ᠦᠨᠳᠦᠰᠦ᠎ᠵᠢ ᠪᠡᠬᠢᠵᠢᠭᠦᠯᠵᠦ᠍ ᠬᠠᠮᠳᠤ ᠵᠢᠨ ᠲᠠᠨᠢᠯᠳᠠ ᠵᠢ ᠴᠢᠩᠭᠠᠳᠬᠠᠵᠤ ᠬᠥᠭᠥᠷᠭᠡ ᠲᠠᠯᠪᠢᠵᠤ ᠠᠭᠤᠰᠤᠯᠴᠠᠯ ᠎ᠢ ᠠᠬᠢᠭᠤᠯᠵᠤ ᠪᠠᠢᠭᠤᠯᠤᠯ ᠎ᠢ ᠲᠡᠭᠦᠯᠳᠡᠷᠵᠢᠭᠦᠯᠦᠨ ᠪᠤᠳᠠᠳᠤ ᠦᠷ᠎ᠡ ᠪᠦᠲᠦᠮᠵᠢ ᠵᠢ ᠡᠷᠬᠢᠮᠯᠡᠨ᠎ᠡ
2026-05-12 09:28:58
ᠵᠣᠬᠢᠶᠠᠭ᠍ᠴᠢ᠄
ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠭᠤᠤᠯ ᠱᠢᠵᠢᠮ ᠤ᠋ᠨ ᠲᠤᠭᠤᠷᠢᠨ ᠳ᠋ᠤ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ ᠪᠣᠶ

                           

ᠲᠦᠩᠯᠢᠶᠣᠤ ᠬᠣᠲᠠ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠡᠷᠭᠢᠯᠡᠵᠦ᠍᠂ ᠤᠷᠠᠨ ᠰᠠᠢᠬᠠᠨ᠎ᠤ ᠲᠣᠭ᠍ᠯᠠᠯᠲᠠ᠂ ᠪᠣᠳᠠᠰ᠎ᠤᠨ ᠪᠤᠰᠤ ᠰᠣᠶᠣᠯ ᠎ᠤᠨ ᠥᠪ ᠎ᠢ ᠳᠡᠯᠭᠡᠨ ᠦᠵᠡᠭᠦᠯᠬᠦ᠌᠂ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠥᠷᠭᠡᠨ ᠣᠯᠠᠨ ᠬᠣᠲᠠ᠎ᠶ᠋ᠢᠨ ᠠᠷᠠᠳ᠎ᠲᠤ ᠨᠠᠮ ᠎ᠤᠨ ᠦᠨᠳᠦᠰᠦᠲᠡᠨ᠎ᠦ ᠣᠨᠣᠯ᠎ᠤᠨ ᠲᠥᠷᠥ᠎ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ ᠎ᠢ ᠤᠬᠠᠭᠤᠯᠪᠠ; ᠪᠠᠶᠠᠨᠨᠠᠭᠤᠷ ᠬᠤᠳᠠ ᠲᠤᠰᠭᠠᠢ ᠮᠡᠷᠭᠡᠵᠢᠯᠲᠡᠨ ᠤᠷᠢᠵᠤ ᠲᠤᠰᠭᠠᠢ ᠰᠡᠳᠦᠪ᠎ᠢᠶᠡᠷ ᠤᠬᠠᠭᠤᠯᠤᠨ ᠲᠠᠢᠯᠪᠤᠷᠢᠯᠠᠵᠤ᠂ ᠦᠨᠳᠦᠰᠦᠨ ᠱᠠᠲᠤᠨ᠎ᠤ ᠲᠥᠯᠥᠭᠡᠯᠡᠭ᠌ᠴᠢᠳ᠎ᠲᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠦᠨ ᠬᠢᠴᠢᠶᠡᠯᠯᠡᠭᠡ ᠬᠢᠪᠡ; ᠱᠢᠯᠢ᠎ᠶ᠋ᠢᠨ ᠭᠤᠤᠯ ᠠᠢᠮᠠᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠤᠷᠠᠨ ᠰᠠᠢᠬᠠᠨ᠎ᠤ ᠦᠵᠡᠭᠦᠯᠭᠡ ᠵᠡᠷᠭᠡ᠎ᠪᠡᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠨᠠᠭᠠᠴᠢᠯᠠᠭ᠍ᠴᠢ᠂ ᠦᠶ᠋ᠯᠡᠳᠦᠯᠭᠡᠵᠢᠭᠦᠯᠦᠭ᠌ᠴᠢ ᠪᠠ ᠬᠠᠮᠠᠭᠠᠯᠠᠭ᠍ᠴᠢ ᠪᠣᠯᠭᠠᠬᠤ᠎ᠪᠠᠷ ᠴᠢᠷᠮᠠᠢᠪᠠ ᠁

