ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ ᠵᠢᠨ 5 ᠰᠠᠷ᠎ᠠ᠎ᠶ᠋ᠢᠨ 9 ᠤ᠋ ᠲᠣᠭ᠎ᠠ ᠪᠠᠷᠢᠮᠲᠠ ᠵᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠦ 4 ᠰᠠᠷ᠎ᠠ᠎ᠳᠤ᠂ ᠮᠠᠨ᠎ᠤ ᠤᠯᠤᠰ᠎ᠤᠨ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠥᠷᠲᠡᠭ 16.23 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 14.9% ᠪᠠᠷ ᠨᠡᠮᠡᠭ᠌ᠳᠡᠵᠦ᠍᠂ᠬᠤᠷᠠᠮᠳᠤᠭᠤᠯᠤᠭᠰᠠᠨ ᠨᠡᠮᠡᠭ᠌ᠳᠡᠯ᠎ᠦᠨ ᠬᠤᠷᠳᠤᠴᠠ᠎ᠨᠢ ᠨᠢᠭᠡᠳᠦᠭᠡᠷ ᠤᠯᠠᠷᠢᠯ᠎ᠲᠠᠶ ᠦᠨᠳᠦᠰᠦᠨ᠎ᠳᠡᠭᠡᠨ ᠲᠡᠩᠴᠡᠵᠦ᠍᠂ ᠵᠢᠯ᠎ᠤᠨ ᠡᠬᠢᠨ᠎ᠡᠴᠡ ᠨᠠᠭᠠᠰᠢᠬᠢ ᠰᠠᠢᠨ ᠨᠡᠮᠡᠭ᠌ᠳᠡᠯ᠎ᠦᠨ ᠪᠠᠢᠳᠠᠯ᠎ᠢᠶᠠᠨ ᠪᠠᠳᠤᠯᠠᠪᠠ᠃
ᠰᠠᠷ᠎ᠠ᠎ᠶ᠋ᠢᠨ ᠬᠠᠨᠳᠤᠰᠢ᠎ᠡᠴᠡ ᠦᠵᠡᠪᠡᠯ᠂ 4 ᠰᠠᠷ᠎ᠠ᠎ᠳᠤ᠂ ᠮᠠᠨ᠎ᠤ ᠤᠯᠤᠰ᠎ᠤᠨ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠬᠡᠮᠵᠢᠶ᠎ᠠ 4.38 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 14.2% ᠵᠢᠡᠷ ᠨᠡᠮᠡᠭ᠌ᠳᠡᠪᠡ᠂ ᠡᠭᠦᠨ᠎ᠳᠦ ᠭᠠᠳᠠᠭᠠᠳᠤ ᠭᠠᠷᠭᠠᠯᠲᠠ ᠨᠢ 9.8% ᠪᠠᠷ ᠨᠡᠮᠡᠭ᠌ᠳᠡᠵᠦ᠍᠂ ᠭᠠᠳᠠᠭᠠᠳᠤ ᠤᠷᠤᠭᠤᠯᠤᠯᠲᠠ ᠨᠢ 20.6% ᠪᠠᠷ ᠨᠡᠮᠡᠭ᠌ᠳᠡᠪᠡ᠃ ᠳᠡᠭᠡᠷ᠎ᠠ ᠰᠠᠷ᠎ᠠ᠎ᠲᠠᠶ ᠬᠠᠷᠢᠴᠠᠭᠤᠯᠪᠠᠯ᠂ ᠭᠠᠳᠠᠭᠠᠳᠤ ᠳ᠋ᠤ ᠭᠠᠷᠭᠠᠭᠰᠠᠨ ᠨᠡᠮᠡᠭ᠌ᠳᠡᠯ᠎ᠦᠨ ᠬᠡᠮᠵᠢᠶ᠎ᠡ ᠵᠠᠭᠤᠨ ᠤ᠋ ᠬᠠᠷᠢᠴᠠᠯ ᠵᠢᠡᠷ 10.5 ᠬᠤᠪᠢ ᠲᠦᠷᠭᠡᠳᠴᠤ᠂ ᠪᠦᠬᠦᠯᠢ ᠴᠣᠭ᠍ᠴᠠ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠳᠠᠢᠴᠢᠯᠠᠨ ᠦᠷᠭᠦᠯᠵᠢᠯᠡᠨ ᠬᠣᠶᠠᠷ ᠣᠷᠣᠨᠲᠤ ᠲᠣᠭ᠎ᠠ ᠪᠡᠷ ᠨᠡᠮᠡᠭᠳᠡᠭᠰᠡᠨ ᠴᠢᠬᠤᠯᠠ ᠬᠦᠴᠦᠨ ᠵᠦᠶ᠋ᠯ ᠪᠣᠯᠵᠠᠶ᠃
《ᠳᠤᠮᠳᠠᠳᠤ ᠤᠯᠤᠰ᠎ᠤᠨ 4 ᠰᠠᠷ᠎ᠠ᠎ᠳᠤ ᠭᠠᠳᠠᠭᠠᠳᠤ ᠭᠠᠷᠭᠠᠯᠲᠠ ᠵᠢᠨ ᠠᠯᠬᠤᠮ ᠢᠯᠡᠳᠲᠡ ᠲᠦᠷᠭᠡᠳᠪᠡ》᠂ ᠷᠦᠲ᠋ᠸᠷ ᠬᠣᠷᠢᠶ᠎ᠠ ᠵᠡᠷᠭᠡ ᠭᠠᠳᠠᠭᠠᠳᠤ᠎ᠶ᠋ᠢᠨ ᠵᠠᠭᠤᠴᠢᠯᠠᠭᠤᠷ᠎ᠤᠨ᠎ᠬᠢᠨ 9 ᠤ᠋ ᠡᠳᠦᠷ᠂ ᠣᠳᠣᠬᠠᠨ᠎ᠳᠤ᠂ ᠳᠤᠮᠳᠠᠳᠤ ᠤᠯᠤᠰ᠎ᠤᠨ ᠵᠣᠬᠢᠶᠠᠮᠠᠯ ᠤᠶᠤᠨ ᠴᠢᠳᠠᠪᠤᠷᠢ᠎ᠶ᠋ᠢᠨ ᠬᠣᠯᠪᠣᠭ᠍ᠳᠠᠯ ᠪᠦᠬᠦᠢ ᠦᠢᠯᠡᠳᠬᠦᠨ᠎ᠦ ᠠᠷᠠᠯᠵᠢᠶ᠎ᠠ ᠥᠷᠨᠢᠭᠦᠨ ᠬᠥᠭ᠌ᠵᠢᠵᠦ᠍ ᠪᠠᠢᠨ᠎ᠠ ᠭᠡᠵᠤ ᠮᠡᠳᠡᠭᠡᠯᠡᠪᠡ᠃
ᠬᠦᠴᠦᠳᠡᠯ ᠥᠭᠡᠷᠡᠴᠢᠯᠡᠭ᠌ᠴᠢ ᠵᠢ ᠪᠦᠬᠦ᠌ ᠪᠥᠮᠪᠥᠷᠴᠡᠭ᠎ᠲᠦ ᠲᠣᠭ᠍ᠲᠠᠭᠤᠨ᠎ᠢᠶᠠᠷ ᠬᠠᠩᠭᠠᠭᠰᠠᠨ ᠡᠴᠡ᠂ ᠮᠠᠱᠢᠨ ᠬᠥᠮᠦᠨ ᠢ᠋ ᠳᠡᠯᠡᠬᠡᠢ ᠳ᠋ᠠᠬᠢᠨ᠎ᠳᠤ ᠭᠠᠷᠭᠠᠭᠰᠠᠨ ᠬᠦᠷᠲᠡᠯ᠎ᠡ᠂ ᠨᠢᠭᠡ ᠪᠦᠯᠦᠭ ᠳᠡᠭᠡᠳᠦ ᠮᠡᠷᠭᠡᠵᠢᠯ᠂ ᠥᠨᠳᠥᠷ ᠨᠡᠮᠡᠯᠲᠡ ᠦᠷᠳᠡᠭ ᠪᠦᠬᠦᠢ ᠮᠠᠱᠢᠨ ᠴᠠᠬᠢᠯᠭᠠᠨ᠎ᠤ ᠦᠢᠯᠡᠳᠬᠦᠨ ᠤ᠋ ᠪᠠᠢᠳᠠᠯ ᠮᠠᠰᠢ ᠰᠠᠢᠨ ᠪᠠᠢᠵᠤ᠂ ᠮᠠᠨ᠎ᠤ ᠤᠯᠤᠰ᠎ᠤᠨ ᠭᠠᠳᠠᠭᠠᠳᠤ ᠳ᠋ᠤ ᠭᠠᠷᠭᠠᠬᠤ ᠦᠢᠯᠡᠳᠭᠦᠨ ᠤ᠋ 《ᠲᠣᠭ᠎ᠠ ᠬᠡᠮᠵᠢᠶ᠎ᠠ ᠵᠢᠨ ᠨᠡᠮᠡᠭ᠌ᠳᠡᠯ》 ᠡᠴᠡ 《ᠴᠢᠨᠠᠷ ᠰᠠᠢᠲᠠᠢ》 ᠪᠣᠯᠤᠭᠰᠠᠨ ᠪᠦᠲᠦᠴᠡ᠎ᠶ᠋ᠢᠨ ᠴᠢᠨᠠᠷᠲᠠᠢ ᠬᠤᠪᠢᠷᠠᠯᠲᠠ᠎ᠶ᠋ᠢ ᠲᠤᠪᠤᠢ᠌ᠯᠭᠠᠪᠠ᠃
ᠲᠦᠷᠦᠭᠦᠦ 4 ᠰᠠᠷ᠎ᠠ᠎ᠳᠤ᠂ ᠮᠠᠱᠢᠨ ᠴᠠᠬᠢᠯᠭᠠᠨ᠎ᠤ ᠦᠶ᠋ᠯᠡᠳᠬᠦᠨ᠎ᠦ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ ᠠᠳᠠᠯᠢ ᠬᠤᠭᠤᠴᠠᠭᠠᠨ᠎ᠤ᠎ᠬᠢ᠎ᠡᠴᠡ 17.6% ᠪᠠᠷ ᠨᠡᠮᠡᠭ᠌ᠳᠡᠵᠦ᠍᠂ ᠮᠠᠨ᠎ᠤ ᠤᠯᠤᠰ᠎ᠤᠨ ᠪᠦᠬᠦᠯᠢ ᠴᠣᠭ᠍ᠴᠠ᠎ᠶ᠋ᠢᠨ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ ᠵᠢᠨ 63.5% ᠶ᠋ᠢ ᠡᠵᠡᠯᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ ᠤ᠋ ᠬᠠᠷᠢᠴᠠᠯ ᠵᠢᠡᠷ 3.4 ᠬᠤᠪᠢ ᠳᠡᠭᠡᠭ᠌ᠰᠢᠯᠡᠪᠡ᠃ ᠡᠭᠦᠨ᠎ᠳᠦ᠂ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ᠂ ᠯᠢᠲ᠋ᠢ ᠳ᠋ᠢᠶᠠᠨ ᡂᠢ᠂ ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠵᠡᠷᠭᠡ ᠦᠶ᠋ᠯᠡᠳᠬᠦᠨ᠎ᠦ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ ᠲᠣᠰ ᠲᠣᠰ 68.1%᠂ 43.2% ᠪᠠ 40.7% ᠪᠡᠷ ᠨᠡᠮᠡᠭ᠌ᠳᠡᠵᠦ᠍᠂ ᠠᠵᠤ ᠦᠶ᠋ᠯᠡᠳᠪᠦᠷᠢ᠎ᠶ᠋ᠢᠨ ᠮᠠᠱᠢᠨ ᠬᠥᠮᠦᠨ᠎ᠦ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ 30% ᠪᠡᠷ ᠨᠡᠮᠡᠭ᠌ᠳᠡᠪᠡ᠃
ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠤᠯᠠᠨ ᠤᠯᠤᠰ ᠤ᠋ᠨ ᠣᠷᠴᠢᠨ ᠨᠥᠬᠥᠴᠡᠯ᠎ᠦᠨ ᠡᠮᠦᠨ᠎ᠡ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠦᠨ ᠬᠠᠨᠳᠤᠰᠢ ᠰᠠᠢ᠌ᠨ ᠪᠠᠢᠬᠤ ᠨᠢ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠰᠠᠨᠠᠭᠠᠴᠢᠯᠠᠭᠠᠳᠤ ᠵᠢᠳᠭᠦᠯ ᠴᠢᠷᠮᠠᠢᠯᠭ᠎ᠠ ᠡᠴᠡ ᠰᠠᠯᠵᠤ ᠴᠢᠳᠠᠬᠤ ᠦᠭᠡᠢ ᠶᠤᠮ᠃
ᠲᠦᠷᠦᠭᠦᠦ 4 ᠰᠠᠷ᠎ᠠ᠎ᠳᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠶᠡᠷᠦᠩᠬᠡᠶ ᠥᠷᠲᠡᠭ 9.31 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 15.9% ᠪᠠᠷ ᠨᠡᠮᠡᠭ᠌ᠳᠡᠵᠦ᠍᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠶ ᠥᠷᠲᠡᠭ᠎ᠦᠨ 57.4% ᠶ᠋ᠢ ᠡᠵᠡᠯᠡᠵᠦ᠍᠂ ᠮᠠᠨ᠎ᠤ ᠤᠯᠤᠰ᠎ᠤᠨ ᠨᠢᠭᠡᠳᠦᠭᠡᠷ ᠲᠣᠮᠣ ᠭᠠᠳᠠᠭᠠᠳᠤ ᠠᠷᠠᠯᠵᠢᠶᠠᠨ᠎ᠤ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠦᠷᠭᠦᠯᠵᠢᠯᠡᠨ ᠪᠠᠲᠤᠯᠠᠪᠠ; ᠠᠳᠠᠯᠢ ᠬᠤᠭᠤᠴᠠᠭᠠᠨ᠎ᠳᠤ᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ᠎ᠤᠨ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠬᠡᠮᠵᠢᠶ᠎ᠠ 15.4% ᠪᠠᠷ ᠨᠡᠮᠡᠭ᠌ᠳᠡᠭᠰᠡᠨ ᠨᠢ ᠮᠠᠨ᠎ᠤ ᠤᠯᠤᠰ ᠪᠣᠯ ᠢᠮᠠᠭ᠍ᠲᠠ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠲᠣᠭ᠍ᠲᠠᠭᠠᠯ᠎ᠳᠤ ᠴᠢᠨᠠᠷᠲᠠᠶ ᠰᠠᠭᠤᠷᠢ ᠴᠢᠯᠠᠭᠤ ᠪᠠ ᠲᠣᠭ᠍ᠲᠠᠪᠤᠷᠢᠲᠤ ᠴᠢᠨᠠᠷᠲᠠᠶ ᠭᠠᠷᠠᠮ ᠪᠤᠯᠤᠩ ᠮᠥᠨ᠂ ᠪᠠᠰᠠ ᠴᠤ᠌ ᠭᠠᠳᠠᠭᠠᠳᠤ᠎ᠶ᠋ᠢᠨ ᠠᠷᠠᠯᠵᠢᠶᠠᠴᠢᠨ᠎ᠤ ᠬᠦᠰᠡᠨ ᠵᠤᠷᠢᠬᠤ᠂ ᠠᠮᠤᠷ ᠲᠦᠪᠱᠢᠨ᠂ ᠵᠢᠳᠬᠦᠯ ᠴᠢᠷᠮᠠᠢᠯᠭ᠎ᠠ ᠦᠵᠡᠭᠦᠯᠬᠦ ᠪᠠᠯᠠ ᠣᠷᠣᠭᠤᠯᠤᠯᠲᠠ᠎ᠶ᠋ᠢᠨ ᠭᠠᠵᠠᠷ ᠮᠥᠨ ᠭᠡᠳᠡᠭ᠎ᠢ ᠬᠠᠷᠠᠭᠤᠯᠵᠤ ᠪᠣᠶ᠃
ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠦᠨ ᠬᠠᠨᠳᠤᠰᠢ ᠰᠠᠢ᠌ᠨ ᠪᠠᠢᠬᠤ ᠨᠢ ᠬᠦᠴᠦᠷᠬᠡᠭ ᠶᠡᠬᠡ ᠵᠠᠬ᠎ᠠ ᠳᠡᠯᠭᠡᠭᠦᠷ᠎ᠢ ᠨᠡᠭᠡᠭᠡᠬᠦ᠌ ᠪᠠ ᠵᠣᠬᠢᠴᠠᠬᠤ ᠴᠢᠳᠠᠪᠤᠷᠢ ᠡᠴᠡ ᠰᠠᠯᠵᠤ ᠴᠢᠳᠠᠬᠤ ᠦᠭᠡᠢ ᠶᠤᠮ᠃ 《ᠱᠢᠨ᠎ᠡ᠎ᠪᠡᠷ ᠮᠠᠨᠳᠤᠭ᠍ᠰᠠᠨ ᠵᠠᠬ᠎ᠠ ᠳᠡᠯᠭᠡᠭᠦᠷ ᠬᠥᠭ᠌ᠵᠢᠨ ᠮᠠᠨᠳᠤᠵᠤ᠂ ᠤᠯᠠᠮᠵᠢᠯᠠᠯᠲᠤ ᠵᠠᠬ᠎ᠠ ᠳᠡᠯᠭᠡᠭᠦᠷ ᠲᠤ᠌ ᠲᠤᠬᠢᠷᠠᠭᠤᠯᠤᠯᠳᠠ ᠬᠢᠬᠦ》 ᠨᠢ ᠨᠢᠭᠡᠨᠲᠡ ᠣᠳᠣᠬᠠᠨ᠎ᠤ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠬᠠᠨᠢᠲᠠᠨ᠎ᠤ ᠪᠠᠢᠷᠢᠱᠢᠯ᠎ᠤᠨ ᠴᠢᠬᠤᠯᠠ ᠣᠨᠴᠠᠯᠢᠭ ᠪᠣᠯᠵᠠᠢ᠃ ᠲᠦᠷᠦᠭᠦᠦ 4 ᠰᠠᠷ᠎ᠠ᠎ᠳᠤ᠂ ᠳᠤᠮᠳᠠᠳᠤ ᠠᠮᠧᠷᠢᠺᠠ᠎ᠶ᠋ᠢᠨ ᠠᠷᠠᠯᠵᠢᠶᠠᠨ᠎ᠤ ᠶᠡᠷᠦᠩᠬᠡᠶ ᠥᠷᠲᠡᠭ ᠠᠳᠠᠯᠢ ᠬᠤᠭᠤᠴᠠᠭᠠᠨ᠎ᠤ᠎ᠬᠢ᠎ᠡᠴᠡ 12.9% ᠪᠠᠷ ᠪᠠᠭᠤᠷᠠᠭ᠍ᠰᠠᠨ ᠪᠠᠢᠳᠠᠯ ᠳᠤᠤᠷ᠎ᠠ᠂ ᠮᠠᠨ᠎ᠤ ᠤᠯᠤᠰ᠎ᠤᠨ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠂ ᠧᠦ᠋ᠷᠣᠫᠠ ᠲᠢᠪ ᠤ᠋ᠨ ᠤᠯᠤᠰ ᠤ᠋ᠳ ᠤ᠋ᠨ ᠬᠣᠯᠪᠣᠭ᠎ᠠ᠂ ᠯᠠᠲ᠋ᠢᠨ ᠠᠮᠧᠷᠢᠺᠠ ᠯᠤᠭ᠎ᠠ ᠵᠢᠨ ᠤᠷᠤᠭᠤᠯᠵᠤ ᠭᠠᠷᠭᠠᠭᠰᠠᠨ ᠬᠡᠮᠵᠢᠶ᠎ᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 15.7%᠂ 13.2%᠂ 15.3% ᠪᠠᠷ ᠨᠡᠮᠡᠭ᠌ᠳᠡᠵᠦ᠍᠂ ᠺᠣᠷᠢᠶᠠ᠂ ᠠᠨᠭ᠌ᠭ᠌ᠯᠢᠯᠤᠭᠠᠶ᠋ᠢᠨ ᠤᠷᠤᠭᠤᠯᠵᠤ ᠭᠠᠷᠭᠠᠭᠰᠠᠨ ᠬᠡᠮᠵᠢᠶ᠎ᠠ 34.3%᠂ 10% ᠪᠠᠷ ᠨᠡᠮᠡᠭ᠌ᠳᠡᠵᠦ᠍᠂ ᠳᠤᠮᠳᠠᠳᠤ ᠭᠠᠳᠠᠭᠠᠳᠤ᠎ᠶ᠋ᠢᠨ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌ 《ᠨᠠᠢᠵᠠ᠎ᠶ᠋ᠢᠨ ᠲᠣᠭᠣᠷᠢᠭ》 ᠡᠳᠦᠷ ᠢᠷᠡᠬᠦᠶ᠎ᠡ ᠪᠤᠵᠠᠭᠠᠢᠷᠠᠪᠠ᠃
ᠣᠨᠴᠠᠭᠠᠢᠯᠠᠨ ᠠᠩᠬᠠᠷᠤᠭᠤᠱᠢᠲᠠᠶ᠎ᠨᠢ᠂ ᠳᠤᠮᠳᠠᠳᠤ ᠠᠹᠷᠢᠺᠠ᠎ᠶ᠋ᠢᠨ ᠠᠷᠠᠯᠵᠢᠶᠠᠨ᠎ᠤ ᠬᠡᠪᠴᠢᠶ᠎ᠡ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠲᠦᠷᠦᠭᠦᠦ 4 ᠰᠠᠷ᠎ᠠ᠎ᠳᠤ ᠮᠠᠨ᠎ᠤ ᠤᠯᠤᠰ᠎ᠤᠨ ᠠᠹᠷᠢᠺᠠ ᠲᠢᠪ᠎ᠦᠨ ᠤᠯᠤᠰ᠎ᠤᠳ᠎ᠯᠤᠭ᠎ᠠ᠎ᠶ᠋ᠢᠨ ᠤᠷᠤᠭᠤᠯᠵᠤ ᠭᠠᠷᠭᠠᠭᠰᠠᠨ ᠬᠡᠮᠵᠢᠶ᠎ᠠ 8853.4 