ᠬᠣᠴᠣᠷᠤᠩᠭᠤᠶ ᠲᠣᠰᠭᠣᠨ᠎ᠠᠴᠠ ᠵᠢᠱ᠌ᠢᠶ᠎ᠡ ᠦᠵᠡᠭᠦᠯᠬᠦ᠌ ᠲᠣᠰᠭᠣᠨ ᠪᠤᠯᠤᠯ᠎ᠠ
2026-05-12 09:28:52
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

— ᠨᠠᠶ᠋ᠮᠠᠨ ᠬᠣᠱᠢᠭᠤᠨ᠎ᠤ ᠯᠢᠦ ᠵᠢᠶᠠ ᠪᠦᠦ ᠲᠣᠰᠭᠣᠨ᠎ᠤ ᠨᠠᠮ᠎ᠤᠨ ᠡᠭᠦᠷ ᠬᠥᠳᠡᠭᠡ ᠲᠣᠰᠭᠣᠨ᠎ᠤ ᠵᠠᠰᠠᠯᠲᠠ᠎ᠶ᠋ᠢᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠪᠡ


ᠦᠷᠯᠦᠭᠡ ᠵᠢᠨ ᠨᠠᠷᠠ᠎ᠶ᠋ᠢ ᠤᠭ᠍ᠲᠤᠨ᠂ ᠲᠦᠩᠯᠢᠶᠣᠤ ᠬᠤᠳᠠ᠎ᠶ᠋ᠢᠨ ᠨᠠᠢ᠍ᠮᠠᠨ ᠬᠣᠱᠢᠭᠤᠨ᠎ᠤ ᠲᠠᠴᠢᠨᠲᠠᠯ᠎ᠠ ᠪᠠᠯᠭᠠᠰᠤ᠎ᠶ᠋ᠢᠨ ᠯᠢᠦ ᠵᠢᠶᠠ ᠪᠦᠦ ᠲᠣᠰᠭᠣᠨ᠎ᠳᠤ ᠬᠦᠷᠬᠦ᠌᠎ᠳᠦ᠂ ᠲᠤᠯᠠᠭᠠᠨ ᠬᠦᠯᠡᠮᠵᠢ ᠨᠢ ᠨᠣᠭᠣᠭᠠᠨ ᠦᠩᠭᠡ ᠪᠡᠷ ᠴᠢᠮᠡᠭᠳᠡᠵᠦ᠂ ᠡᠯᠡᠰᠦᠨ ᠲᠡᠭᠡᠷ᠎ᠠ ᠵᠢᠭᠳᠡᠷᠡᠭᠰᠡᠨ ᠭᠡᠷᠡᠯᠴᠢ ᠴᠡᠨᠡᠭ᠎ᠦᠨ ᠬᠠᠪᠲᠠᠰᠤ ᠨᠡᠷᠡᠨ ᠭᠡᠷᠡᠯ ᠳ᠋ᠤ ᠬᠢᠯᠠᠯᠵᠠᠨ᠎ᠠ; ᠲᠣᠰᠭᠣᠨ᠎ᠤ ᠰᠣᠶᠣᠯ᠎ᠤᠨ ᠠᠭᠤᠳᠠᠮ ᠲᠠᠯᠠᠪᠠᠢ᠎ᠳᠤ ᠤᠯᠠᠨ ᠲᠦᠮᠡᠨ ᠪᠡᠢ᠎ᠠ ᠪᠣᠯᠪᠠᠰᠤᠷᠠᠨ᠎ᠠ᠃

ᠪᠠᠯᠭᠠᠰᠤᠨ᠎ᠤ ᠲᠡᠭᠦᠷᠭᠡ᠎ᠳᠡᠬᠢ ᠲᠣᠰᠭᠣᠨ ᠪᠣᠯᠤᠭ᠍ᠰᠠᠨ᠎ᠤ ᠬᠤᠪᠢ᠎ᠳᠤ᠂ ᠯᠢᠦ ᠵᠢᠶᠠ ᠪᠦᠦ ᠲᠣᠰᠭᠣᠨ ᠥᠩᠭᠡᠷᠡᠭ᠌ᠰᠡᠨ᠎ᠳᠦ ᠠᠵᠤ ᠦᠢᠯᠡᠰ᠎ᠦᠨ ᠪᠦᠲᠦᠴᠡ ᠲᠠᠩ ᠴᠤᠯᠭᠤᠢ᠂ ᠲᠣᠰᠭᠣᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ ᠢᠪᠴᠤᠤ ᠪᠠᠢᠪᠠ᠃ ᠤᠢ᠍ᠢᠷ᠎ᠠ᠎ᠶ᠋ᠢᠨ ᠵᠢᠯ ᠳ᠋ᠤ᠂ ᠲᠣᠰᠭᠣᠨ᠎ᠤ ᠨᠠᠮ᠎ᠤᠨ ᠡᠭᠦᠷ ᠦᠨᠳᠦᠰᠦᠨ ᠱᠠᠲᠤᠨ᠎ᠤ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠪᠣᠳᠠᠲᠠᠢ᠎ᠳᠤ ᠰᠠᠭᠤᠷᠢᠯᠠᠨ ᠭᠠᠵᠠᠷ ᠱᠢᠷᠣᠢ᠎ᠶ᠋ᠢᠨ ᠡᠬᠢ ᠪᠠᠶᠠᠯᠢᠭ᠎ᠢ ᠠᠮᠢᠯᠠᠭᠤᠯᠵᠤ᠂ ᠵᠠᠰᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠥᠩᠭᠡᠷᠡᠭ᠌ᠰᠡᠨ᠎ᠦ ᠬᠣᠴᠣᠷᠤᠩᠭᠤᠢ ᠲᠣᠰᠭᠣᠨ᠎ᠢ᠋ ᠠᠵᠤ ᠦᠢᠯᠡᠰ ᠤᠯᠠᠨ ᠡᠱᠢᠵᠢᠭ᠌ᠰᠡᠨ᠂ ᠵᠠᠰᠠᠯᠲᠠ ᠨᠢ ᠡᠮᠬᠢ ᠵᠢᠷᠤᠮ᠎ᠲᠠᠶ᠂ ᠪᠣᠯᠪᠠᠰᠤᠨ ᠡᠶ᠎ᠡ ᠵᠣᠬᠢᠴᠠᠩᠭᠤᠢ ᠵᠢᠱ᠌ᠢᠢ᠎ᠡ ᠦᠵᠡᠭᠦᠯᠬᠦ᠌ ᠲᠣᠰᠭᠣᠨ ᠪᠣᠯᠭᠠᠨ ᠬᠤᠪᠢᠷᠠᠭᠤᠯᠪᠠ᠃

2019 ᠣᠨ᠎ᠳᠤ᠂ ᠲᠣᠰᠭᠣᠨ᠎ᠤ ᠨᠠᠮ᠎ᠤᠨ ᠡᠭᠦᠷ ᠠᠵᠤ ᠦᠶ᠋ᠯᠡᠰ᠎ᠦᠨ ᠪᠠᠢᠷᠢᠱᠢᠭᠤᠯᠤᠯᠲᠠ᠎ᠪᠠᠨ ᠱᠢᠯᠢᠳᠡᠭ᠌ᠵᠢᠭᠦᠯᠵᠦ᠍᠂ 《ᠨᠠᠮ᠎ᠤᠨ ᠡᠭᠦᠷ + ᠲᠠᠷᠢᠶᠠᠯᠠᠬᠤ ᠡᠷᠦᠬᠡ》 ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂ 1700 ᠭᠠᠷᠤᠶ ᠮᠥ᠍ ᠲᠠᠷᠢᠶᠠᠨ ᠭᠠᠵᠠᠷ ᠤ᠋ᠨ ᠡᠵᠡᠩᠨᠡᠯᠲᠡ ᠵᠢᠨ ᠡᠷᠭᠡ ᠵᠢ ᠬᠦᠶᠦᠯᠭᠡᠵᠦ᠂ ᠪᠥᠬᠥ᠌ ᠲᠣᠰᠭᠣᠨ᠎ᠤ ᠭᠠᠵᠠᠷ ᠱᠢᠷᠣᠶ᠎ᠶ᠋ᠢᠨ ᠵᠢᠷᠭᠤᠭᠠᠨ ᠬᠤᠪᠢ᠎ᠠᠴᠠ ᠳᠡᠭᠡᠭ᠌ᠰᠢᠬᠢ᠎ᠶ᠋ᠢ ᠡᠵᠡᠯᠡᠵᠦ᠍᠂ ᠭᠠᠵᠠᠷ ᠱᠢᠷᠣᠶ᠎ᠶ᠋ᠢᠨ ᠡᠷᠴᠢᠮᠵᠢᠭ᠌ᠰᠡᠨ᠂ ᠬᠡᠪᠴᠢᠶᠡᠵᠢᠭ᠌ᠰᠡᠨ ᠡᠵᠡᠩᠨᠡᠯᠲᠡ᠎ᠶ᠋ᠢ ᠪᠡᠶᠡᠯᠡᠭᠦᠯᠵᠦ᠍ ᠂ 300 ᠱᠢᠬᠠᠮ ᠬᠥᠮᠦᠨ ᠢ᠋ ᠳᠠᠢᠴᠢᠯᠠᠨ ᠤᠢᠷ᠎ᠠ ᠬᠠᠪᠢ᠎ᠳᠠᠭᠠᠨ ᠠᠵᠢᠯ ᠬᠢᠯᠭᠡᠵᠦ᠂ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ 5000 ᠲᠥᠭᠥᠷᠢᠭ ᠨᠡᠮᠡᠭ᠌ᠳᠡᠭᠦᠯᠪᠡ᠃ ᠲᠤᠰ ᠵᠢᠯ᠎ᠳᠦ᠂ ᠲᠣᠰᠭᠣᠨ᠎ᠤ ᠨᠠᠮ᠎ᠤᠨ ᠡᠭᠦᠷ ᠲᠦᠷᠦᠯ ᠵᠦᠢᠯ᠎ᠦᠨ ᠪᠡᠯᠡ ᠮᠥᠩᠭᠥ᠎ᠶ᠋ᠢ ᠨᠡᠢᠳᠭᠡᠵᠦ᠍᠂ 16 ᠳᠤᠯᠠᠭᠠᠨ ᠬᠦᠯᠡᠮᠵᠢ᠎ᠶ᠋ᠢ ᠪᠠᠢᠭᠤᠯᠵᠤ᠂ 30 ᠲᠣᠰᠭᠣᠨ᠎ᠤ ᠠᠷᠠᠳ ᠭᠡᠷ᠎ᠦᠨ᠎ᠢᠶᠡᠨ ᠡᠭᠦᠳᠡᠨ᠎ᠳᠤ ᠠᠵᠢᠯ ᠣᠯᠵᠤ᠂ ᠬᠥᠮᠦᠨ ᠳᠤᠮᠳᠠᠴᠢ᠎ᠶ᠋ᠢᠨ ᠵᠢᠯ᠎ᠦᠨ ᠣᠷᠣᠯᠭ᠎ᠠ ᠨᠢ ᠲᠦᠮᠡ ᠱᠢᠬᠠᠮ ᠲᠥᠭᠥᠷᠢᠭ᠎ᠲᠦ ᠬᠦᠷᠴᠦ᠍᠂ ᠵᠢᠯ ᠪᠦᠷᠢ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠣᠷᠣᠯᠭ᠎ᠠ᠎ᠶ᠋ᠢ 20 ᠭᠠᠷᠤᠢ ᠲᠦᠮᠡᠨ ᠲᠥᠭᠥᠷᠢᠭ ᠨᠡᠮᠡᠭ᠌ᠳᠡᠭᠦᠯᠪᠡ᠃ ᠡᠭᠦᠨ᠎ᠡᠴᠡ ᠭᠠᠳᠠᠨ᠎ᠠ᠂ ᠲᠣᠰᠭᠣᠨ᠎ᠤ ᠨᠠᠮ᠎ᠤᠨ ᠡᠭᠦᠷ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠢ ᠢᠳᠡᠪᠬᠢᠲᠡᠶ ᠳᠡᠮᠡᠴᠡᠨ ᠣᠯᠵᠤ᠂ ᠲᠣᠰᠭᠣᠨ᠎ᠤ ᠠᠷᠠᠳ᠎ᠢ ᠳᠠᠢᠴᠢᠯᠠᠨ ᠰᠤᠯᠠ ᠬᠠᠶᠠᠭ᠍ᠳᠠᠵᠤ ᠪᠠᠢᠭ᠎ᠠ ᠡᠯᠡᠰᠦᠷᠬᠡᠭ ᠭᠠᠵᠠᠷ᠎ᠢ ᠳᠠᠭᠠᠭᠠᠴᠢᠯᠠᠭᠤᠯᠵᠤ᠂ 200 ᠮᠥ᠍ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠲᠥᠷᠥᠯ ᠵᠦᠶ᠋ᠯ᠎ᠢ ᠪᠥᠲᠥᠭᠡᠨ ᠪᠠᠢᠭᠤᠯᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠵᠢᠨ ᠣᠷᠣᠯᠭ᠎ᠠ ᠵᠢ ᠵᠢᠯ ᠪᠦᠷᠢ 2 ᠲᠦᠮᠡ ᠭᠠᠷᠤᠶ ᠲᠥᠭᠥᠷᠢᠭ ᠨᠡᠮᠡᠭ᠌ᠳᠡᠭᠦᠯᠪᠡ᠃ ᠭᠠᠵᠠᠷ ᠱᠢᠷᠣᠶ᠎ᠶ᠋ᠢᠨ ᠬᠡᠪᠴᠢᠶᠡᠵᠢᠭ᠌ᠰᠡᠨ ᠡᠵᠡᠩᠨᠡᠯᠲᠡ᠂ ᠲᠦᠬᠦᠭᠡᠷᠤᠮᠵᠢᠳᠤ ᠲᠠᠷᠢᠶᠠᠯᠠᠩ᠂ ᠬᠡᠷᠡᠯᠴᠢ ᠴᠡᠨᠡᠭ᠎ᠦᠨ ᠲᠥᠷᠥᠯ ᠵᠦᠶ᠋ᠯ ᠵᠡᠷᠭᠡ ᠭᠤᠷᠪᠠᠨ ᠶᠡᠬᠡ ᠲᠤᠯᠭᠠᠭᠤᠷᠢ ᠠᠵᠤ ᠦᠶ᠋ᠯᠡᠰ᠎ᠢ᠋ ᠪᠦᠷᠢᠯᠳᠦᠬᠦᠯᠵᠦ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠢᠯ ᠳᠠᠷᠠᠭᠠᠯᠠᠨ ᠨᠡᠮᠡᠭ᠌ᠳᠡᠬᠦ᠌᠎ᠶ᠋ᠢ ᠠᠬᠢᠭᠤᠯᠵᠤ᠂ 2025 ᠣᠨ᠎ᠳᠤ 38 ᠲᠦᠮᠡᠨ ᠲᠥᠭᠥᠷᠢᠭ᠎ᠲᠦ ᠬᠦᠷᠴᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ ᠵᠢᠨ ᠴᠢᠷᠮᠠᠢᠯᠭ᠎ᠠ ᠵᠢᠨ ᠶᠠᠪᠤᠴᠠ ᠳ᠋ᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠪᠡ᠃