5 ᠰᠠᠷ᠎ᠠ ᠪᠣᠯ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ《ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠰᠠᠷ᠎ᠠ》 ᠪᠣᠯᠤᠨ᠎ᠠ᠂ ᠣᠢᠷ᠎ᠠ᠎ᠶ᠋ᠢᠨ ᠡᠳᠦᠷ᠎ᠦᠳ᠎ᠲᠦ ᠂ ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ ᠬᠢᠨ ᠨᠠᠮ᠎ᠤᠨ ᠦᠨᠳᠦᠰᠦᠲᠡᠨ᠎ᠦ ᠣᠨᠣᠯ᠎ᠤᠨ ᠲᠥᠷᠥ᠎ᠶ᠋ᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠠᠢᠭᠤᠯᠭ᠎ᠠ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ᠂ ᠭᠠᠴᠠᠭ᠎ᠠ ᠲᠣᠰᠭᠣᠨ᠎ᠳᠤ ᠣᠷᠣᠭᠤᠯᠬᠤ ᠵᠡᠷᠭᠡ 《9 + N ᠣᠷᠣᠭᠤᠯᠬᠤ》ᠠᠵᠢᠯᠯᠠᠭ᠎ᠠ᠎ᠶ᠋ᠢ ᠵᠠᠯᠭᠠᠭ᠎ᠠ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠪᠣᠳᠠᠲᠠᠶ ᠪᠥᠭᠡᠳ ᠪᠦᠲᠦᠮᠵᠢᠲᠡᠶ᠎ᠪᠡᠷ ᠪᠠᠲᠤ ᠴᠣᠭ᠍ᠴᠠᠯᠠᠪᠠ᠃

ᠥᠪᠥᠷ ᠮᠣᠩᠭᠣᠯ ᠨᠢ ᠦᠨᠳᠦᠰᠦᠲᠡᠨ ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠪᠠᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠭᠡᠵᠦ᠍ ᠠᠯᠳᠠᠷᠱᠢᠭ᠍ᠰᠠᠨ ᠶᠤᠮ᠃ ᠤᠢ᠍ᠢᠷ᠎ᠠ᠎ᠶ᠋ᠢᠨ ᠵᠢᠯ᠎ᠡᠴᠡ᠂ ᠥᠪᠥᠷ ᠮᠣᠩᠭᠣᠯ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠰᠦᠷᠯᠢᠭ ᠦᠵᠡᠮᠵᠢᠳᠤ ᠵᠢᠷᠤᠭ᠎ᠢ ᠵᠢᠷᠤᠭ᠍ᠯᠠᠭ᠍ᠰᠠᠨ ᠪᠠᠢᠨ᠎ᠠ᠃

ᠰᠣᠶᠣᠯ ᠎ᠤᠨ ᠬᠠᠮᠲᠤ᠎ᠶ᠋ᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ ᠮᠥᠨ᠃ ᠥᠪᠥᠷ ᠮᠣᠩᠭᠣᠯ ᠤᠬᠠᠭᠤᠯᠭ᠎ᠠ ᠬᠥᠮᠦᠵᠢᠯ᠎ᠢ ᠪᠣᠳᠠᠲᠠᠶ ᠠᠳᠭᠤᠵᠤ᠂ ᠣᠨᠣᠯ ᠎ᠤᠨ ᠰᠤᠳᠤᠯᠭᠠᠨ᠎ᠢ ᠭᠦᠨᠵᠡᠭᠡᠢᠷᠡᠭᠦᠯᠦᠨ᠂ ᠰᠣᠶᠣᠯ᠎ᠢᠶᠠᠷ ᠬᠥᠮᠦᠨ᠎ᠢ ᠤᠬᠠᠭᠠᠷᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ ᠪᠣᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠨᠤᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ ᠨᠢᠭᠡ ᠪᠦᠯᠦᠭ ᠴᠢᠨᠠᠷ ᠰᠠᠢᠲᠠᠢ ᠰᠤᠳᠤᠯᠭᠠᠨ᠎ᠤ ᠦᠷ᠎ᠡ ᠪᠦᠲᠦᠭᠡᠯ᠎ᠢ ᠭᠠᠷᠭᠠᠪᠠ;《ᠨᠠᠮ ᠎ᠤᠨ ᠠᠴᠢ᠎ᠳᠤ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠵᠡᠷᠭᠡ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠳᠠ᠎ᠶ᠋ᠢ ᠪᠠᠢᠩᠭᠤ ᠵᠢᠨ ᠴᠢᠨᠠᠷᠳᠠᠢ ᠥᠷᠨᠢᠭᠦᠯᠵᠦ᠍᠂ ᠭᠣᠣᠯ ᠵᠠᠭᠤᠴᠢᠯᠠᠭᠤᠷ᠎ᠤᠨ ᠬᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠪᠤᠯᠤᠩ᠎ᠢ ᠤᠷᠳᠤ ᠬᠤᠭᠤᠴᠠᠭ᠎ᠠ᠎ᠪᠠᠷ ᠨᠡᠭᠡᠭᠡᠪᠡ; ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ ᠪᠠᠷ ᠡᠳ᠋ᠯᠡᠵᠦ᠍ ᠬᠠᠮᠲᠤ ᠪᠠᠷ ᠵᠢᠷᠭᠠᠬᠤ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠥᠷᠭᠡᠨ ᠳᠡᠯᠭᠡᠷ ᠥᠷᠨᠢᠭᠦᠯᠵᠦ᠍᠂ ᠤᠯᠠᠨ ᠵᠦᠢᠯ᠎ᠦᠨ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠨᠢᠮᠪᠠᠢ ᠡᠭᠦᠳᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠣᠶᠣᠯ᠎ᠤᠨ ᠦᠢᠯᠡᠰ ᠪᠣᠯᠤᠨ ᠰᠣᠶᠣᠯ᠎ᠤᠨ ᠠᠵᠤ ᠦᠢᠯᠡᠰ᠎ᠲᠦ ᠲᠠᠰᠤᠷᠠᠯᠳᠡ ᠦᠭᠡᠢ ᠠᠭᠤᠰᠤᠯᠴᠠᠭᠤᠯᠪᠠ ᠁ ᠠᠯᠢ ᠤᠯᠠᠨ ᠯᠠᠪᠳᠠᠭᠤᠨ ᠪᠠᠲᠤᠲᠠᠢ ᠪᠦᠲᠦᠮᠵᠢᠲᠡᠢ ᠠᠷᠭ᠎ᠠ ᠬᠡᠮᠵᠢᠶ᠎ᠡ᠎ᠨᠦᠭᠦᠳ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠤᠷ᠎ᠠ᠎ᠶ᠋ᠢᠨ ᠱᠢᠮ᠎ᠡ ᠪᠡᠷ ᠲᠦᠮᠡᠨ ᠪᠤᠳᠠᠰ ᠎ᠢ ᠠᠮᠢᠯᠠᠨ ᠲᠦᠯᠵᠢᠭᠦᠯᠬᠦ ᠮᠡᠲᠦ ᠪᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ ᠳ᠋ᠦ ᠰᠢᠩᠭᠡᠭᠡᠵᠡᠢ᠃

ᠥᠪᠥᠷ ᠮᠣᠩᠭᠣᠯ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠎ᠦ ᠠᠭᠤᠰᠤᠯᠴᠠᠯ ᠮᠠᠶᠢᠭ᠎ᠤᠨ ᠬᠥᠭ᠌ᠵᠢᠯᠲᠡ ᠎ᠶ᠋ᠢᠨ ᠲᠥᠯᠥᠪᠯᠡᠭᠡ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ ᠎ᠤ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠵᠦ᠍᠂ 2025 ᠣᠨ᠎ᠳᠤ ᠨᠡᠢᠲᠡ 6 ᠲᠥᠷᠥᠯ ᠵᠦᠶ᠋ᠯ ᠨᠢ ᠤᠯᠤᠰ᠎ᠤᠨ ᠦᠨᠳᠦᠰᠦᠲᠡᠨ ᠎ᠦ ᠬᠡᠷᠡᠭ ᠡᠷᠭᠢᠯᠡᠬᠦ᠌ ᠵᠥᠪᠯᠡᠯ᠎ᠦᠨ《ᠭᠤᠷᠪᠠᠨ ᠲᠥᠯᠥᠪᠯᠡᠭᠡ》 ᠶ᠋ᠢᠨ ᠲᠤᠷᠱᠢᠯᠲᠠ᠎ᠶ᠋ᠢᠨ ᠲᠥᠷᠥᠯ ᠵᠦᠶ᠋ᠯ᠎ᠳᠦ ᠰᠣᠩᠭᠣᠭ᠍ᠳᠠᠨ ᠣᠷᠣᠵᠤ᠂ ᠥᠪᠡᠷᠲᠡᠭᠡᠨ ᠵᠠᠰᠠᠬᠤ ᠣᠷᠣᠨ ᠎ᠤ ᠲᠠᠰ᠎ᠤᠨ 54 ᠨᠡᠢᠲᠡᠯᠢᠭ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠪᠣᠢᠵᠢᠭᠤᠯᠪᠠ; ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠪᠥᠬᠥ᠌ ᠣᠷᠣᠨ ᠪᠦᠰᠡᠴᠢᠯᠡᠨ ᠪᠠᠢᠩᠭᠤᠵᠢᠭᠤᠯᠤᠨ ᠥᠷᠨᠢᠭᠦᠯᠵᠦ᠍ ᠂ 23 ᠭᠠᠵᠠᠷ ᠣᠷᠣᠨ ᠪᠠ ᠨᠢᠭᠡᠴᠢ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠤᠷᠤᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠦᠨᠡᠯᠡᠭ᠌ᠳᠡᠪᠡ; ᠠᠭᠤᠰᠤᠯᠴᠠᠯ ᠮᠠᠶᠢᠭ ᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ ᠎ᠢ ᠢᠳᠡᠪᠬᠢᠲᠡᠶ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠡᠭᠦᠳᠪᠡ᠃

ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ ᠎ᠤᠨ ᠣᠳᠣᠬᠢᠴᠢᠯᠠᠯᠲᠠ᠎ᠲᠡᠢᠰᠢ ᠬᠠᠮᠲᠤ᠎ᠪᠠᠷ ᠤᠷᠤᠭᠰᠢᠯᠠᠬᠤ ᠎ᠶ᠋ᠢ ᠠᠬᠢᠭᠤᠯᠬᠤ᠎ᠶ᠋ᠢᠨ ᠲᠥᠯᠥᠭᠡ᠂ ᠥᠪᠥᠷ ᠮᠣᠩᠭᠣᠯ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠎ᠦ ᠬᠥᠭ᠌ᠵᠢᠯᠲᠡ᠎ᠶ᠋ᠢᠨ ᠡᠭᠦᠷᠭᠡ᠎ᠶ᠋ᠢᠨ ᠪᠠᠯᠠ ᠮᠥᠩᠭᠥ᠎ᠶ᠋ᠢ ᠰᠠᠢᠲᠤᠷ ᠬᠡᠷᠡᠭ᠌ᠯᠡᠵᠦ᠍᠂ 《 ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠤᠨ ᠬᠢᠯᠢ ᠬᠢᠵᠠᠭᠠᠷ ᠣᠷᠣᠨ᠎ᠳᠤ ᠣᠷᠣᠬᠤ 》 ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠲᠠᠰᠤᠷᠠᠯᠲᠠ ᠥᠬᠡᠶ ᠠᠬᠢᠭᠤᠯᠪᠠ᠃ 《 ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠡᠭᠦᠷᠭᠡ᠎ᠶ᠋ᠢᠨ ᠪᠠᠯᠠ ᠮᠥᠩᠭᠥ᠎ᠶ᠋ᠢ ᠨᠡᠢᠲᠡ 35.9 ᠳ᠋ᠦᠩᠱᠢᠭᠤᠷ ᠲᠥᠭᠥᠷᠢᠭ ᠪᠠᠭᠤᠯᠭᠠᠵᠤ᠂ ᠬᠠᠮᠲᠤ ᠪᠡᠷ ᠪᠠᠶᠠᠵᠢᠭᠤᠯᠬᠤ ᠲᠥᠷᠥᠯ ᠵᠦᠶ᠋ᠯ᠎ᠢ ᠨᠡᠢᠲᠡ 3640 ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ 457.9 ᠲᠦᠮᠡᠨ ᠬᠥᠮᠦᠨ ᠤᠳᠠᠭ᠎ᠠ ᠠᠱᠢᠭ ᠬᠦᠷᠲᠡᠭᠡᠪᠡ; ᠨᠡᠢᠲᠡ 20 ᠬᠢᠯᠢ ᠬᠢᠵᠠᠭᠠᠷ᠎ᠤᠨ ᠬᠣᠱᠢᠭᠤ (ᠬᠣᠲᠠ᠂ ᠲᠣᠭᠣᠷᠢᠭ)᠎ᠳ᠋ᠤ᠌ 216.74 ᠳ᠋ᠦᠩᠱᠢᠭᠤᠷ ᠲᠥᠭᠥᠷᠢᠭ ᠱᠢᠯᠵᠢᠭᠦᠯᠦᠨ ᠥᠭ᠌ᠬᠦ᠎ᠪᠡᠷ ᠲᠣᠬᠢᠷᠠᠭᠤᠯᠵᠤ᠂ 《 ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ 》 ᠵᠡᠷᠭᠡ ᠰᠠᠭᠤᠷᠢ ᠲᠦᠬᠦᠭᠡᠷᠦᠮᠵᠢ᠎ᠶ᠋ᠢ ᠲᠦᠷᠭᠡᠳᠭᠡᠨ ᠲᠡᠭᠦᠯᠳᠡᠷᠵᠢᠭᠦᠯᠪᠡ; ᠦᠨᠳᠦᠰᠦᠲᠡᠨ᠎ᠦ ᠠᠷᠠᠯᠵᠢᠶ᠎ᠠ ᠦᠨᠳᠦᠰᠦᠲᠡᠨ᠎ᠦ ᠦᠶ᠋ᠯᠡᠳᠬᠦᠨ᠎ᠦ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠶᠡᠬᠡᠪᠡᠷ ᠳᠠᠮᠵᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠢᠴᠢᠯᠠᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠪᠡ᠃

ᠥᠨᠥᠳᠦᠷ᠎ᠦᠨ ᠥᠪᠥᠷ ᠮᠣᠩᠭᠣᠯ ᠎ᠳᠤ᠂ ᠬᠦᠳᠡᠬᠡ ᠨᠤᠳᠤᠭ  ᠮᠠᠯᠵᠢᠬᠤ ᠣᠷᠣᠨ ᠴᠦ᠍ ᠲᠡᠷᠡ᠂ ᠣᠲᠣ ᠦᠶ᠎ᠡ᠎ᠶ᠋ᠢᠨ ᠶᠡᠬᠡ ᠬᠣᠲᠠ᠎ᠳᠤ ᠴᠦ᠍ ᠪᠤᠯᠤᠭ᠂ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠴᠦ᠍ ᠲᠡᠷᠡ᠂ ᠰᠤᠷᠭᠠᠭᠤᠯᠢ᠎ᠶ᠋ᠢᠨ ᠬᠦᠷᠢᠶᠡᠨ᠎ᠦ ᠬᠢᠴᠢᠶᠡᠯ᠎ᠦᠨ ᠲᠠᠩᠬᠢᠮ᠎ᠳᠤ ᠴᠦ᠍ ᠪᠤᠯᠤᠭ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠠᠬ᠎ᠠ ᠳᠡᠭᠦᠦ ᠮᠡᠲᠦ ᠳᠣᠲᠣᠨᠣ ᠪᠠᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠬᠡᠷ ᠪᠦᠯᠢ ᠵᠢᠨ ᠬᠦᠮᠦᠨ ᠮᠡᠲᠦ ᠳᠣᠲᠣᠨᠣᠰᠤᠭ》ᠰᠡᠳᠭᠢᠯ ᠬᠥᠳᠡᠯᠭᠡᠮ᠎ᠡ ᠪᠠᠢᠳᠠᠯ ᠭᠠᠵᠠᠷ ᠪᠣᠯᠭᠠᠨ᠎ᠳᠤ ᠢᠯᠡᠷᠡᠵᠦ᠍ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠢ᠋ ᠪᠠᠷᠠᠯᠠᠬᠤᠶ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠬᠡᠷᠬᠢᠨ ᠠᠬᠢᠭᠤᠯᠬᠤ ᠪᠤᠢ? ᠶᠠᠮᠠᠷ ᠶᠠᠮᠠᠷ ᠠᠮᠢᠳᠤᠯᠢᠭ ᠪᠦᠲᠦᠮᠵᠢᠲᠡᠶ ᠠᠷᠭ᠎ᠠ ᠬᠡᠮᠵᠢᠶ᠎ᠡ ᠪᠠᠢᠳᠠᠭ ᠪᠣᠯ? ᠡᠨᠡ ᠵᠢᠯ᠎ᠦᠨ 4 ᠰᠠᠷ᠎ᠠ᠎ᠶ᠋ᠢᠨ 21᠎ᠤ᠋ ᠡᠳᠦᠷ ᠬᠤᠷᠠᠯᠳᠤᠭ᠍ᠰᠠᠨ《〈ᠠᠷᠪᠠᠨ ᠲᠠᠪᠤᠳᠤᠭᠠᠷ ᠲᠠᠪᠤᠨ ᠵᠢᠯ 〉᠎ᠤ᠋ᠨ ᠰᠠᠢᠨ ᠡᠬᠢᠯᠡᠯᠲᠡ ᠲᠤᠷᠪᠢᠯᠢᠭ ᠠᠯᠬᠤᠭ᠎ᠠ  — ᠱᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠰᠭᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ 》 ᠳᠡᠭᠡᠷ᠎ᠡ᠂ ᠥᠪᠥᠷ ᠮᠣᠩᠭᠣᠯ ᠪᠠᠢᠷᠢᠯᠠᠭᠤᠯᠤᠯᠲᠠ ᠬᠢᠵᠦ᠍᠂ ᠭᠤᠷᠪᠠᠨ ᠵᠠᠩᠭᠢᠯᠠᠭ᠎ᠠ᠎ᠶ᠋ᠢᠨ ᠴᠡᠭ ᠢ᠋ ᠭᠣᠣᠯᠳᠠᠯᠭ᠎ᠠ᠎ᠲᠠᠶ ᠰᠠᠢᠲᠤᠷ ᠠᠳᠭᠤᠬᠤ᠎ᠪᠠᠷ ᠪᠤᠢ ——