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 19.4% ᠪᠠᠷ ᠨᠡᠮᠡᠭ᠌ᠳᠡᠵᠦ᠍᠂ ᠲᠡᠦᠬᠡ᠎ᠶ᠋ᠢᠨ ᠠᠳᠠᠯᠢ ᠬᠤᠭᠤᠴᠠᠭᠠᠨ᠎ᠳᠤ ᠠᠩᠬ᠎ᠠ ᠤᠳᠠᠭ᠎ᠠ 8000 ᠳ᠋ᠦᠩᠱᠢᠭᠤᠷ ᠲᠥᠭᠥᠷᠢᠭ᠎ᠢ ᠳᠠᠪᠠᠪᠠ᠃ ᠡᠭᠦᠨ᠎ᠳᠦ᠂ ᠠᠹᠷᠢᠺᠠ ᠲᠢᠪ᠎ᠡᠴᠡ ᠣᠷᠣᠭᠤᠯᠤᠭ᠍ᠰᠠᠨ ᠬᠡᠮᠵᠢᠶ᠎ᠠ 11.2% ᠵᠢᠡᠷ ᠨᠡᠮᠡᠭ᠌ᠳᠡᠵᠦ᠍᠂ 8 ᠰᠠᠷ᠎ᠠ ᠳᠠᠷᠠᠭᠠᠯᠠᠨ ᠠᠳᠠᠯᠢ ᠬᠤᠭᠤᠴᠠᠭᠠᠨ᠎ᠤ ᠬᠢ᠎ᠡᠴᠡ ᠨᠡᠮᠡᠭ᠌ᠳᠡᠪᠡ᠃
《5 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠨ᠂ ᠮᠠᠨ᠎ᠤ ᠤᠯᠤᠰ ᠠᠹᠷᠢᠺᠠ ᠲᠢᠪ᠎ᠦᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 53 ᠤᠯᠤᠰ᠎ᠲᠤ ᠪᠣᠭᠣᠮᠲᠠ᠎ᠶ᠋ᠢᠨ ᠭᠠᠢᠯᠢ ᠥᠯᠦ ᠲᠠᠲᠠᠪᠤᠷᠢᠯᠠᠬᠤ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ᠃ ᠣᠳᠣᠬᠠᠨ ᠪᠣᠯᠲᠠᠯ᠎ᠠ᠂ 〈ᠪᠣᠭᠣᠮᠲᠠ᠎ᠶ᠋ᠢᠨ ᠭᠠᠢᠯᠢ ᠥᠯᠦ ᠲᠠᠲᠠᠪᠤᠷᠢᠯᠠᠬᠤ〉 ᠲᠦᠷᠦᠯ ᠵᠦᠶ᠋ᠯ᠎ᠦᠨ ᠳᠤᠤᠷ᠎ᠠ ᠨᠢᠭᠡᠨᠲᠡ ᠠᠯᠮᠤᠷᠠᠳ᠂ ᠵᠦᠷᠵᠢ᠂ ᠠᠯᠢᠮᠠᠯᠢᠭ ᠵᠢᠮᠢᠰ ᠵᠡᠷᠭᠡ ᠠᠹᠷᠢᠺᠠ ᠲᠢᠪ᠎ᠦᠨ ᠲᠣᠰ ᠤᠯᠠᠷᠢᠯ᠎ᠤᠨ ᠲᠠᠷᠢᠶᠠᠯᠠᠩ᠎ᠤᠨ ᠢᠳᠡᠭᠡᠨ᠎ᠦ ᠪᠦᠲᠦᠭᠡᠭ᠌ᠳᠡᠬᠦᠨ᠎ᠢ ᠭᠠᠳᠠᠭᠠᠳᠤ᠎ᠡᠴᠡ ᠣᠷᠣᠭᠤᠯᠬᠤ᠎ᠪᠠᠷ ᠭᠤᠶᠤᠴᠢᠯᠠᠨ ᠮᠡᠳᠡᠭᠦᠯᠪᠡ》᠃ ᠪᠣᠭᠣᠮᠲᠠ᠎ᠶ᠋ᠢᠨ ᠶᠡᠷᠦᠩᠬᠡᠢ ᠵᠠᠬᠢᠷᠭ᠎ᠠ᠎ᠶ᠋ᠢᠨ ᠲᠤᠭ᠎ᠠ ᠪᠦᠷᠢᠳᠭᠡᠯ ᠤ᠋ᠨ ᠵᠠᠳᠠᠯᠤᠯᠳᠠ ᠵᠢᠨ ᠵᠤᠷᠭᠠᠨ᠎ᠤ ᠳᠠᠷᠤᠭ᠎ᠠ ᠯᠢᠦᠢ ᠳ᠋ᠡ ᠯᠢᠶᠠᠩ᠂ ᠳᠤᠮᠳᠠᠳᠤ ᠤᠯᠤᠰ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠢᠶᠡᠷ ᠠᠹᠷᠢᠺᠠ ᠲᠢᠪ᠎ᠲᠦ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠬᠠᠩᠭᠠᠵᠤ᠂ ᠳᠤᠮᠳᠠᠳᠤ ᠠᠹᠷᠢᠺᠠ᠎ᠶ᠋ᠢᠨ ᠠᠷᠠᠳ ᠲᠦᠮᠡᠨ᠎ᠳᠦ ᠨᠡᠩ ᠰᠠᠢ᠌ᠨ ᠪᠤᠶᠠᠨ ᠦᠢᠯᠡᠳᠦᠨ᠎ᠡ ᠭᠡᠵᠦ᠍ ᠢᠯᠡᠳᠭᠡᠪᠡ᠃
ᠭᠠᠳᠠᠭᠠᠳᠤ ᠠᠷᠠᠯᠵᠢᠶᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠵᠠᠭ᠍ᠪᠤᠷ᠎ᠤᠨ ᠲᠠᠯᠳᠠ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠭᠰᠡᠨ ᠨᠢ ᠪᠠᠰᠠ ᠴᠤ᠌ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠴᠢᠬᠤᠯᠠ ᠨᠡᠮᠡᠭ᠌ᠳᠡᠯ᠎ᠦᠨ ᠴᠡᠭ ᠮᠥᠨ᠃
5 ᠰᠠᠷ᠎ᠠ᠎ᠶ᠋ᠢᠨ 9 ᠤ᠋ ᠡᠳᠦᠷ᠂ ᠨᠢᠭᠡᠨ ᠤᠷᠤᠭᠤᠯᠤᠨ ᠪᠤᠳᠤᠭ ᠪᠠ ᠭᠣᠶᠣᠯᠠᠯ᠎ᠤᠨ ᠱᠤᠸᠠᠰᠠ ᠵᠡᠷᠭᠡ ᠭᠣᠶᠣᠯᠠᠯ᠎ᠤᠨ ᠡᠳ᠋ ᠠᠴᠢᠶᠠᠯᠠᠭᠰᠠᠨ᠂ ᠪᠠᠷᠤᠭ 48 ᠲᠦᠮᠡᠨ ᠲᠥᠭᠥᠷᠢᠭ᠎ᠦᠨ ᠴᠢᠨᠭᠭᠡᠯᠢᠭ᠎ᠲᠦ ᠠᠴᠢᠶᠠᠨ᠎ᠤ ᠮᠠᠱᠢᠨ ᠢ ᠦ᠋ ᠭᠠᠷᠠᠮ᠎ᠳᠤ ᠬᠠᠢᠷᠴᠠᠭ᠍ᠯᠠᠬᠤ ᠠᠵᠢᠯ᠎ᠢᠶᠠᠨ ᠳᠠᠭᠤᠰᠭᠠᠭ᠍ᠰᠠᠨ᠎ᠤ ᠳᠠᠷᠠᠭ᠎ᠠ᠂ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠠᠯᠠᠪᠤᠷ᠎ᠲᠤ ᠬᠦᠷᠴᠦ᠍ ᠪᠢᠲᠡᠭᠦᠮᠵᠢᠯᠡᠬᠦ᠌ ᠭᠠᠷ ᠭᠦᠶ᠋ᠴᠡᠳᠭᠡᠯ᠎ᠢ ᠭᠦᠶ᠋ᠴᠡᠳᠭᠡᠪᠡ᠃ ᠡᠳᠡᠭᠡᠷ ᠪᠠᠷᠠᠭ᠎ᠠ᠎ᠶ᠋ᠢ ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠠᠷᠠᠯᠵᠢᠶᠠᠨ᠎ᠤ ᠠᠷᠭ᠎ᠠ᠎ᠪᠠᠷ ᠪᠷᠠᠽᠢᠯ᠎ᠳᠤ ᠭᠠᠷᠭᠠᠨ᠎ᠠ᠃
ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠠᠷᠠᠯᠵᠢᠶ᠎ᠠ ᠪᠣᠯ ᠲᠤᠰᠭᠠᠶ ᠵᠠᠬ᠎ᠠ ᠳᠡᠯᠭᠡᠭᠦᠷ᠎ᠦᠨ ᠲᠠᠸᠠᠷ᠎ᠤᠨ 《ᠣᠯᠠᠨ ᠲᠥᠷᠥᠯ ᠵᠦᠶ᠋ᠯ᠂ ᠣᠯᠠᠨ ᠪᠦᠯᠦᠭ ᠤᠳᠠᠭ᠎ᠠ᠂ ᠪᠠᠭ᠎ᠠ ᠬᠡᠮᠵᠢᠶ᠎ᠡ》᠎ᠶ᠋ᠢᠨ ᠭᠠᠳᠠᠭᠠᠳᠤ ᠭᠠᠷᠭᠠᠯᠲᠠ᠎ᠳᠤ ᠵᠣᠷᠢᠭᠤᠯᠵᠤ ᠲᠣᠭ᠍ᠲᠠᠭᠠᠭ᠍ᠰᠠᠨ ᠭᠠᠳᠠᠭᠠᠳᠤ ᠠᠷᠠᠯᠵᠢᠶᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠣᠯᠤᠨ᠎ᠠ᠂ ᠲᠠᠰ ᠳᠠᠷᠠᠭᠠᠯᠠᠯ᠎ᠨᠢ ᠳᠥᠭᠥᠮ ᠳᠥᠲᠡ᠂ ᠭᠤᠪᠢᠭᠤᠯᠭ᠎ᠠ᠎ᠵᠢ ᠲᠡᠰᠦᠯᠦᠨ ᠪᠤᠳᠤᠬᠤ᠎ᠨᠢ ᠠᠮᠢᠳᠤᠯᠢᠭ᠂ ᠥᠷᠲᠡᠭ ᠨᠡᠮᠡᠭ᠌ᠳᠡᠯ᠎ᠦᠨ ᠭᠠᠢᠯᠢ ᠵᠢ ᠬᠡᠯᠲᠦᠷᠢᠭᠦᠯᠬᠦ ᠵᠡᠷᠭᠡ ᠣᠨᠴᠠᠯᠢᠭ᠎ᠢᠶᠠᠷ᠎ᠢᠶᠠᠨ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃
ᠵᠢᠰᠦ ᠭᠣᠶᠣᠯᠠᠬᠤ ᠲᠥᠷᠥᠯ᠎ᠦᠨ ᠲᠠᠸᠠᠷ᠎ᠤᠨ ᠭᠠᠳᠠᠭᠠᠳᠤ ᠭᠠᠷᠭᠠᠯᠲᠠ᠎ᠶ᠋ᠢᠨ ᠱᠢᠯᠭᠠᠨ ᠪᠠᠢᠴᠠᠭᠠᠬᠤ ᠶᠠᠪᠤᠴᠠ ᠶᠠᠷᠱᠢᠭ᠍ᠲᠠᠶ᠂ ᠪᠣᠭᠣᠮᠲᠠ ᠥᠩᠭᠡᠷᠡᠬᠦ᠌ ᠬᠡᠯᠬᠢᠶ᠎ᠡ ᠣᠷᠳᠣ ᠪᠠᠢᠬᠤ ᠡᠪᠡᠷᠱᠢᠶᠡᠯ᠎ᠳᠦ ᠴᠢᠭ᠌ᠯᠡᠭᠦᠯᠦᠨ᠂ ᠢ ᠦ᠋ ᠪᠣᠭᠣᠮᠲᠠ᠎ᠨᠢ ᠪᠥᠬᠥ᠌ ᠤᠯᠤᠰ᠎ᠲᠤ ᠠᠩᠬ᠎ᠠ ᠡᠭᠦᠳᠦᠭ᠌ᠰᠡᠨ ᠵᠠᠬ᠎ᠠ ᠳᠡᠯᠭᠡᠭᠦᠷ᠎ᠦᠨ ᠭᠣᠶᠣᠯᠠᠯ᠎ᠤᠨ ᠡᠳ᠋ ᠬᠤᠳᠠᠯᠳᠤᠨ ᠠᠪᠬᠤ ᠭᠠᠵᠠᠷ᠎ᠤᠨ ᠱᠢᠯᠭᠠᠨ ᠪᠠᠢᠴᠠᠭᠠᠬᠤ ᠵᠠᠭ᠍ᠪᠤᠷ᠎ᠢ ᠡᠩ ᠲᠡᠷᠢᠭᠦᠨ᠎ᠳᠦ ᠨᠠᠢᠳᠠᠪᠤᠷᠢᠵᠢᠭᠤᠯᠵᠤ᠂ ᠪᠥᠬᠥ᠌ ᠬᠡᠯᠬᠢᠶ᠎ᠡ᠎ᠶ᠋ᠢᠨ ᠣᠭ ᠦᠨᠳᠦᠰᠦ᠎ᠡᠴᠡ᠎ᠨᠢ ᠡᠷᠢᠬᠦ᠌ ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠠᠵᠤ ᠠᠬᠤᠢᠯᠠᠯ᠎ᠤᠨ ᠢ ᠦ᠋ᠳᠦ ᠨᠢᠭᠡ ᠥᠷᠲᠡᠭᠡᠴᠢᠯᠡᠭ᠌ᠰᠡᠨ ᠮᠠᠶᠢᠭ᠎ᠢᠶᠠᠷ ᠭᠤᠶᠤᠴᠢᠯᠠᠨ ᠮᠡᠳᠡᠭᠦᠯᠬᠦ᠌᠂ ᠱᠢᠯᠭᠠᠨ ᠪᠠᠢᠴᠠᠭᠠᠬᠤ᠂ ᠪᠣᠭᠣᠮᠲᠠ ᠥᠩᠭᠡᠷᠡᠬᠦ᠌ ᠪᠥᠬᠥ᠌ ᠶᠠᠪᠤᠴᠠ᠎ᠶ᠋ᠢᠨ ᠭᠠᠷᠳᠠᠮ᠎ᠢ ᠪᠡᠶᠡᠯᠡᠭᠦᠯᠵᠦ᠍᠂ ᠪᠣᠭᠣᠮᠲᠠ ᠥᠩᠭᠡᠷᠡᠬᠦ᠌ ᠴᠠᠭ᠎ᠢ ᠶᠡᠬᠡᠪᠡᠷ ᠪᠠᠭᠠᠰᠭᠠᠨ᠂ ᠡᠵᠡᠩᠨᠡᠯᠲᠡ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠪᠠ᠃
ᠲᠦᠷᠦᠭᠦᠦ 4 ᠰᠠᠷ᠎ᠠ᠎ᠳᠤ᠂ ᠢ ᠦ᠋᠎ᠶ᠋ᠢᠨ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰᠤᠨᠬᠢᠡᠴᠡ ᠵᠠᠭᠤᠨ᠎ᠤ ᠬᠠᠷᠢᠴᠠᠯ᠎ᠢᠶᠡᠷ 3 ᠬᠤᠪᠢᠱᠢᠬᠠᠮ ᠲᠦᠷᠭᠡᠨ ᠪᠣᠯᠪᠠ᠂ ᠡᠭᠦᠨ᠎ᠳᠦ᠂ ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠬᠡᠪᠴᠢᠶ᠎ᠡ ᠪᠥᠬᠥ᠌ ᠤᠯᠤᠰ᠎ᠤᠨ ᠲᠤᠯᠤᠭᠠᠨ ᠬᠤᠪᠢ ᠤᠷᠴᠢᠮ᠎ᠢ ᠡᠵᠡᠯᠡᠵᠦ᠍᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠵᠢ ᠠᠱᠢᠭ᠍ᠯᠠᠨ ᠵᠢᠵᠢᠭ ᠲᠠᠸᠠᠷ᠂ ᠲᠣᠮᠣ ᠵᠠᠬ᠎ᠠ ᠳᠡᠯᠭᠡᠭᠦᠷ᠎ᠦᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠪᠡ᠃
ᠭᠠᠳᠠᠭᠠᠳᠤ ᠠᠷᠠᠯᠵᠢᠶ᠎ᠠ ᠪᠣᠯ ᠮᠠᠨ᠎ᠤ ᠤᠯᠤᠰ᠎ᠤᠨ ᠠᠵᠤ ᠠᠬᠤᠢ᠎ᠶ᠋ᠢ ᠠᠵᠢᠭ᠍ᠯᠠᠬᠤ ᠴᠢᠬᠤᠯᠠ ᠴᠣᠩᠬᠣ ᠮᠥᠨ᠃ ᠲᠦᠷᠦᠭᠦᠦ 4 ᠰᠠᠷ᠎ᠠ᠎ᠳᠤ ᠲᠣᠭ᠎ᠠ ᠬᠡᠮᠵᠢᠶ᠎ᠡ ᠲᠣᠭ᠍ᠲᠠᠭᠤᠨ ᠶᠠᠰᠤ ᠴᠢᠨᠠᠷ ᠳᠡᠭᠡᠭ᠌ᠰᠢᠯᠡᠭ᠌ᠰᠡᠨ ᠭᠠᠳᠠᠭᠠᠳᠤ ᠠᠷᠠᠯᠵᠢᠶᠠᠨ᠎ᠤ ᠬᠢᠷᠢ ᠪᠦᠲᠦᠮᠵᠢ᠎ᠶ᠋ᠢᠨ ᠬᠠᠭᠤᠳᠠᠰᠤ᠎ᠨᠢ ᠮᠠᠨ᠎ᠤ ᠤᠯᠤᠰ᠎ᠤᠨ ᠠᠵᠤ ᠠᠬᠤᠶ᠎ᠶ᠋ᠢᠨ ᠴᠢᠩᠭ᠎ᠠ ᠬᠦᠴᠦᠲᠡᠶ ᠤᠶᠠᠨ ᠬᠠᠲᠠᠨ ᠴᠢᠨᠠᠷ ᠪᠠ ᠳᠣᠲᠣᠭᠠᠳᠤ ᠬᠥᠳᠡᠯᠭᠡᠬᠦ᠌ ᠬᠦᠴᠦᠨ᠎ᠢ ᠭᠦᠶ᠋ᠴᠡᠳ ᠢᠯᠡᠷᠡᠭᠦᠯᠦᠭ᠌ᠰᠡᠨ ᠪᠥᠭᠡᠳ ᠪᠠᠰᠠ ᠪᠢᠳᠡᠨ᠎ᠦ ᠭᠠᠳᠠᠭᠠᠳᠤ ᠠᠷᠠᠯᠵᠢᠶᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠂ ᠣᠯᠠᠨ ᠡᠱᠢᠵᠢᠭ᠌ᠰᠡᠨ ᠵᠠᠬ᠎ᠠ ᠳᠡᠯᠭᠡᠭᠦᠷ᠎ᠢ ᠥᠷᠭᠡᠳᠭᠡᠬᠦ᠌ ᠢᠲᠡᠭᠡᠯ ᠵᠣᠷᠢᠭ᠎ᠢ ᠤᠯᠠᠮ ᠨᠢᠭᠡ ᠠᠯᠬᠤᠮ ᠪᠠᠲᠤᠳᠭᠠᠪᠠ᠃
ᠣᠳᠣᠬᠠᠨ᠎ᠳᠤ᠂ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ ᠮᠥᠨ ᠯᠡ ᠮᠠᠰᠢ ᠤᠯᠠᠨ ᠲᠣᠭ᠍ᠲᠠᠭᠤᠨ ᠪᠤᠰᠤ᠂ ᠲᠣᠭ᠍ᠲᠠᠭᠠᠯᠲᠦ ᠪᠤᠰᠤ ᠬᠦᠴᠦᠨ ᠵᠦᠢᠯ᠎ᠳᠦ ᠲᠤᠯᠭᠠᠷᠠᠵᠤ ᠪᠠᠢᠨ᠎ᠠ᠂ ᠭᠡᠪᠡᠴᠦ᠍ ᠮᠠᠨ᠎ᠤ ᠤᠯᠤᠰ᠎ᠤᠨ ᠠᠵᠤ ᠠᠬᠤᠢ᠎ᠶ᠋ᠢᠨ ᠤᠷᠳᠤ ᠬᠤᠭᠤᠴᠠᠭ᠎ᠠ᠎ᠪᠠᠷ ᠰᠠᠢᠵᠢᠷᠠᠬᠤ ᠬᠠᠨᠳᠤᠰᠢ᠎ᠶ᠋ᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠬ᠍ᠰᠠᠨ ᠦᠭᠡᠢ᠂ ᠭᠠᠳᠠᠭᠠᠳᠤ ᠠᠷᠠᠯᠵᠢᠶᠠᠨ᠎ᠤ ᠳᠠᠪᠠᠭᠤᠯᠢᠭ ᠪᠠ ᠠᠮᠢᠵᠢᠷᠠᠯ᠎ᠤᠨ ᠬᠦᠴᠦᠨ ᠲᠠᠰᠤᠷᠠᠯᠳᠠ ᠦᠭᠡᠢ ᠢᠯᠡᠷᠡᠵᠦ᠍ ᠪᠠᠢᠨ᠎ᠠ᠃ 4 ᠰᠠᠷ᠎ᠠ᠎ᠳᠤ᠂ ᠮᠠᠨ᠎ᠤ ᠤᠯᠤᠰ᠎ᠤᠨ ᠦᠶ᠋ᠯᠡᠳᠬᠦ᠌ ᠦᠶ᠋ᠯᠡᠰ᠎ᠦᠨ PMI ᠦᠷᠭᠦᠯᠵᠢᠯᠡᠨ ᠥᠷᠭᠡᠳᠭᠡᠯ᠎ᠦᠨ ᠬᠡᠪᠴᠢᠶᠡᠨ᠎ᠳᠦ ᠣᠷᠣᠱᠢᠵᠤ᠂ ᠡᠭᠦᠨ᠎ᠳᠦ ᠱᠢᠨ᠎ᠡ᠎ᠪᠡᠷ ᠭᠠᠳᠠᠭᠠᠳᠤ᠎ᠳᠤ ᠭᠠᠷᠭᠠᠬᠤ ᠵᠠᠬᠢᠶᠠᠯᠠᠭ᠎ᠠ᠎ᠶ᠋ᠢᠨ ᠬᠠᠭᠤᠳᠠᠰᠤ᠂ ᠭᠠᠳᠠᠭᠠᠳᠤ᠎ᠡᠴᠡ ᠣᠷᠣᠭᠤᠯᠬᠤ ᠵᠡᠷᠭᠡ ᠭᠦᠶ᠋ᠴᠡᠳᠭᠡᠯ ᠲᠣᠭ᠎ᠠ ᠦᠷᠭᠦᠯᠵᠢᠯᠡᠨ ᠳᠡᠭᠡᠭ᠌ᠰᠢᠯᠡᠬᠦ᠌ ᠬᠠᠨᠳᠤᠰᠢ᠎ᠲᠠᠶ ᠪᠠᠢᠨ᠎ᠠ᠃ ᠭᠠᠳᠠᠭᠠᠳᠤ ᠠᠷᠠᠯᠵᠢᠶᠠᠨ᠎ᠤ ᠰᠠᠢᠵᠢᠷᠠᠬᠤ ᠬᠠᠨᠳᠤᠰᠢ᠎ᠶ᠋ᠢ ᠤᠯᠠᠮ ᠨᠢᠭᠡ ᠠᠯᠬᠤᠮ ᠪᠡᠬᠢᠵᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ ᠡᠷᠭᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠷᠭᠦᠯᠵᠢᠯᠡᠭ᠌ᠰᠡᠨ ᠬᠥᠳᠡᠯᠭᠡᠬᠦ᠌ ᠡᠨᠧᠷᠭᠢ ᠨᠡᠮᠡᠷᠢᠯᠡᠬᠦ᠌ ᠪᠣᠯᠤᠨ᠎ᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)