ᠯᠢᠦ ᠵᠢᠶᠠ ᠪᠦᠦ ᠲᠣᠰᠭᠣᠨ᠎ᠤ ᠯᠤᠲᠤ ᠶᠡᠬᠡ ᠬᠤᠪᠢᠷᠠᠯᠲᠠ᠎ᠶ᠋ᠢ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠠᠨᠭᠰᠠᠨ᠎ᠳᠤ ᠲᠡᠮᠳᠡᠭ᠌ᠯᠡᠭ᠌ᠰᠡᠨ᠎ᠢᠶᠡᠷ ᠪᠠᠷᠠᠬᠤ ᠦᠬᠡᠢ᠂ ᠨᠡᠩ ᠴᠤ᠌ ᠬᠥᠳᠡᠭᠡ ᠲᠣᠰᠭᠣᠨ᠎ᠤ ᠵᠠᠰᠠᠯᠲᠠ᠎ᠶ᠋ᠢᠨ ᠶᠠᠪᠤᠴᠠ᠎ᠳᠤ ᠠᠭᠤᠰᠬᠠᠪᠠ᠃ ᠥᠩᠭᠡᠷᠡᠭ᠌ᠰᠡᠨ᠎ᠦ ᠯᠢᠦ ᠵᠢᠶᠠ ᠪᠦᠦ ᠲᠣᠰᠭᠣᠨ᠎ᠳᠤ᠂ ᠤᠯᠠᠨ ᠲᠦᠮᠡᠨ᠎ᠦ ᠬᠠᠤᠯᠢ ᠴᠠᠭᠠᠵᠠ᠎ᠶ᠋ᠢᠨ ᠤᠬᠠᠮᠰᠠᠷ ᠴᠢᠩᠭ᠎ᠠ ᠪᠢᠰᠢ᠂ ᠬᠥᠷᠰᠢ ᠵᠡᠷᠭᠡᠯᠡᠳᠡᠭᠡ᠎ᠵᠢᠨ ᠵᠠᠭᠤᠷᠠᠯᠳᠤᠭᠠᠨ᠂ ᠭᠡᠷ ᠪᠦᠯᠢ᠎ᠶ᠋ᠢᠨ ᠵᠥᠷᠢᠴᠡᠯ ᠦᠷᠬᠦᠯᠵᠢ ᠡᠭᠦᠰᠳᠡᠭ᠃ ᠲᠣᠰᠭᠣᠨ᠎ᠤ ᠨᠠᠮ᠎ᠤᠨ ᠡᠭᠦᠷ ᠨᠠᠮ᠎ᠤᠨ ᠪᠠᠢᠭᠤᠯᠤᠯᠲᠠ᠎ᠪᠠᠷ ᠬᠦᠳᠦᠯᠦᠨ ᠳᠠᠭᠠᠭᠤᠯᠬᠤ ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠬᠢᠭᠡᠳ ᠭᠤᠤᠯ ᠠᠵᠢᠯ᠂ ᠡᠳᠦᠷ ᠲᠤᠲᠤᠮ᠎ᠤᠨ ᠵᠠᠰᠠᠯᠲᠠ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠵᠥᠷᠢᠴᠡᠯ᠎ᠢ ᠲᠣᠰᠭᠣᠨ᠎ᠠᠴᠠ᠎ᠪᠠᠨ ᠭᠠᠷᠭᠠᠬᠤ ᠥᠬᠡᠶ᠂ ᠦᠶ᠋ᠯᠡᠴᠢᠯᠡᠭᠡ᠎ᠶ᠋ᠢ ᠳᠤᠲᠠᠭ᠍ᠳᠠᠭᠤᠯᠬᠤ ᠥᠬᠡᠶ᠂ ᠪᠣᠯᠪᠠᠰᠤᠨ ᠤ᠋ ᠪᠠᠢᠭᠤᠯᠤᠯᠳᠠ ᠵᠢ ᠬᠤᠴᠤᠷᠤᠭᠤᠯᠬᠤ ᠥᠬᠡᠶ》 ᠴᠢᠳᠠᠮᠠᠭᠠᠢ ᠵᠠᠰᠠᠯᠳᠠ ᠵᠢᠨ ᠵᠠᠮ ᠵᠢᠡᠷ ᠠᠯᠬᠤᠪᠠ᠃

ᠵᠥᠷᠢᠴᠡᠯ᠎ᠢ ᠱᠢᠢᠳᠪᠦᠷᠢᠯᠡᠬᠦ᠌ ᠲᠠᠯ᠎ᠠ᠎ᠪᠠᠷ᠂ ᠯᠢᠦ ᠵᠢᠶᠠ ᠪᠦᠦ ᠲᠣᠰᠭᠣᠨ ᠤᠯᠠᠨ ᠡᠱᠢᠴᠢᠯᠡᠭ᠌ᠰᠡᠨ ᠵᠠᠭᠤᠷᠠᠯᠳᠤᠭᠠᠨ᠎ᠢ ᠱᠢᠢᠳᠪᠦᠷᠢᠯᠡᠬᠦ᠌ ᠲᠣᠭ᠍ᠲᠠᠴᠠ᠎ᠶ᠋ᠢᠨ ᠰᠢᠨ᠎ᠡ ᠵᠢ ᠡᠬᠦᠳᠦᠨ ᠪᠠᠢᠭᠤᠯᠵᠤ᠂ 《ᠤᠩᠱᠢᠬᠤ᠂ ᠶᠠᠷᠢᠬᠤ᠂ ᠰᠣᠨᠣᠰᠭᠤ᠂ ᠲᠡᠮᠳᠡᠭ᠌ᠯᠡᠬᠦ᠌᠂ ᠰᠤᠷᠤᠯᠴᠠᠬᠤ᠂ ᠱᠢᠢᠳᠪᠦᠷᠢᠯᠡᠬᠦ᠌》 ᠵᠢᠷᠭᠤᠭᠠᠨ ᠦᠰᠦᠭ᠎ᠦᠨ ᠠᠵᠢᠯᠯᠠᠬᠤ ᠠᠷᠭ᠎ᠠ᠎ᠶ᠋ᠢ ᠬᠡᠷᠡᠭ᠌ᠵᠢᠭᠦᠯᠵᠦ᠍᠂ ᠲᠣᠰᠭᠣᠨ᠎ᠤ ᠱᠠᠲᠤᠨ᠎ᠤ ᠡᠶᠡᠳᠡᠭᠦᠯᠬᠦ᠌ ᠲᠠᠰᠤᠭ᠎ᠲᠤ ᠲᠦᠱᠢᠭ᠌ᠯᠡᠨ᠂ ᠦᠨᠳᠦᠰᠦᠲᠡᠨ᠎ᠨᠦᠭᠦᠳ᠎ᠦᠨ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷ᠂ ᠠᠵᠢᠯ᠎ᠡᠴᠨ ᠎ᠪᠠᠨ ᠠᠮᠠᠷᠠᠭ᠍ᠰᠠᠨ ᠪᠠᠭ᠍ᠰᠢ᠎ᠶ᠋ᠢ ᠳᠠᠢ᠌ᠴᠢᠯᠠᠨ ᠡᠶᠡᠳᠡᠭᠦᠯᠦᠭ᠌ᠴᠢ᠎ᠶ᠋ᠢᠨ ᠡᠩᠨᠡᠭᠡ᠎ᠳᠦ ᠣᠷᠣᠭᠤᠯᠵᠤ᠂ ᠵᠠᠭᠤᠷᠠᠯᠳᠤᠭᠠᠨ᠎ᠢ ᠴᠤᠬᠤᠢᠯᠳᠠ ᠵᠢᠨ ᠬᠤᠭᠤᠴᠠᠭᠠᠨ᠎ᠳᠦᠨᠢ ᠱᠢᠢᠳᠪᠦᠷᠢᠯᠡᠪᠡ᠃ ᠡᠶᠡᠳᠡᠭᠦᠯᠦᠭ᠌ᠴᠢ᠎ᠶ᠋ᠢᠨ ᠬᠠᠤᠯᠢ ᠴᠠᠭᠠᠵᠠ᠎ᠶ᠋ᠢᠨ ᠬᠡᠪ ᠪᠣᠯᠪᠠᠰᠤᠷᠠᠯ ᠬᠦᠷᠦᠯᠴᠡᠬᠦ᠌ ᠥᠬᠡᠶ᠂ ᠨᠠᠷᠢᠨ ᠪᠤᠳᠤᠯᠢᠶᠠᠨᠲᠠᠶ ᠵᠠᠭᠤᠷᠠᠯᠳᠤᠭᠠᠨ᠎ᠢ ᠱᠢᠶ᠋ᠳᠪᠦᠷᠢᠯᠡᠬᠦ᠌᠎ᠳᠦ ᠬᠦᠴᠢᠷ ᠵᠡᠷᠭᠡ ᠪᠣᠳᠠᠲᠤ ᠠᠰᠠᠭᠤᠳᠠᠯ᠎ᠳᠤ ᠴᠢᠭ᠌ᠯᠡᠭᠦᠯᠦᠨ᠂ ᠲᠣᠰᠭᠣᠨ᠎ᠤ ᠨᠠᠮ᠎ᠤᠨ ᠡᠭᠦᠷ ᠰᠠᠨᠠᠭᠠᠴᠢᠯᠠᠭ᠎ᠠ᠎ᠡᠴᠨ ᠎ᠪᠠᠨ ᠳᠣᠲᠣᠭᠠᠳᠤ᠎ᠶ᠋ᠢ ᠬᠠᠮᠠᠭᠠᠯᠠᠬᠤ᠂ ᠱᠢᠭᠦᠬᠦ᠌ ᠬᠣᠷᠢᠶ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ᠎ᠲᠡᠶ ᠵᠣᠯᠭᠠᠭᠤᠯᠤᠨ ᠲᠤᠷᠱᠢᠯᠭ᠎ᠠ ᠬᠤᠷᠠᠮᠳᠤᠭᠤᠯᠪᠠ;  ᠱᠢᠢᠳᠪᠦᠷᠢᠯᠡᠬᠦ᠌᠎ᠳᠦ ᠮᠥᠨ ᠯᠡ ᠬᠦᠴᠢᠷᠲᠡᠢ ᠵᠠᠭᠤᠷᠠᠯᠳᠤᠭᠠᠨ᠎ᠢ ᠲᠤᠰᠭᠠᠢ ᠮᠡᠷᠭᠡᠵᠢᠯ᠎ᠦᠨ ᠠᠵᠢᠯᠲᠠᠨ᠎ᠢ ᠤᠷᠢᠵᠤ ᠲᠣᠰᠭᠣᠨ᠎ᠳᠤ ᠣᠴᠢᠭᠤᠯᠤᠨ ᠡᠷᠦᠬᠡ᠎ᠳᠦ ᠤᠷᠤᠭᠤᠯᠵᠤ 《ᠬᠠᠮᠲᠤᠷᠠᠨ ᠣᠨᠣᠱᠢᠯᠠᠭᠤᠯᠵᠤ》᠂ ᠡᠶᠡᠳᠡᠭᠦᠯᠦᠭᠡᠳ ᠪᠦᠳᠦᠬᠦ ᠪᠤᠯᠳᠠᠯ᠎ᠠ ᠦᠷᠬᠦᠯᠵᠢᠯᠡᠨ᠎ᠡ᠃ ᠡᠨᠡ ᠬᠦ᠌ ᠠᠷᠭ᠎ᠠ ᠬᠡᠮᠵᠢᠶ᠎ᠡ ᠨᠢ ᠣᠯᠠᠨ ᠲᠦᠮᠡᠨ᠎ᠦ ᠵᠠᠷᠭᠤ᠎ᠶ᠋ᠢᠨ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠪᠥᠭᠡᠳ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠵᠢᠭ᠌ᠰᠡᠨ ᠲᠣᠭ᠍ᠲᠠᠴᠠ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠠᠰᠠᠭᠤᠳᠠᠯ᠎ᠢ ᠬᠠᠮᠲᠤᠷᠠᠨ ᠵᠠᠰᠠᠬᠤ ᠰᠠᠢᠨ ᠰᠠᠢᠬᠠᠨ ᠪᠠᠢᠳᠠᠯ᠎ᠢ ᠪᠣᠶ ᠪᠣᠯᠭᠠᠵᠠᠶ᠃ 《ᠪᠢᠳᠡ 〈ᠶᠡᠬᠡ ᠶᠠᠪᠤᠳᠠᠯ᠎ᠢ ᠪᠠᠯᠭᠠᠰᠤ᠎ᠡᠴᠨ ᠭᠠᠷᠭᠠᠬᠤ ᠦᠭᠡᠢ᠂ ᠪᠠᠭ᠎ᠠ ᠶᠠᠪᠤᠳᠠᠯ᠎ᠢ ᠲᠣᠰᠭᠣᠨ᠎ᠡᠴᠨ ᠭᠠᠷᠭᠠᠬᠤ ᠦᠭᠡᠢ〉 ᠪᠠᠢᠬᠤ᠎ᠶ᠋ᠢ ᠪᠠᠷᠢᠮᠲᠠᠯᠠᠵᠤ᠂ ᠠᠷᠠᠳ ᠤᠯᠠᠨ᠎ᠤ ᠣᠢᠯᠠᠭᠠᠬᠤ ᠦᠭᠡ᠎ᠪᠡᠷ ᠬᠠᠤᠯᠢ ᠴᠠᠭᠠᠵᠠ᠎ᠶ᠋ᠢ ᠶᠠᠷᠢᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠮᠡᠳᠡᠷᠡᠭ᠌ᠰᠡᠨ ᠵᠦᠢ ᠶᠣᠰᠣ ᠪᠡᠷ ᠶᠣᠰᠣ ᠤᠴᠢᠷ᠎ᠢ ᠲᠠᠢᠯᠪᠤᠷᠢᠯᠠᠨ᠎ᠠ᠃ ᠠᠭᠠᠵᠢᠮ᠎ᠢᠶᠠᠷ᠂ ᠣᠯᠠᠨ᠎ᠤ ᠦᠵᠡᠯᠲᠡ ᠬᠤᠪᠢᠷᠠᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠤᠰᠦ᠎ᠳᠦ ᠲᠦᠰᠢᠭᠯᠡᠬᠦ ᠪᠤᠯᠵᠠᠢ》 ᠭᠡᠵᠦ᠍ ᠲᠣᠰᠭᠣᠨ᠎ᠤ ᠨᠠᠮ᠎ᠤᠨ ᠡᠭᠦᠷ᠎ᠦᠨ ᠱᠦᠵᠢ ᠴᠢᠶᠣᠤ ᠢᠦᠶ ᠼᠦᠨ ᠭᠦᠨ ᠲᠥᠷᠥᠭ᠌ᠳᠡᠯ᠎ᠲᠡᠶ ᠬᠡᠯᠡᠨ᠎ᠡ᠃

《ᠮᠠᠨ᠎ᠤ ᠲᠤᠰᠬᠤᠨ᠎ᠤ ᠣᠳᠣ᠎ᠶ᠋ᠢᠨ ᠪᠠᠢᠳᠠᠯ ᠶᠡᠬᠡ ᠰᠠᠢᠨ ᠪᠠᠢ᠍ᠢᠨ᠎ᠠ! ᠠᠢᠯ ᠰᠠᠭᠠᠬᠠᠯᠲᠠ᠎ᠶ᠋ᠢᠨ ᠬᠢᠨ ᠴᠥᠮ ᠡᠶ᠎ᠡ ᠡᠪ᠎ᠲᠡᠶ ᠪᠠᠢᠵᠤ᠂ ᠵᠠᠯᠠᠭᠤᠴᠤᠳ ᠨᠢ ᠠᠬᠠᠮᠠᠳ᠎ᠢᠶᠠᠨ ᠠᠴᠢᠯᠠᠨ ᠬᠦᠨᠳᠦᠯᠡᠵᠦ᠂ ᠲᠣᠰᠭᠣᠨ᠎ᠤ ᠳᠦᠷᠰᠦ ᠪᠠᠢᠳᠠᠯ᠎ᠢ ᠤᠯᠠᠨ᠎ᠢᠶᠠᠷ᠎ᠢᠶᠠᠨ ᠬᠠᠮᠠᠭᠠᠯᠠᠨ᠎ᠠ᠃ ᠥᠩᠭᠡᠷᠡᠭ᠌ᠰᠡᠨ᠎ᠳᠦ ᠬᠡᠷᠡᠭᠦᠯ ᠴᠤᠤᠭᠢᠶᠠᠨ ᠬᠢᠵᠦ᠍᠂ ᠭᠣᠣᠯ ᠠᠵᠢᠯ᠎ᠢᠶᠠᠨ ᠬᠢᠬᠦ᠌ ᠦᠭᠡᠢ ᠰᠠᠮᠠᠭᠤᠨ ᠪᠠᠢᠳᠠᠯ᠎ᠢ ᠤᠳᠤ ᠦᠨᠡᠬᠡᠷ ᠣᠯᠵᠤ ᠦᠵᠡᠬᠦ᠌ ᠦᠭᠡᠢ ᠪᠣᠯᠵᠠᠢ》 ᠭᠡᠵᠦ ᠲᠣᠰᠭᠣᠨ᠎ᠤ ᠠᠷᠠᠳ ᠬᠦᠢ ᠯᠠᠨ ᠲᠣᠰᠭᠣᠨ᠎ᠤ ᠬᠤᠪᠢᠷᠠᠯᠲᠠ᠎ᠶ᠋ᠢ ᠶᠠᠷᠢᠬᠤ᠎ᠳᠠᠭᠠᠨ ᠣᠮᠣᠭ᠍ᠰᠢᠵᠤ ᠪᠠᠢᠯ᠎ᠠ᠃

