠡᠯᠦᠯᠲᠡ᠎ᠶᠢᠨ ᠲᠣᠪᠴᠢᠶ᠎ᠠ ᠠ᠋ᠴᠠ ᠬᠠᠮᠲᠤᠷᠠᠨ ᠡᠷᠭᠢᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ᠎ᠤ ᠳᠠᠮᠵᠢᠭᠤᠯᠭ᠎ᠠ᠎ᠶᠢᠨ ᠲᠥᠪ᠎ᠡᠴᠡ ᠳᠠᠭᠠᠭᠠᠨ ᠡᠷᠭᠢᠯᠡᠪᠡ᠃
ᠠᠵᠢᠯᠯᠠᠭ᠎ᠠ ᠨᠢ 《ᠬᠥᠮᠥᠨ ᠪᠣᠯᠭᠠᠨ ᠠᠮᠤᠷ ᠲᠦᠪᠰᠢᠨ᠎ᠢ ᠡᠷᠬᠢᠮᠯᠡᠵᠦ᠂ ᠬᠦᠮᠦᠨ ᠪᠤᠯᠭᠠᠨ ᠪᠠᠴᠢᠮ ᠪᠠᠢᠳᠠᠯ᠎ᠢ ᠠᠷᠭᠠᠴᠠᠭᠠᠬᠤ — ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠴᠢᠳᠠᠪᠤᠷᠢ᠎ᠪᠠᠨ ᠳᠡᠭᠡᠭᠰᠢᠯᠡᠭᠦᠯᠬᠦ》 ᠭᠣᠣᠯ ᠰᠡᠳᠦᠪ᠎ᠤᠨ ᠳᠤᠭᠤᠷᠢᠨ ᠳ᠋ᠤ ᠠᠶᠤᠯ ᠠ᠋ᠴᠠ ᠵᠠᠢᠯᠠᠵᠤ ᠠᠪᠤᠷᠠᠨ ᠲᠤᠰᠠᠯᠠᠬᠤ ᠶᠡᠷᠦᠩᠬᠡᠢᠯᠡᠭᠰᠡᠨ ᠰᠣᠷᠢᠯᠲᠠ ᠦᠷᠨᠢᠬᠦᠯᠬᠦ ᠪᠡᠷ ᠳᠠᠮᠵᠢᠭᠤᠯᠵᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠶ᠋ᠢ ᠣᠢᠯᠠᠭᠠᠭᠤᠯᠵᠤ᠂ ᠠᠶᠤᠯ ᠠ᠋ᠴᠠ ᠵᠠᠢᠯᠠᠬᠤ ᠪᠠ ᠲᠦᠷᠭᠡᠨ ᠠᠪᠤᠷᠠᠬᠤ ᠶᠡᠷᠦ ᠶ᠋ᠢᠨ ᠮᠡᠳᠡᠯᠭᠡ ᠶ᠋ᠢ ᠡᠵᠡᠮᠰᠢᠭᠦᠯᠵᠦ᠂ ᠥᠪᠡᠷ ᠢ᠋ᠪᠡᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶ᠋ᠢ ᠳᠡᠬᠡᠭᠰᠢᠯᠡᠬᠦᠯᠪᠡ᠃ ᠲᠤᠬᠠᠢ᠎ᠶᠢᠨ ᠲᠠᠯᠠᠪᠠᠢ᠎ᠳᠤ ᠪᠠᠰᠠ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠦᠵᠡᠭᠦᠯᠭᠡ᠎ᠶᠢᠨ ᠲᠣᠭᠯᠠᠯᠲᠠ᠂ ᠪᠠᠴᠢᠮ ᠪᠠᠢᠳᠠᠯ᠎ᠢ ᠠᠷᠭᠠᠴᠠᠭᠠᠬᠤ ᠲᠥᠬᠦᠭᠡᠷᠦᠮᠵᠢ᠎ᠶᠢ ᠳᠡᠯᠭᠡᠨ ᠦᠵᠡᠭᠦᠯᠬᠦ ᠪᠠ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠵᠡᠢ᠃
ᠰᠤᠷᠭᠠᠨ ᠬᠥᠮᠦᠵᠢᠯ᠎ᠦᠨ ᠲᠢᠩᠬᠢᠮ᠎ᠡᠴᠡ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠠᠮᠤᠷ ᠲᠦᠪᠰᠢᠨ᠎ᠢᠶᠡᠷ ᠰᠤᠷᠭᠠᠭᠤᠯᠢ ᠡᠷᠭᠢᠯᠡᠬᠦ ᠬᠤᠷᠢᠭ᠎ᠠ ᠱᠤᠭᠤᠮ᠎ᠢ ᠢᠮᠠᠭᠲᠠ ᠪᠠᠲᠤ ᠰᠠᠬᠢᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠥᠮᠦᠵᠢᠯ᠎ᠢ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠲᠣᠪᠣᠢᠮ᠎ᠠ ᠪᠠᠢᠷᠢᠨ᠎ᠳᠤ ᠲᠠᠯᠪᠢᠵᠤ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ᠂ ᠪᠠᠴᠢᠮ ᠪᠠᠢᠳᠠᠯ᠎ᠢ ᠠᠷᠭᠠᠴᠠᠭᠠᠵᠤ ᠠᠶᠤᠯ ᠠ᠋ᠴᠠ ᠵᠠᠢᠯᠠᠬᠤ ᠮᠡᠷᠭᠡᠵᠢᠯ ᠴᠢᠳᠠᠪᠤᠷᠢ᠎ᠶᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠡᠳᠦᠷ ᠲᠤᠲᠤᠮ᠎ᠤᠨ ᠬᠠᠮᠢᠶᠠᠷᠤᠯᠲᠠ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶᠢᠨ ᠪᠥᠬᠥ ᠶᠠᠪᠤᠴᠠ᠎ᠳᠤ ᠪᠥᠬᠥ ᠲᠠᠯ᠎ᠠ᠎ᠪᠠᠷ ᠠᠭᠤᠰᠤᠯᠴᠠᠭᠤᠯᠤᠨ᠂ ᠪᠠᠭ᠍ᠰᠢ ᠰᠤᠷᠤᠭ᠍ᠴᠢᠳ᠎ᠢ ᠠᠮᠤᠷ ᠲᠦᠪᠰᠢᠨ᠎ᠦ ᠮᠡᠳᠡᠯᠭᠡ ᠤᠯᠠᠮᠵᠢᠯᠠᠭ᠍ᠴᠢ᠂ ᠪᠠᠴᠢᠮ ᠪᠠᠢᠳᠠᠯ᠎ᠢ ᠠᠷᠭᠠᠴᠠᠭᠠᠬᠤ ᠮᠡᠷᠭᠡᠵᠢᠯ ᠴᠢᠳᠠᠪᠤᠷᠢ᠎ᠶᠢ ᠦᠢᠯᠡᠳᠦᠯᠭᠡᠵᠢᠭᠦᠯᠦᠭᠴᠢ᠂ ᠠᠮᠤᠷ ᠠᠮᠤᠭᠤᠯᠠᠩ ᠰᠤᠷᠭᠠᠭᠤᠯᠢ᠎ᠶᠢᠨ ᠬᠦᠷᠢᠶᠡᠨ᠎ᠦ ᠰᠠᠬᠢᠨ ᠬᠠᠮᠠᠭᠠᠯᠠᠭ᠍ᠴᠢ ᠪᠣᠯᠭᠠᠬᠤ᠎ᠪᠠᠷ ᠴᠢᠷᠮᠠᠢᠬᠤ ᠬᠡᠷᠡᠭᠲᠡᠢ ᠬᠡᠵᠦ ᠴᠢᠬᠤᠯᠠᠴᠢᠯᠠᠪᠠ᠃
2026 ᠣᠨ᠎ᠤ ᠪᠥᠬᠥ ᠤᠯᠤᠰ᠎ᠤᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠡᠳᠦᠷ᠎ᠦᠨ ᠬᠣᠯᠪᠣᠭᠳᠠᠯ ᠪᠦᠬᠦᠢ ᠠᠵᠢᠯ᠎ᠤᠨ ᠪᠠᠢᠷᠢᠯᠠᠭᠤᠯᠤᠯᠲᠠ ᠶᠣᠰᠣᠭᠠᠷ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ 5 ᠰᠠᠷ᠎ᠠ᠎ᠶᠢᠨ 11᠎ᠤ᠋ ᠡᠳᠦᠷ᠎ᠡᠴᠡ 17᠎ᠤ᠋ ᠡᠳᠦᠷ ᠪᠣᠯᠲᠠᠯ᠎ᠠ 5 ᠵᠦᠢᠯ᠎ᠦᠨ ᠭᠣᠣᠯ ᠠᠵᠢᠯᠯᠠᠭ᠎ᠠ᠎ᠶᠢ ᠲᠤᠰᠬᠠᠢ ᠰᠡᠳᠦᠪ᠎ᠢᠶᠡᠷ ᠪᠠᠢᠷᠢᠯᠠᠭᠤᠯᠪᠠ᠃ ᠠᠵᠢᠯᠯᠠᠭ᠎ᠠ᠎ᠶᠢᠨ ᠬᠤᠭᠤᠴᠠᠭᠠᠨ᠎ᠳᠤ ᠪᠥᠬᠥ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ᠎ᠨᠤᠭᠤᠳ ᠲᠥᠪᠯᠡᠷᠡᠭᠦᠯᠦᠨ ᠰᠤᠷᠤᠯᠴᠠᠬᠤ᠂ ᠠᠶᠤᠯ ᠡᠴᠡ ᠵᠠᠢᠯᠠᠬᠤ ᠰᠣᠷᠢᠯᠲᠠ ᠬᠢᠬᠦ᠂ ᠲᠤᠰᠬᠠᠢ ᠰᠡᠳᠦᠪᠲᠦ ᠲᠠᠢᠯᠤᠮᠵᠢ ᠬᠢᠬᠦ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠥᠮᠦᠵᠢᠯ᠎ᠦᠨ ᠪᠦᠲᠦᠭᠡᠯ ᠡᠯᠰᠡᠬᠦ ᠵᠡᠷᠭᠡ ᠠᠵᠢᠯᠯᠠᠭ᠎ᠠ᠎ᠶᠢ ᠵᠡᠷᠭᠡ ᠪᠡᠷ ᠥᠷᠨᠢᠭᠦᠯᠬᠦ ᠪᠤᠯᠤᠨ᠎ᠠ᠃