ᠨᠤᠲᠤᠭ᠎ᠤᠨ ᠮᠥᠷᠥᠭᠡᠳᠦᠯ᠎ᠡᠴᠨ ᠰᠤᠨᠤᠯᠵᠠᠬᠰᠠᠨ ᠪᠠᠶᠠᠵᠢᠯ ᠤ᠋ᠨ ᠵᠠᠮ
2026-05-12 10:20:19
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 4 ᠎ᠤ᠋ ᠥᠷᠯᠥᠭᠡᠬᠦᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠣᠷᠴᠢᠨ ᠪᠠᠯᠭᠠᠰᠤᠨ ᠎ᠤ ᠤᠳᠠᠨ ᠵᠢᠯᠠᠭ᠎ᠠ ᠲᠣᠰᠭᠣᠨ ᠳ᠋ᠤ ᠬᠥᠷ ᠬᠥᠭ᠌ᠵᠢᠶᠡᠨ᠎ᠢᠶᠡᠷ ᠪᠢᠯᠬᠠᠨ᠎ᠠ᠃ ᠤᠯᠠᠭᠠᠨ ᠳᠤᠷᠳᠤᠩ ᠬᠡᠢᠰᠬᠡᠨ᠂ ᠬᠡᠩᠭᠡᠷᠭᠡ ᠴᠠᠩ ᠲᠡᠯᠡᠤᠨᠴᠤ ᠂ ᠶᠤᠸᠠᠨ ᠭᠤᠸᠠᠩ ᠲᠣᠰᠭᠣᠨ᠎ᠤ ᠤᠷᠠᠯᠢᠭ᠎ᠤᠨ ᠰᠠᠢᠨ ᠳᠤᠷ᠎ᠠ᠎ᠶ᠋ᠢᠨ ᠠᠩᠭᠢ᠎ᠶ᠋ᠢᠨ《ᠨᠤᠲᠤᠭ᠎ᠤᠰᠤᠨ ᠤ᠋ ᠮᠦᠷᠦᠭᠡᠳᠦᠯ》 ᠭᠡᠬᠦ᠌ ᠲᠣᠭ᠍ᠯᠠᠯᠲᠠ ᠡᠬᠢᠯᠡᠮᠡᠭ᠌ᠴᠡ᠎ᠪᠡᠨ ᠤᠢᠷ᠎ᠠ ᠬᠠᠪᠢ ᠵᠢᠨ ᠰᠢᠶᠠᠡᠭ ᠲᠤᠰᠬᠤᠨ ᠡᠴᠨ ᠬᠦᠷᠦᠯᠴᠡᠨ ᠢᠷᠡᠭ᠌ᠰᠡᠨ ᠵᠢᠭᠤᠯᠴᠢᠯᠠᠬᠰᠠᠳ ᠤ᠋ᠨ ᠠᠡᠭᠬᠠᠷᠤᠯ᠎ᠢ ᠲᠠᠲᠠᠵᠠᠶ᠃ ᠡᠬᠦᠨ ᠤ᠋ ᠳᠠᠷᠠᠭᠠᠬᠢ《ᠨᠤᠲᠤᠭ᠎ᠤᠨ ᠮᠥᠷᠥᠭᠡᠳᠦᠯ᠎ᠦᠨ ᠱᠢᠯᠵᠢᠮᠡᠯ ᠣᠷᠳᠣᠨ》 ᠭᠡᠭᠦ ᠳᠥᠷᠪᠡᠨ ᠲᠣᠮᠣ ᠵᠢᠭ᠍ᠰᠠᠭᠠᠯ ᠨᠢ ᠨᠠᠩ ᠴᠤ᠌ ᠪᠥᠬᠥ᠌ ᠲᠠᠯᠠᠪᠠᠶ᠎ᠶ᠋ᠢᠨ ᠲᠥᠪᠯᠡᠷᠡᠯ᠎ᠦᠨ ᠴᠡᠭ ᠪᠣᠯᠵᠠᠶ᠃ ᠬᠠᠭᠤᠴᠢᠨ ᠬᠠᠩᠭᠠᠨ ᠪᠣᠷᠣᠯᠠᠭᠤᠯᠬᠤ ᠬᠣᠷᠱᠢᠶ᠎ᠠ ᠵᠢᠨ ᠯᠠᠩᠭᠦᠶ᠂ ᠬᠤᠳᠳᠤᠭ᠎ᠤᠨ ᠬᠥᠪᠡᠭᠡᠨ᠎ᠳ᠋ᠸ᠋ ᠬᠤᠪᠴᠠᠰᠤ ᠤᠬᠢᠶᠠᠬᠤ᠂ ᠵᠡᠭᠦᠨ ᠬᠣᠢᠲᠤ᠎ᠶ᠋ᠢᠨ ᠤᠯᠠᠮᠵᠢᠯᠠᠯᠲᠤ ᠣᠷᠣᠭ ᠬᠤᠷᠢᠮ᠎ᠤᠨ ᠵᠠᠩᠱᠢᠯ ᠁ ᠨᠤᠳᠤᠭ᠎ᠤᠨ ᠦᠨᠦᠷ ᠠᠮᠲᠠ᠎ᠲᠠᠶ ᠪᠣᠳᠠᠲᠤ ᠦᠵᠡᠭ᠌ᠳᠡᠯᠲᠦ ᠲᠣᠭ᠍ᠯᠠᠯᠲᠠ ᠨᠢ ᠲᠡᠷᠡᠭᠡᠨ ᠵᠠᠭᠤᠷ᠎ᠠ ᠬᠡᠳᠦᠨ ᠦᠶ᠎ᠡ᠎ᠶ᠋ᠢᠨ ᠬᠥᠮᠦᠰ᠎ᠦᠨ ᠳᠤᠷᠠᠰᠤᠮᠵᠢ᠎ᠶ᠋ᠢ ᠥᠩᠭᠡᠷᠡᠭ᠌ᠰᠡᠨ᠎ᠦ ᠴᠠᠭ ᠮᠥᠴᠡ᠎ᠳᠦ ᠲᠡᠳᠡᠨ ᠤᠷᠤᠭᠤᠯᠪᠠ᠃

《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠤᠳᠠᠨ ᠵᠢᠯᠠᠭ᠎ᠠ ᠲᠣᠰᠭᠣᠨ ᠬᠢᠩᠭᠠᠨ ᠠᠢᠮᠠᠭ᠎ᠤᠨ ᠵᠢᠭᠤᠯᠴᠢᠯᠠᠯ ᠤ᠋ᠨ ᠬᠠᠯᠠᠮᠱᠢᠯ ᠭᠠᠵᠠᠷ ᠪᠣᠯᠪᠠ᠃  5 ᠡᠳᠦᠷ ᠦᠷᠭᠦᠯᠵᠢᠯᠡᠭ᠌ᠰᠡᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠎ᠤ 《ᠪᠣᠳᠠᠰ᠎ᠤᠨ ᠪᠤᠰᠤ ᠰᠣᠶᠣᠯ᠎ᠤᠨ ᠥᠪ᠎ᠢ ᠳᠠᠭᠠᠨ ᠵᠢᠭᠤᠯᠴᠢᠯᠠᠬᠤ》 ᠵᠢᠴᠢ ᠬᠣᠷᠴᠢᠨ ᠪᠠᠯᠭᠠᠰᠤᠨ᠎ᠤ ᠬᠣᠶᠠᠳᠤᠭᠠᠷ ᠬᠤᠭᠤᠴᠠᠭᠠᠨ᠎ᠤ ᠠᠨᠠᠷ᠎ᠤᠨ ᠦᠷ᠎ᠡ ᠬᠥᠷᠰᠢ ᠵᠡᠷᠭᠡᠯᠡᠳᠡᠭᠡ᠎ᠶ᠋ᠢᠨ ᠰᠣᠶᠣᠯ᠎ᠤᠨ ᠴᠤᠭ᠍ᠯᠠᠭᠠᠨ ᠡᠨᠳᠡ ᠬᠦᠭᠵᠢᠶᠡᠨ ᠳᠡᠢ ᠶᠠᠪᠤᠭ᠍ᠳᠠᠪᠠ᠃ ᠡᠳᠦᠷ ᠳᠤᠮᠳᠠᠴᠢ ᠵᠢᠨ ᠵᠢᠭᠤᠯᠴᠢᠯᠠᠭᠰᠠᠳ ᠎ᠤᠨ ᠲᠣᠭ᠎ᠠ 5 ᠲᠦᠮᠡ ᠱᠢᠬᠠᠮ ᠬᠥᠮᠦᠨ ᠤᠳᠠᠭ᠎ᠠ᠎ᠳᠤ ᠬᠦᠷᠴᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠪᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠡᠳᠦᠷ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠡ ᠨᠡᠩ ᠴᠤ᠌ 200 ᠲᠦᠮᠡᠨ ᠲᠥᠭᠥᠷᠢᠭ᠎ᠢ ᠳᠠᠪᠠᠵᠠᠢ᠃

ᠵᠢᠭᠤᠯᠴᠢᠯᠠᠬᠰᠠᠳ ᠤ᠋ᠨ ᠠᠡᠭᠬᠠᠷᠤᠯ ᠢ᠋ ᠶᠡᠭᠡᠪᠡᠷ ᠲᠠᠳᠠᠬᠰᠠᠨ ᠤᠴᠢᠷ ᠰᠢᠯᠳᠠᠭᠠᠨ ᠢ᠋ ᠨᠢ ᠡᠷᠢᠪᠠᠯ᠂ ᠲᠤᠰ ᠲᠣᠰᠭᠣᠨ ᠎ᠳᠤ ᠪᠠᠢᠭᠤᠯᠤᠭᠳᠠᠭᠰᠠᠨ 3200 ᠲᠡᠭ᠌ᠰᠢ ᠳᠥᠷᠪᠡᠯᠵᠢᠨ ᠮᠸᠲᠷ ᠲᠠᠯᠠᠪᠠᠢ᠎ᠪᠦᠬᠦᠢ ᠨᠤᠲᠤᠭ᠎ᠤᠨ ᠮᠥᠷᠥᠭᠡᠳᠦᠯ᠎ᠰᠣᠶᠣᠯ᠎ᠤᠨ ᠣᠷᠳᠣᠨ ᠲᠠᠢ ᠰᠢᠭᠤᠤᠨ ᠬᠤᠯᠪᠤᠭ᠎ᠠ ᠲᠠᠢ ᠠᠵᠢ ᠃

ᠨᠤᠲᠤᠭ᠎ᠤᠨ ᠮᠥᠷᠥᠭᠡᠳᠦᠯ᠎ᠰᠣᠶᠣᠯ᠎ᠤᠨ ᠣᠷᠳᠣᠨ᠎ᠤ ᠮᠣᠳᠣᠨ ᠡᠭᠦᠳᠡ ᠵᠢ ᠲᠦᠯᠬᠢᠨ ᠤᠷᠤᠪᠠᠯ᠂ ᠶᠦᠡᠭ ᠵᠢᠦ ᠲᠡᠮᠳᠡᠭ᠌ᠲᠦ ᠳᠤᠭᠤᠶ ᠲᠡᠷᠭᠡ᠂ ᠮᠸ᠋ ᠳ᠋ᠠᠨ ᠲᠡᠮᠳᠡᠭ᠌ᠲᠦ ᠣᠶᠣᠳᠠᠯ᠎ᠤᠨ ᠮᠠᠱᠢᠨ᠂ ᠠᠵᠢᠯ᠎ᠤᠨ ᠬᠤᠪᠢ᠎ᠳᠡᠮᠳᠡᠭᠯᠡᠬᠦ ᠳᠡᠪᠲᠡᠷ ᠁  ᠲᠦᠮᠡ ᠭᠠᠷᠤᠶ ᠬᠠᠭᠤᠴᠢᠨ ᠡᠳ᠋ᠯᠡᠯ ᠬᠡᠷᠡᠭᠰᠡᠯ᠎ᠢ ᠰᠣᠶᠣᠯ᠎ᠤᠨ ᠣᠷᠳᠣᠨ᠎ᠳᠤ ᠬᠠᠷᠠᠭ᠎ᠠ ᠲᠦᠭᠦᠷᠡᠡᠭ ᠲᠡᠯᠭᠡᠵᠡᠢ᠃ ᠡᠳᠡᠭᠡᠷ ᠬᠠᠭᠤᠴᠢᠨ ᠡᠳ᠋ᠯᠡᠯ ᠬᠡᠷᠡᠭᠰᠡᠯ ᠎ᠢ ᠴᠤᠭᠯᠠᠭᠤᠯᠬᠤ ᠎ᠳᠤ  ᠨᠢᠭᠡ ᠮᠦᠡᠭᠬᠦ ᠴᠦ᠍ ᠵᠠᠷᠤᠴᠠᠭᠤᠯᠤᠬᠰᠠᠨ ᠦᠭᠡᠢ ᠪᠠᠢᠵᠤ᠂ ᠪᠦᠷ ᠲᠣᠰᠭᠣᠨ᠎ᠤ ᠠᠷᠠᠳ ᠥᠪᠡᠷ ᠤ᠋ᠨ ᠰᠠᠢᠨ ᠲᠤᠷ᠎ᠠ ᠡᠴᠨ ᠪᠠᠨ ᠬᠠᠨᠳᠢᠪᠯᠠᠭᠰᠠᠨ ᠪᠠᠢᠪᠠ᠃ 《ᠦᠵᠡᠬᠦᠯᠭᠡ ᠳ᠋ᠤ ᠡᠳ᠋ᠯᠡᠯ ᠬᠡᠷᠡᠭᠰᠡᠯ ᠤᠯᠳᠠᠬᠤ ᠦᠭᠡᠢ᠎ᠭᠡᠵᠦ ᠰᠠᠨᠠᠭ᠎ᠠ ᠵᠣᠪᠠᠵᠤ ᠪᠠᠢᠭ᠍ᠰᠠᠨ ᠦᠶ᠎ᠡ᠎ᠳᠦ  ᠲᠣᠰᠭᠣᠨ᠎ᠤ ᠠᠷᠠᠳ ᠦᠪᠡᠷ ᠤ᠋ᠨ ᠭᠡᠷ ᠤ᠋ᠨ 〈ᠦᠨᠡᠳᠤ ᠡᠷᠳᠡᠨᠢ〉 ᠪᠡᠨ ᠬᠦᠷᠭᠡᠵᠦ᠍ ᠢᠷᠡᠭᠰᠡᠨ ᠰᠢᠤ》 ᠭᠡᠵᠦ ᠤᠳᠠᠨ ᠵᠢᠯᠠᠭ᠎ᠠ ᠲᠣᠰᠭᠣᠨ᠎ᠤ ᠨᠠᠮ᠎ᠤᠨ ᠡᠭᠦᠷ᠎ᠦᠨ ᠱᠦᠵᠢ ᠦ᠋ ᠵᠠᠨ ᠵᠢᠶᠦ᠋ᠨ ᠬᠡᠯᠡᠨ᠎ᠠ᠃ ᠲᠡᠬᠦᠨ ᠎ᠤ ᠡᠷᠭᠢᠴᠡᠭᠦᠯᠬᠦ᠌᠎ᠪᠡᠷ᠂ 《ᠭᠤᠷᠪᠠ ᠡᠷᠬᠢᠯᠳᠦᠵᠦ ᠨᠢᠭᠡ ᠳᠤᠤᠭᠠᠷᠬᠤ》 ᠡᠴᠡ ᠬᠠᠭᠤᠴᠢᠨ ᠮᠠᠶᠢᠭ᠎ᠤᠨ ᠲᠠᠷᠢᠶᠠᠯᠠᠩ᠎ᠤᠨ ᠮᠠᠱᠢᠨ ᠪᠠᠭᠠᠵᠢ ᠬᠦᠷᠲᠡᠯ᠎ᠡ᠂ ᠠᠢᠯ ᠡᠷᠦᠬᠡ᠎ᠪᠡᠷ ᠲᠠᠷᠬᠠᠵᠤ ᠪᠠᠢᠭ᠍ᠰᠠᠨ ᠬᠠᠭᠤᠴᠢᠨ ᠡᠳ᠋ᠯᠡᠯ ᠬᠡᠷᠡᠭᠰᠡᠯ ᠨᠢ ᠪᠦᠬᠦ᠌ ᠲᠣᠰᠭᠣᠨ᠎ᠤ ᠬᠥᠮᠦᠰ᠎ᠦᠨ ᠬᠠᠮᠲᠤ᠎ᠶ᠋ᠢᠨ ᠳᠤᠷᠠᠰᠤᠮᠵᠢ ᠪᠣᠯᠵᠠᠢ᠃

《ᠡᠳᠡᠬᠡᠷ ᠎ᠢ ᠦᠵᠡᠭᠡᠳ ᠪᠢ ᠪᠠᠭ᠎ᠠ᠎ᠶ᠋ᠢᠨ ᠦᠶ᠎ᠡ᠎ᠳᠤ ᠰᠠᠭᠤᠵᠤ ᠪᠠᠢᠭᠰᠠᠨ ᠭᠡᠷ  ᠪᠠᠢᠰᠢᠡᠭ  ᠵᠢᠡᠨ ᠪᠣᠳᠣᠵᠤ ᠣᠯᠪᠠ》 ᠭᠡᠵᠦ ᠵᠢᠭᠤᠯᠴᠢᠯᠠᠬᠴᠢ ᠴᠧᠨ ᡁᠢ ᠶᠤᠸᠠᠨ ᠬᠡᠯᠡᠪᠡ᠂ ᠡᠨᠳᠡᠬᠢ ᠠᠯᠢ ᠤᠯᠠᠨ ᠬᠠᠭᠤᠴᠢᠨ ᠡᠳ᠋ᠯᠡᠯ ᠬᠡᠷᠡᠭᠰᠡᠯ ᠨᠢ ᠴᠥᠮ ᠨᠢᠭᠡ ᠦᠶ᠎ᠡ᠎ᠶ᠋ᠢᠨ ᠬᠥᠮᠦᠰ᠎ᠦᠨ ᠵᠠᠯᠠᠭᠤ ᠨᠠᠰᠤ ᠪᠣᠯᠤᠨ ᠨᠤᠲᠤᠭ᠎ᠤᠨ ᠮᠥᠷᠥᠭᠡᠳᠦᠯ᠎ᠢ ᠠᠴᠢᠶᠠᠯᠠᠵᠤ ᠪᠠᠢᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号