ᠲᠣᠰᠭᠣᠨ᠎ᠤ ᠠᠷᠠᠳ᠎ᠤᠨ ᠬᠦᠷᠲᠡᠮᠵᠢ᠎ᠶ᠋ᠢᠨ ᠲᠦᠷᠦᠭ᠌ᠳᠡᠯ ᠨᠢ ᠠᠯᠢ ᠤᠯᠠᠨ ᠪᠣᠳᠠᠲᠠᠢ ᠪᠠᠭ᠎ᠠ ᠶᠠᠪᠤᠳᠠᠯ᠎ᠲᠡᠭᠡᠷ᠎ᠡ ᠢᠯᠡᠷᠡᠵᠦ᠍ ᠪᠠᠢᠳᠠᠭ᠃ 《ᠥᠩᠭᠡᠷᠡᠭ᠌ᠰᠡᠨ᠎ᠳᠦ ᠤᠴᠢᠷ ᠶᠠᠪᠤᠳᠠᠯ ᠭᠦᠢᠴᠡᠳᠭᠡᠬᠦ᠎ᠳᠦ ᠬᠣᠶᠠᠷ ᠭᠤᠷᠪᠠ ᠤᠳᠠᠭ᠎ᠠ ᠭᠦᠶᠦᠳᠡᠭ᠂ ᠣᠲᠣ ᠨᠠᠮ᠎ᠤᠨ ᠭᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠲᠦ ᠢᠷᠡᠪᠡᠯ ᠬᠡᠳᠦᠬᠡᠨ ᠮᠢᠨᠦ᠋ᠲ᠎ᠦᠨ ᠳᠣᠲᠣᠷ᠎ᠠ ᠤᠴᠢᠷ ᠶᠠᠪᠤᠳᠠᠯ ᠵᠢᠡᠨ ᠬᠦᠢᠴᠡᠳᠭᠡᠴᠢᠭᠡᠨ᠎ᠡ》 ᠭᠡᠵᠦ᠍ ᠲᠣᠰᠭᠣᠨ᠎ᠤ ᠠᠷᠠᠳ ᠵᠠᠩ ᠼᠦᠢ ᠶᠦᠨ ᠬᠡᠯᠡᠨ᠎ᠡ᠃ ᠣᠯᠠᠨ ᠲᠦᠮᠡᠨ᠎ᠢ ᠳᠤᠲᠠᠭᠤ ᠭᠦᠶᠦᠯᠭᠡᠬᠦ᠌᠎ᠶ᠋ᠢᠨ ᠲᠥᠯᠥᠭᠡ᠂ ᠲᠣᠰ ᠲᠣᠰᠭᠣᠨ ᠨᠠᠮ᠎ᠤᠨ ᠭᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠦᠨ ᠴᠢᠳᠠᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ 《ᠨᠢᠭᠡ ᠥᠷᠲᠡᠭᠡᠴᠢᠯᠡᠭᠰᠡᠨ ᠮᠠᠶᠢᠭ》᠎ᠤ᠋ᠨ ᠣᠷᠣᠯᠠᠨ ᠭᠦᠶ᠋ᠴᠡᠳᠭᠡᠵᠦ᠍ ᠬᠠᠪᠰᠤᠷᠤᠨ ᠭᠦᠶ᠋ᠴᠡᠳᠭᠡᠬᠦ᠌ ᠦᠶ᠋ᠯᠡᠴᠢᠯᠡᠭᠡ᠎ᠶ᠋ᠢ ᠬᠡᠷᠡᠭ᠌ᠵᠢᠭᠦᠯᠵᠦ᠍᠂ 2025 ᠣᠨ᠎ᠳᠤ ᠨᠡᠢᠲᠡ 130 ᠭᠠᠷᠤᠶ ᠤᠳᠠᠭ᠎ᠠ ᠵᠢᠨ ᠣᠯᠠᠨ ᠲᠦᠮᠡᠨ᠎ᠤ ᠤᠴᠢᠷ ᠶᠠᠪᠤᠳᠠᠯ᠎ᠢ ᠱᠢᠶ᠋ᠳᠪᠦᠷᠢᠯᠡᠵᠡᠢ᠃ ᠡᠭᠦᠨ᠎ᠦ ᠬᠠᠮᠲᠤ᠂ ᠲᠣᠰᠭᠣᠨ᠎ᠤ ᠨᠠᠮ᠎ᠤᠨ ᠡᠭᠦᠷ ᠰᠠᠨᠠᠭᠠᠴᠢᠯᠠᠭ᠎ᠠ᠎ᠡᠴᠨ ᠎ᠪᠠᠨ ᠨᠡᠢᠲᠡ᠎ᠶ᠋ᠢᠨ ᠮᠠᠱᠢᠨ ᠲᠡᠷᠭᠡᠨ᠎ᠦ ᠺᠣᠮᠫᠠᠨᠢ᠎ᠲᠠᠶ ᠵᠣᠯᠭᠠᠭᠤᠯᠵᠤ᠂ 60 ᠨᠠᠰᠤᠨ᠎ᠡᠴᠨ ᠳᠡᠭᠡᠭ᠌ᠰᠢᠬᠢ 420 ᠨᠠᠰᠤᠲᠠᠨ᠎ᠳᠤ 《ᠨᠠᠰᠤᠲᠠᠢᠴᠤᠳ᠎ᠤᠨ ᠺᠠᠷᠲ》᠎ᠢ᠋ ᠲᠥᠪᠯᠡᠷᠡᠭᠦᠯᠦᠨ ᠣᠷᠣᠯᠠᠨ ᠭᠦᠢᠴᠡᠳᠭᠡᠵᠦ᠍᠂ ᠭᠠᠳᠠᠬᠰᠢ ᠭᠠᠷᠬᠤ ᠳ᠋ᠸ᠋ ᠬᠦᠴᠢᠷ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍ ᠥᠭ᠌ᠪᠡ᠃ ᠡᠭᠦᠨ᠎ᠡᠴᠡ ᠭᠠᠳᠠᠨ᠎ᠠ᠂ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠥᠨᠥᠴᠢᠨ ᠪᠡᠯᠪᠡᠰᠦᠨ ᠨᠠᠰᠤᠲᠠᠢᠴᠤᠳ᠂ ᠵᠠᠯᠠᠭᠤᠴᠤᠳ ᠪᠠᠭᠠᠴᠤᠳ᠂ ᠵᠡᠮᠳᠡᠭ᠌ᠴᠦᠳ ᠵᠡᠷᠭᠡ ᠬᠦᠮᠦᠰ ᠲᠦ᠍ ᠬᠠᠯᠠᠭᠤᠨ ᠰᠡᠳᠭᠢᠯ᠎ᠦᠨ ᠬᠠᠪᠰᠤᠷᠤᠯᠭ᠎ᠠ ᠦᠵᠡᠭᠦᠯᠵᠦ᠍᠂ ᠣᠯᠠᠨ ᠲᠦᠮᠡᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠠᠢ᠃

ᠠᠵᠤ ᠦᠶ᠋ᠯᠡᠰ᠎ᠢ ᠬᠠᠮᠲᠤ᠎ᠪᠠᠷ ᠬᠥᠭ᠌ᠵᠢᠭᠦᠯᠬᠦ᠌᠎ᠡᠴᠡ ᠵᠠᠰᠠᠯᠲᠠ᠎ᠶ᠋ᠢ ᠬᠠᠮᠲᠤ᠎ᠪᠠᠷ ᠠᠳᠭᠤᠬᠤ ᠬᠦᠷᠲᠡᠯ᠎ᠡ᠂ ᠦᠶ᠋ᠯᠡᠴᠢᠯᠡᠭᠡ᠎ᠶ᠋ᠢ ᠬᠠᠮᠲᠤ᠎ᠪᠠᠷ ᠡᠳ᠋ᠯᠡᠬᠦ᠌᠎ᠡᠴᠡ ᠪᠣᠯᠪᠠᠰᠤᠨ᠎ᠢ ᠬᠠᠮᠲᠤ᠎ᠪᠠᠷ ᠪᠠᠢᠭᠤᠯᠬᠤ ᠬᠦᠷᠲᠡᠯ᠎ᠡ᠂ ᠲᠣᠰᠭᠣᠨ᠎ᠤ ᠨᠠᠮ᠎ᠤᠨ ᠡᠭᠦᠷ᠎ᠦᠨ ᠳᠠᠭᠠᠭᠤᠯᠭ᠎ᠠ ᠳᠤᠤᠷ᠎ᠠ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠠᠵᠤ ᠦᠶ᠋ᠯᠡᠰ ᠬᠥᠭ᠌ᠵᠢᠭ᠌ᠰᠡᠨ᠂ ᠠᠷᠠᠳ᠎ᠤᠨ ᠰᠡᠳᠭᠢᠯ ᠨᠢᠬᠳᠠᠷᠠᠬᠰᠠᠨ᠂ ᠬᠥᠳᠡᠭᠡ ᠲᠣᠰᠭᠣᠨ᠎ᠤ ᠵᠠᠰᠠᠯᠳᠠ ᠵᠢᠨ ᠰᠠᠢᠨ ᠰᠠᠢᠬᠠᠨ ᠦᠵᠡᠮᠵᠢ᠎ᠶ᠋ᠢ ᠭᠠᠷ ᠬᠣᠯᠪᠣᠨ ᠵᠢᠷᠤᠭ᠍ᠯᠠᠪᠠ᠃ ᠯᠢᠦ ᠵᠢᠶᠠ ᠪᠦᠦ ᠲᠣᠰᠭᠣᠨ ᠪᠠ ᠲᠣᠰᠭᠣᠨ᠎ᠤ ᠨᠠᠮ᠎ᠤᠨ ᠡᠭᠦᠷ ᠤᠷᠢᠳ ᠬᠣᠵᠢᠳ 《ᠪᠥᠬᠥ᠌ ᠤᠯᠤᠰ᠎ᠤᠨ ᠬᠥᠳᠡᠭᠡ ᠲᠣᠰᠭᠣᠨ᠎ᠤ ᠵᠠᠰᠠᠯᠲᠠ᠎ᠶ᠋ᠢᠨ ᠵᠢᠱ᠌ᠢᠶ᠎ᠡ ᠦᠵᠡᠭᠦᠯᠬᠦ᠌ ᠲᠣᠰᠭᠣᠨ》᠂ 《ᠪᠥᠬᠥ᠌ ᠤᠯᠤᠰ᠎ᠤᠨ ᠠᠷᠠᠳᠴᠢᠯᠠᠯ ᠬᠠᠤᠯᠢ ᠪᠡᠷ ᠵᠠᠰᠠᠬᠤ ᠵᠢᠱ᠌ᠢᠶ᠎ᠡ ᠦᠵᠡᠭᠦᠯᠬᠦ᠌ ᠲᠣᠰᠭᠣᠨ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ》 ᠵᠡᠷᠭᠡ ᠢᠷᠠᠭᠤ ᠠᠯᠳᠠᠷ᠎ᠢ ᠭᠥᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号