ᠪᠦᠦ ᠭᠠᠩ ᠬᠤᠷᠠᠯ᠎ᠢ ᠡᠷᠭᠢᠯᠡᠵᠡᠢ
5 ᠰᠠᠷ᠎ᠠ᠎ᠶ᠋ᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠢ᠎ᠠ᠂ ᠲᠦᠷᠦ᠍ ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠪᠢᠴᠢᠭ ᠮᠠᠲᠧᠷᠢᠶᠠᠯ᠎ᠤᠨ ᠵᠣᠷᠢᠭ ᠰᠠᠨᠠᠭ᠎ᠠ ᠶ᠋ᠢ ᠤᠯᠠᠮᠵᠢᠯᠠᠨ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠢ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠰᠠᠭᠤᠷᠢ ᠰᠤᠳᠤᠯᠭᠠᠨ᠎ᠢ ᠴᠢᠩᠭᠠᠳᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠰᠠᠭᠤᠷᠢ ᠰᠤᠳᠤᠯᠭᠠᠨ᠎ᠤ ᠣᠷᠣᠭᠤᠯᠤᠯᠲᠠ ᠪᠠ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠮᠠᠨ᠎ᠤ ᠣᠷᠣᠨ᠎ᠤ ᠤᠤᠭᠠᠯ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠠᠵᠤ ᠦᠶ᠋ᠯᠡᠰ᠎ᠦᠨ ᠬᠡᠯᠬᠢᠶ᠎ᠡ ᠪᠣᠯᠤᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠬᠣᠪᠣᠷ ᠱᠢᠷᠣᠶ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠲᠣᠮᠣ ᠳ᠋ᠠᠢᠲ᠋ᠠ᠂ ᠰᠦ ᠶ᠋ᠢᠨ ᠦᠶ᠋ᠯᠡᠰ᠂ ᠡᠪᠡᠰᠦᠨ᠎ᠦ ᠦᠶ᠋ᠯᠡᠰ ᠵᠡᠷᠭᠡ ᠠᠵᠤ ᠦᠶ᠋ᠯᠡᠰ᠎ᠦᠨ ᠳᠠᠪᠠᠭᠤᠯᠢᠭ ᠤᠨ ᠲᠣᠭᠣᠷᠢᠨ᠎ᠳᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠰᠠᠭᠤᠷᠢ ᠰᠤᠳᠤᠯᠭᠠᠨ᠂ ᠬᠡᠷᠡᠭ᠌ᠯᠡᠭᠡᠨ᠎ᠦ ᠨᠡᠭᠡᠭᠡᠡ ᠬᠦᠭᠵᠢᠬᠦᠯᠦᠯᠳᠠ᠂ ᠦᠷ᠎ᠡ ᠪᠦᠲᠦᠭᠡᠯ᠎ᠢ ᠤᠨᠳᠤᠤᠱᠢᠭᠤᠯᠬᠤ ᠵᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠨᠡᠪᠲᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠌᠂ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌᠂ ᠡᠳ᠋ ᠬᠥᠷᠥᠩᠭᠡ᠂ ᠡᠬᠢ ᠪᠠᠶᠠᠯᠢᠭ》 ᠤ᠋ᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠡᠷᠭᠡ ᠭᠤᠤᠯᠳᠠᠯᠭ᠎ᠠ᠎ᠲᠠᠶ ᠬᠦᠷᠢᠶ᠎ᠡ᠎ᠶ᠋ᠢ ᠴᠢᠩᠭ᠎ᠠ ᠠᠩᠬᠠᠷᠴᠤ᠌᠂ ᠲᠣᠭ᠍ᠲᠠᠭᠠᠯ᠎ᠡᠴᠡ ᠵᠥᠷᠢᠴᠡᠨ ᠠᠱᠢᠭ ᠤᠯᠬᠤ᠂ ᠬᠤᠳᠠᠯ᠎ᠢᠶᠠᠷ ᠮᠡᠳᠡᠭᠦᠯᠵᠦ᠍ ᠬᠠᠭᠤᠷᠮᠠᠭ᠍ᠯᠠᠨ ᠠᠪᠬᠤ᠂ ᠡᠵᠡᠯᠡᠨ ᠠᠪᠴᠤ᠌ ᠨᠡᠭᠦᠯᠭᠡᠨ ᠬᠡᠷᠡᠭ᠌ᠯᠡᠬᠦ᠌ ᠵᠡᠷᠭᠡ ᠠᠰᠠᠭᠤᠳᠠᠯ᠎ᠢ ᠡᠷᠡᠰ ᠪᠠᠢᠴᠠᠭᠠᠨ ᠱᠢᠶ᠋ᠳᠪᠦᠷᠢᠯᠡᠵᠦ᠍᠂ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠬᠠᠤᠯᠢ ᠶᠣᠰᠣᠭᠠᠷ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ ᠭᠡᠵᠦ ᠱᠠᠭᠠᠷᠳᠠᠪᠠ᠃
ᠬᠤᠷᠠᠯ᠎ᠡᠴᠡ᠂ 《ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠬᠢᠨᠠᠨ ᠱᠢᠯᠭᠠᠬᠤ ᠠᠷᠭ᠎ᠠ》 ᠪᠡᠷ ᠪᠠᠷᠢᠮᠵᠢᠶᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ ᠢ ᠴᠡᠭ᠌ᠴᠡᠯᠡᠨ ᠰᠠᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ᠃ 《ᠪᠡᠯᠡ ᠣᠷᠣᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠳᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠰᠠᠨᠠᠯ》 ᠢ᠋ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢ ᠴᠢᠩᠳᠠᠯᠠᠨ᠂ ᠲᠥᠷᠥᠯ ᠵᠦᠢᠯ ᠢ ᠬᠢᠨᠠᠨ ᠵᠥᠪᠱᠢᠶᠡᠷᠡᠵᠦ᠍ ᠳᠠᠩᠰᠠᠯᠠᠬᠤ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠲᠥᠷᠥᠯ ᠵᠦᠢᠯ᠎ᠦᠨ ᠪᠦᠬᠦ᠌ ᠶᠠᠪᠤᠴᠠ᠎ᠶ᠋ᠢ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠲᠥᠷᠥᠯ ᠵᠦᠢᠯ᠎ᠢ ᠦᠨᠡᠯᠡᠬᠦ᠌ ᠱᠢᠰᠲ᠋ᠧᠮ᠎ᠢ ᠪᠦᠷᠢᠨᠱᠢᠭᠦᠯᠬᠦ ᠬᠡᠷᠡᠭᠲᠡᠢ᠃ ᠴᠢᠬᠤᠯᠠ ᠶᠡᠬᠡ ᠲᠦᠷᠦᠯ ᠵᠦᠢᠯ᠎ᠦᠨ ᠬᠠᠮᠳᠤᠷᠠᠨ ᠬᠢᠨᠠᠵᠤ ᠬᠠᠮᠳᠤᠷᠠᠨ ᠵᠥᠪᠱᠢᠶᠡᠷᠡᠬᠦ᠌ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠪᠡᠯᠡ ᠣᠷᠣᠭᠤᠯᠤᠯᠲᠠ᠎ᠶ᠋ᠢᠨ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠠ ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ᠎ᠢ ᠠᠬᠢᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠬᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠰᠤᠷᠭᠠᠨ ᠬᠥᠮᠦᠵᠢᠯ᠎ᠢ ᠳᠡᠭᠡᠭ᠌ᠰᠢᠯᠡᠭᠦᠯᠬᠦ᠌᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ᠂ ᠵᠠᠮ ᠬᠠᠷᠢᠯᠴᠠᠭᠠᠨ᠎ᠤ ᠰᠠᠭᠠᠳ ᠦᠭᠡᠢ ᠨᠡᠪᠲᠡᠷᠡᠬᠦ᠌᠂ ᠠᠳᠠᠯ ᠠᠬᠤᠢ᠎ᠶ᠋ᠢᠨ ᠬᠠᠮᠢᠶᠠᠷᠤᠯᠲᠠ᠂ ᠬᠡᠷᠡᠭ᠌ᠯᠡᠭᠡ ᠵᠢᠨ ᠡᠷᠬᠡᠠᠰᠢᠭ ᠢ ᠬᠠᠮᠠᠭᠠᠯᠠᠬᠤ ᠵᠡᠷᠭᠡ ᠬᠦᠷᠢᠶᠡᠨ᠎ᠳᠡᠬᠢ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠤᠨᠢᠨ ᠲᠡᠬᠡᠷ᠎ᠡ ᠨᠢ ᠬᠦᠴᠦᠯᠡᠵᠦ᠍᠂ ᠤᠯᠠᠨ ᠲᠦᠮᠡᠨ᠎ᠢ ᠦᠨᠡᠨ ᠬᠦ᠌ ᠬᠦᠷᠲᠡᠮᠵᠢ᠎ᠶ᠋ᠢᠨ ᠲᠦᠷᠦᠭ᠌ᠳᠡᠯ᠎ᠲᠡᠶ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