ᠵᠠᠩᠭᠢᠯᠠᠭ᠎ᠠ᠎ᠶ᠋ᠢᠨ ᠴᠡᠭ ᠨᠢᠭᠡ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠨ᠎ᠠ᠃ 

ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ 《 ᠭᠤᠷᠪᠠᠨ ᠰᠠᠯᠵᠤ ᠴᠢᠳᠠᠬᠤ ᠥᠬᠡᠶ 》 《 ᠳᠥᠷᠪᠡ᠎ᠶ᠋ᠢ ᠬᠠᠮᠲᠤ᠎ᠪᠠᠷ ᠡᠳ᠋ᠯᠡᠬᠦ᠌ 》 《 ᠲᠠᠪᠤᠨ ᠬᠠᠮᠲᠤ᠎ᠵᠢᠨ ᠲᠠᠨᠢᠯᠲᠠ》 ᠵᠡᠷᠭᠡ ᠤᠢᠯᠠᠭᠠᠭᠳᠠᠬᠤᠨ᠎ᠤ ᠬᠥᠮᠦᠵᠢᠯ ᠪᠠ 《 ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ 》 ᠣᠯᠠᠨ ᠲᠦᠮᠡᠨᠴᠢ ᠬᠥᠮᠦᠵᠢᠯ᠎ᠢ ᠥᠷᠭᠡᠨ᠎ᠢᠶᠡᠷ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠦᠨ᠎ᠡ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠢ ᠭᠦᠨᠵᠡᠭᠡᠶ ᠠᠭᠤᠳᠠᠯᠵᠤ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠶᠡᠬᠡ᠎ᠪᠡᠷ ᠰᠣᠩᠭᠣᠨ ᠪᠣᠶ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠰᠠᠢᠲᠤᠷ ᠶᠠᠷᠢᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠭ᠌ᠰᠡᠨ ᠦᠷ᠎ᠡ ᠪᠦᠲᠦᠭᠡᠯ ᠎ᠢ ᠪᠡᠬᠢᠵᠢᠭᠦᠯᠦᠨ ᠬᠡᠷᠡᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ ᠎ᠤ ᠭᠡᠷ ᠣᠷᠣᠨ᠎ᠢ ᠦᠷᠭᠦᠯᠵᠢᠯᠡᠨ ᠪᠠᠢᠭᠤᠯᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠎ᠵᠢ ᠠᠬᠢᠭᠤᠯᠵᠤ᠂ ᠡᠭᠡ ᠤᠯᠤᠰ᠎ᠤᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠵᠤ᠂ ᠰᠠᠢ᠌ᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠨ᠎ᠠ᠃

 ᠵᠠᠩᠭᠢᠯᠠᠭ᠎ᠠ᠎ᠶ᠋ᠢᠨ ᠴᠡᠭ ᠬᠣᠶᠠᠷ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠴᠦᠯᠡᠨ ᠠᠬᠢᠭᠤᠯᠤᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠤᠮᠠᠷᠠᠲᠤ ᠬᠢᠯᠢ ᠵᠢᠨ ᠠᠭᠤᠰᠤᠯᠴᠠᠯ》 ᠵᠡᠷᠭᠡ ᠣᠨᠴᠠᠯᠢᠭ᠍ᠲᠤ ᠲᠥᠷᠥᠯ ᠲᠡᠮᠲᠡᠭ᠎ᠢ ᠪᠤᠢ ᠪᠣᠯᠭᠠᠵᠤ᠂ 12 ᠠᠢᠮᠠᠭ ᠬᠣᠲᠠ᠎ᠶ᠋ᠢ ᠪᠦᠬᠦᠨ ᠎ᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ ᠬᠣᠲᠠ ᠪᠣᠯᠭᠠᠬᠤ᠎ᠪᠠᠷ ᠴᠢᠷᠮᠠᠢᠨ᠎ᠠ᠃ ᠬᠤᠲᠠ ᠬᠥᠳᠡᠭᠡ᠎ᠶ᠋ᠢᠨ ᠪᠦᠲᠦᠭᠡᠡ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢᠨ ᠲᠥᠯᠥᠪᠵᠢᠭᠦᠯᠭᠡ ᠪᠣᠯᠤᠨ ᠤᠯᠠᠠ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠤᠨ ᠲᠤᠬᠢᠷᠠᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠲᠡᠭᠦᠯᠳᠡᠷᠵᠢᠭ᠌ᠰᠡᠨ ᠦᠨᠳᠦᠰᠦᠲᠡᠨ᠎ᠨᠦᠭᠦᠳ᠎ᠦᠨ ᠤᠯᠠᠠ ᠲᠦᠮᠡᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ ᠎ᠦᠨ ᠨᠥᠬᠥᠴᠡᠯ᠎ᠢ ᠪᠦᠷᠢᠯᠳᠦᠭᠦᠯᠦᠨ᠎ᠡ᠃ ᠨᠡᠢᠲᠡᠯᠢᠭ ᠵᠢᠱ᠌ᠢᠶ᠎ᠡ᠎ᠪᠡᠷ ᠬᠥᠲᠥᠯᠥᠨ ᠳᠠᠭᠠᠭᠤᠯᠬᠤ ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠷᠢᠯᠴᠠᠨ ᠠᠭᠤᠰᠤᠯᠴᠠᠯ ᠮᠠᠶᠢᠭ᠎ᠤᠨ ᠬᠥᠭ᠌ᠵᠢᠯᠲᠡ᠎ᠶ᠋ᠢᠨ 100 ᠵᠢᠱ᠌ᠢᠶ᠎ᠡ᠂  ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ 100 ᠲᠥᠷᠥᠯ ᠵᠦᠶ᠋ᠯ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠭ᠍ᠰᠠᠨ 100 ᠬᠡᠷᠡᠭ᠎ᠦᠨ ᠵᠢᠱ᠌ᠢᠶ᠎ᠡ ᠎ᠶ᠋ᠢ ᠪᠣᠶ ᠪᠣᠯᠭᠠᠵᠤ᠂ ᠦᠨᠳᠦᠰᠦᠲᠡᠨ ᠨᠤᠭᠦᠳ᠎ᠦᠨ ᠠᠭᠤᠰᠤᠯᠴᠠᠯ ᠱᠢᠭᠢᠳᠭᠡᠯ᠎ᠦᠨ ᠦᠶ᠋ᠯᠡᠳᠦᠯᠭᠡ᠎ᠶ᠋ᠢᠨ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠨ᠎ᠡ᠃

 ᠵᠠᠩᠭᠢᠯᠠᠭ᠎ᠠ᠎ᠶ᠋ᠢᠨ ᠴᠡᠭ ᠭᠤᠷᠪᠠ᠂ ᠭᠣᠣᠯ ᠱᠤᠭᠤᠮ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ ᠳᠦᠷᠢᠮ ᠲᠣᠭ᠍ᠲᠠᠴᠠ᠎ᠶ᠋ᠢ ᠬᠦᠴᠦᠯᠡᠨ ᠪᠦᠷᠢᠨᠱᠢᠭᠦᠯᠦᠨ᠎ᠡ᠃ ᠳᠦᠷᠢᠮ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠭᠣᠣᠯ ᠱᠤᠭᠤᠮ᠎ᠤᠨ ᠱᠠᠭᠠᠷᠳᠠᠯᠭ᠎ᠠ᠎ᠶ᠋ᠢ ᠡᠯ᠎ᠡ ᠵᠦᠢᠯ᠎ᠦᠨ ᠠᠵᠢᠯ᠎ᠳᠠᠭᠠᠨ ᠪᠣᠳᠠᠲᠠᠶ ᠪᠥᠭᠡᠳ ᠭᠦᠨᠵᠡᠭᠡᠶ ᠨᠠᠢᠳᠠᠪᠤᠷᠢᠵᠢᠭᠤᠯᠤᠨ᠎ᠠ᠃ ᠴᠢᠬᠤᠯᠠ ᠶᠡᠬᠡ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠤᠭᠤᠱᠢᠯᠠᠭᠤᠯᠬᠤ ᠭᠣᠣᠯ ᠱᠤᠭᠤᠮ᠎ᠤᠨ ᠱᠠᠭᠠᠷᠳᠠᠯᠭ᠎ᠠ᠎ᠶ᠋ᠢ ᠲᠡᠭᠦᠯᠳᠡᠷᠵᠢᠭᠦᠯᠵᠦ᠍᠂ ᠪᠤᠶ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ 《ᠭᠤᠷᠪᠠᠨ ᠠᠴᠢ ᠬᠣᠯᠪᠣᠭ᠍ᠳᠠᠯ》ᠤ᠋ᠨ ᠬᠢᠨᠠᠨ ᠱᠢᠯᠭᠠᠵᠤ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠣᠯᠭᠣᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠡᠬᠢ ᠪᠠᠶᠠᠯᠢᠭ᠎ᠤᠨ ᠨᠡᠭᠡᠭᠡᠯᠲᠡ᠂ ᠠᠵᠤ ᠦᠢᠯᠡᠰ᠎ᠦᠨ ᠬᠥᠭ᠌ᠵᠢᠯᠲᠡ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠵᠡᠷᠭᠡ᠎ᠶ᠋ᠢᠨ ᠠᠱᠢᠭ ᠣᠯᠵᠠᠪᠤᠷᠢ᠎ᠶ᠋ᠢ ᠬᠠᠮᠲᠤ ᠪᠠᠷ ᠡᠳ᠋ᠯᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠣᠨᠴᠠᠯᠢᠭ᠍ᠲᠤ ᠠᠵᠤ ᠦᠶ᠋ᠯᠡᠰ᠎ᠢ ᠪᠣᠢᠵᠢᠭᠤᠯᠤᠨ᠂ ᠬᠠᠮᠲᠤ᠎ᠪᠠᠷ ᠪᠠᠶᠠᠵᠢᠨ ᠬᠠᠮᠲᠤ᠎ᠪᠠᠷ ᠡᠳ᠋ᠯᠡᠬᠦ᠌ ᠪᠣᠳᠠᠰ ᠎ᠤᠨ ᠰᠠᠭᠤᠷᠢ᠎ᠶ᠋ᠢ ᠪᠡᠬᠢᠵᠢᠭᠦᠯᠦᠨ᠎ᠡ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ᠎ᠳᠦ ᠵᠠᠰᠠᠪᠤᠷᠢ ᠣᠷᠣᠭᠤᠯᠤᠨ᠂ ᠦᠨᠳᠦᠰᠦᠲᠡᠨ ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠬᠡᠮ ᠰᠣᠭᠣᠭ᠎ᠢ ᠰᠡᠷᠭᠡᠢᠯᠡᠨ ᠠᠷᠢᠯᠭᠠᠬᠤ ᠠᠵᠢᠯ ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ ᠶᠣᠰᠣᠭᠠᠷ ᠦᠨᠳᠦᠰᠦᠲᠡᠨ᠎ᠦ ᠬᠡᠷᠡᠭ ᠡᠷᠭᠢᠯᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃

  ᠴᠢᠭᠯᠡᠯ ᠲᠣᠳᠣᠷᠬᠠᠢ ᠪᠣᠯᠪᠠ᠂ ᠬᠦᠴᠦ᠍᠎ᠪᠡᠨ ᠬᠠᠮᠲᠤᠳᠭᠠᠨ ᠤᠷᠤᠭ᠍ᠰᠢᠯᠠᠶ᠎ᠠ᠃ ᠱᠢᠨ᠎ᠡ ᠭᠠᠷᠤᠭ᠎ᠠ᠎ᠳᠤ ᠵᠣᠭ᠍ᠰᠣᠵᠤ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠭᠠᠷ ᠬᠣᠯᠪᠣᠯᠴᠠᠨ ᠰᠡᠳᠭᠢᠯ᠎ᠢᠶᠡᠨ ᠨᠢᠭᠡᠳᠭᠡᠵᠦ᠍᠂ ᠪᠦᠯᠬᠦᠮᠳᠡᠨ ᠲᠡᠮᠡᠴᠡᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠬᠠᠮᠲᠤ᠎ᠪᠠᠷ ᠰᠠᠢᠲᠤᠷ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号