ᠮᠠᠨ᠎ᠤ ᠤᠷᠤᠨ᠎ᠤ 2100 ᠭᠠᠷᠤᠢ ᠪᠠᠭ᠍ᠰᠢ ᠰᠣᠷᠣᠭ᠍ᠴᠢ ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠤᠷᠤᠯᠳᠤᠭᠠᠨ ᠳ᠋ᠤ ᠣᠷᠣᠯᠴᠠᠪᠠ
2026-05-12 11:19:44
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

 ᠤᠢᠷ᠎ᠠ ᠵᠢᠨ ᠡᠳᠦᠷ᠂ ᠠᠩᠬᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠠᠩᠬᠠᠨ᠎ᠤ ᠤᠷᠤᠯᠳᠤᠭᠠᠨ᠎ᠤ ᠡᠬᠢᠯᠡᠯᠲᠡ ᠵᠢᠨ ᠶᠣᠰᠣᠯᠠᠯ ᠵᠢᠴᠢ ᠬᠥᠬᠡᠬᠣᠲᠠ  ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠦᠵᠡᠭᠦᠯᠭᠡ  ᠶ᠋ᠢᠨ ᠠᠵᠢᠯᠯᠠᠭ᠎ᠠ ᠬᠥᠬᠡᠬᠣᠲᠠ  ᠶ᠋ᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠲᠥᠪ᠎ᠲᠦ ᠶᠠᠪᠤᠭᠳᠠᠪᠠ᠃ 《ᠵᠤᠬᠢᠶᠠᠮᠠᠯ ᠤᠶᠤᠨ ᠴᠢᠳᠠᠪᠤᠷᠢ᠎ᠵᠢᠨ ᠢᠪᠡᠬᠡᠯ ᠳ᠋ᠤ ᠦᠰᠦᠨ ᠪᠤᠢᠵᠢᠶ᠎ᠠ》 ᠬᠡᠬᠦ  ᠪᠡᠷ ᠭᠤᠤᠯ ᠰᠡᠳᠦᠪ ᠪᠤᠯᠭᠠᠭᠰᠠᠨ ᠲᠤᠰ ᠠᠵᠢᠯᠯᠠᠭ᠎ᠠ ᠳ᠋ᠤ ᠥᠪᠥᠷ ᠮᠣᠩᠭᠣᠯ᠎ᠤᠨ 12 ᠠᠢᠮᠠᠭ ᠬᠤᠳᠠ᠎ᠶᠢᠨ 2100 ᠭᠠᠷᠤᠢ ᠪᠠᠭ᠍ᠰᠢ ᠰᠤᠷᠤᠭ᠍ᠴᠢ ᠵᠢᠴᠢ 100 ᠭᠠᠷᠤᠢ ᠨᠢᠭᠡᠴᠢ᠎ᠤᠷᠤᠯᠴᠠᠵᠤ᠂ ᠤᠷᠤᠯᠳᠤᠭᠠᠨ᠂ ᠦᠷ᠎ᠡ ᠪᠦᠲᠦᠭᠡᠯ᠎ᠤᠨ ᠲᠡᠯᠭᠡᠨ ᠦᠵᠡᠬᠦᠯᠭᠡ᠂ ᠰᠤᠯᠢᠯᠴᠠᠭ᠎ᠠ ᠵᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠪᠡᠳᠡᠭᠰᠢ ᠴᠤᠭᠯᠠᠭᠠᠨ᠎ᠢ ᠡᠷᠬᠢᠯᠡᠭᠰᠡᠨ ᠪᠠᠢᠨ᠎ᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠤᠷᠤᠯᠳᠤᠭᠠᠨ᠎ᠳᠤ ᠣᠷᠣᠯᠴᠠᠭᠰᠠᠨ ᠰᠤᠷᠤᠭ᠍ᠴᠢᠳ ᠵᠣᠬᠢᠶᠠᠮᠠᠯ ᠤᠶᠤᠨ ᠴᠢᠳᠠᠪᠤᠷᠢ᠎ᠶᠢᠨ ᠬᠡᠷᠡᠭᠯᠡᠭᠡ᠂ ᠪᠦᠲᠦᠭᠡᠯᠴᠢ ᠲᠥᠰᠥᠪᠯᠡᠯ᠎ᠦᠨ ᠫᠷᠣᠭ᠌ᠷᠠᠮ ᠨᠠᠢᠷᠠᠭᠤᠯᠬᠤ᠂ ᠣᠶᠤᠨᠴᠢ ᠦᠢᠯᠡᠳᠬᠡᠯ ᠵᠡᠷᠭᠡ ᠲᠦᠷᠦᠯ ᠵᠦᠢᠯ᠎ᠦᠨ ᠲᠣᠭᠣᠷᠢᠨ᠎ᠳᠤ ᠬᠠᠮᠲᠤ ᠪᠠᠷ ᠮᠥᠷᠥᠢᠴᠡᠵᠦ᠂ ᠤᠷ᠎ᠠ ᠮᠡᠷᠭᠡᠵᠢᠯ᠎ᠢᠶᠡᠨ ᠰᠣᠯᠢᠯᠴᠠᠨ᠂ ᠴᠢᠷᠮᠠᠢᠨ ᠰᠡᠳᠬᠢᠬᠦ᠂ ᠵᠣᠷᠢᠭ᠍ᠲᠠᠢ᠎ᠪᠠᠷ ᠬᠠᠢᠨ ᠰᠦᠪᠡᠭᠴᠢᠯᠡᠬᠦ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ ᠵᠢ ᠭᠦᠢᠴᠡᠳ ᠢᠯᠡᠷᠡᠭᠦᠯᠪᠡ᠃  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠤᠷᠭᠠᠨ ᠬᠥᠮᠦᠵᠢᠯ᠎ᠦᠨ ᠦᠷ᠎ᠡ ᠪᠦᠲᠦᠭᠡᠯ᠎ᠦᠨ ᠲᠡᠯᠭᠡᠨ ᠦᠵᠡᠭᠦᠯᠭᠡ᠎ᠳᠦ ᠵᠣᠬᠢᠶᠠᠮᠠᠯ ᠤᠶᠤᠨ ᠴᠢᠳᠠᠪᠤᠷᠢ᠎ᠶᠢᠨ ᠬᠢᠴᠢᠶᠡᠯ᠎ᠦᠨ ᠪᠠᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠠᠭ᠎ᠠ ᠡᠭᠦᠳᠦᠯᠲᠡ᠂ ᠨᠠᠢᠷᠠᠭᠤᠯᠤᠨ ᠵᠤᠬᠢᠶᠠᠭᠰᠠᠠ  ᠫᠷᠣᠭ᠌ᠷᠠᠮ᠂ 3D ᠳᠠᠷᠤᠮᠠᠯᠯᠠᠯ᠂ ᠮᠠᠰᠢᠨ ᠬᠥᠮᠥᠨ᠂ VR ᠪᠡᠶᠡᠴᠢᠯᠡᠨ ᠣᠢᠯᠠᠭᠠᠯᠳᠠ᠂ ᠵᠢᠯᠣᠭᠣᠴᠢ ᠦᠭᠡᠢ ᠨᠢᠰᠬᠡᠯ ᠵᠡᠷᠭᠡ ᠰᠢᠯᠢᠳᠡᠭ ᠲᠦᠷᠦᠯ ᠵᠦᠢᠯ᠎ᠢ ᠲᠥᠪᠯᠡᠷᠡᠭᠦᠯᠦᠨ ᠳᠡᠯᠬᠡᠨ ᠦᠵᠡᠬᠦᠯᠵᠦ᠂ ᠪᠠᠭ᠍ᠰᠢ ᠰᠤᠷᠤᠭ᠍ᠴᠢᠳ ᠲᠤᠬᠠᠢ᠎ᠶᠢᠨ ᠲᠠᠯᠠᠪᠠᠢ᠎ᠳᠤ ᠪᠡᠶᠡᠴᠢᠯᠡᠨ ᠣᠢᠯᠠᠭᠠᠵᠤ᠂ ᠰᠣᠯᠢᠯᠴᠠᠨ ᠰᠤᠷᠤᠯᠴᠠᠵᠤ᠂ ᠬᠥᠬᠡᠬᠣᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠰᠢᠨ᠎ᠡ᠎ᠶᠢ ᠡᠭᠦᠳᠬᠦ ᠦᠢᠯᠡᠳᠦᠯᠭᠡ ᠪᠣᠯᠣᠨ ᠡᠯᠪᠡᠭ ᠪᠠᠶᠠᠯᠢᠭ᠋ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃

ᠲᠣᠰ ᠤᠳᠠᠭᠠᠨ᠎ᠤ ᠠᠵᠢᠯᠯᠠᠭ᠎ᠠ ᠨᠢ  ᠬᠦᠬᠡᠬᠤᠳᠠ᠎ᠶᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠲᠥᠪ᠎ᠦᠨ ᠰᠤᠷᠭᠠᠭᠤᠯᠢ᠎ᠶᠢᠨ ᠭᠠᠳᠠᠨᠠᠬᠢ ᠰᠤᠷᠭᠠᠨ ᠬᠥᠮᠦᠵᠢᠯ᠎ᠦᠨ ᠭᠣᠣᠯ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ᠂ ᠰᠤᠷᠭᠠᠭᠤᠯᠢ᠎ᠶᠢᠨ ᠳᠣᠲᠣᠨ᠎ᠠ ᠭᠠᠳᠠᠨ᠎ᠠ ᠬᠠᠮᠵᠢᠯᠴᠠᠨ ᠬᠥᠮᠥᠨ᠎ᠢ ᠬᠥᠮᠥᠵᠢᠭᠦᠯᠬᠦ᠎ᠶᠢ ᠪᠦᠲᠦᠮᠵᠢᠲᠡᠶ ᠠᠬᠢᠭᠤᠯᠵᠤ ᠂ ᠵᠠᠯᠠᠭᠤᠴᠤᠳ ᠪᠠᠭᠠᠴᠤᠳ᠎ᠲᠤ ᠠᠪᠢᠶᠠᠰ ᠴᠢᠳᠠᠪᠤᠷᠢ᠎ᠪᠠᠨ ᠭᠠᠢᠬᠠᠭᠤᠯᠬᠤ᠂ ᠣᠶᠤᠨ ᠤᠬᠠᠭᠠᠨ᠎ᠢᠶᠠᠨ ᠰᠡᠩᠬᠡᠷᠡᠭᠦᠯᠬᠦ ᠰᠢᠯᠢᠳᠡᠭ ᠲᠠᠪᠴᠠᠩ᠎ᠢ ᠪᠠᠢᠭᠤᠯᠵᠤ ᠥᠭᠭᠦᠭᠰᠡᠨ ᠪᠠᠢᠨ᠎ᠠ᠃ ᠡᠭᠦᠨ᠎ᠦ ᠬᠠᠮᠲᠤ᠂ ᠠᠵᠢᠯᠯᠠᠭ᠎ᠠ ᠨᠢ ᠵᠣᠬᠢᠶᠠᠮᠠᠯ ᠣᠶᠤᠨ ᠴᠢᠳᠠᠪᠤᠷᠢ ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠭ᠍ᠰᠢ᠎ᠵᠢᠨ ᠡᠩᠨᠡᠬᠡ ᠵᠢ ᠪᠠᠢᠭᠤᠯᠤᠨ ᠬᠦᠴᠦᠷᠬᠡᠭᠵᠢᠭᠦᠯᠬᠦ᠎ᠳᠦ ᠬᠦᠴᠦᠨ ᠨᠡᠮᠡᠷᠢᠯᠡᠵᠦ᠂ ᠰᠤᠷᠭᠠᠭᠤᠯᠢ᠎ᠶᠢᠨ ᠬᠦᠷᠢᠶᠡᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯᠯᠠᠭ᠎ᠠ᠎ᠶᠢ ᠪᠠᠶᠠᠯᠢᠭ᠍ᠵᠢᠭᠤᠯᠤᠨ᠂ ᠰᠢᠨ᠎ᠡ᠎ᠶᠢ ᠡᠭᠦᠳᠬᠦ ᠣᠷᠣᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ᠎ᠶᠢ ᠴᠢᠩᠭᠠᠳᠬᠠᠭᠰᠠᠨ ᠪᠠᠢᠨ᠎ᠠ᠃ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ ᠪᠠᠰᠠ ᠡᠯ᠎ᠡ ᠠᠢᠮᠠᠭ ᠬᠣᠲᠠ᠎ᠶᠢᠨ ᠰᠤᠷᠭᠠᠨ ᠬᠥᠮᠦᠵᠢᠯ᠎ᠦᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠰᠢᠯᠢᠳᠡᠭ ᠰᠢᠨᠵᠢᠯᠡᠬᠦ ᠤᠬᠠᠭᠠᠨ᠎ᠤ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠎ᠶᠢ ᠪᠡᠶᠡᠯᠡᠭᠦᠯᠵᠦ᠂ ᠪᠥᠬᠥ ᠣᠷᠣᠨ᠎ᠤ ᠬᠡᠪ ᠴᠢᠨᠠᠷ᠎ᠤᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠬᠠᠮᠵᠢᠯᠴᠠᠨ ᠳᠡᠭᠡᠭᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号