ᠲᠥᠷᠥ᠎ᠶ᠋ᠢᠨ ᠶᠠᠪᠤᠳᠠᠯ᠎ᠤᠨ ᠬᠣᠷᠢᠶ᠎ᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠬᠣᠯᠪᠣᠭ᠍ᠳᠠᠯ ᠪᠥᠬᠥᠶ ᠠᠵᠢᠯ᠎ᠢ ᠰᠤᠳᠤᠯᠤᠨ ᠠᠬᠢᠭᠤᠯᠪᠠ
2026-05-12 09:34:45
ᠵᠣᠬᠢᠶᠠᠭ᠍ᠴᠢ᠄
​ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠱᠸᠨ ᠴᠧᠩ
ᠣᠩᠱᠢᠭ᠍ᠰᠠᠨ ᠣᠳᠠᠭ᠎ᠠ᠄
★★★☆☆

ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠪᠡᠯ ᠰᠠᠶᠢ ᠠᠵᠤ ᠠᠬᠤᠢ᠎ᠶ᠋ᠢᠨ ᠲᠣᠭ᠍ᠲᠠᠭᠤᠨ᠎ᠢᠶᠠᠷ ᠬᠤᠯᠠ ᠠᠶᠠᠯᠠᠬᠤ᠎ᠶ᠋ᠢ ᠪᠠᠲᠤᠯᠠᠵᠤ ᠴᠢᠳᠠᠨ᠎ᠠ᠃ 5 ᠰᠠᠷ᠎ᠠ᠎ᠶ᠋ᠢᠨ 9 ᠤ᠋ ᠡᠳᠦᠷ ᠬᠤᠷᠠᠯᠳᠤᠭᠤᠯᠤᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠠᠯ ᠡᠴᠡ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ ᠵᠢᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠬᠣᠯᠪᠣᠭ᠍ᠳᠠᠯ ᠪᠥᠬᠥᠶ ᠠᠵᠢᠯ᠎ᠢ ᠰᠤᠳᠤᠯᠤᠨ ᠠᠬᠢᠭᠤᠯᠪᠠ᠃

ᠣᠢᠷ᠎ᠠ᠎ᠶ᠋ᠢᠨ ᠵᠢᠯ ᠳ᠋ᠤ᠂ ᠮᠠᠨ᠎ᠤ ᠤᠯᠤᠰ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ᠎ᠶ᠋ᠢ ᠪᠠᠢᠷᠢᠯᠠᠭᠤᠯᠤᠨ ᠬᠡᠷᠡᠭ᠌ᠵᠢᠭᠦᠯᠵᠦ᠍᠂ ᠥᠷᠢ ᠥᠭ᠌ᠴᠡᠭᠡ᠎ᠶ᠋ᠢ ᠠᠷᠢᠯᠭᠠᠬᠤ ᠬᠠᠮ ᠲᠥᠰᠦᠯ᠎ᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠪᠠ᠃

ᠬᠤᠷᠠᠯ᠎ᠡᠴᠡ᠂ ᠥᠷᠢ ᠥᠭ᠌ᠴᠡᠭᠡ᠎ᠶ᠋ᠢ ᠠᠷᠢᠯᠭᠠᠬᠤ ᠬᠠᠮ ᠲᠥᠰᠦᠯ᠎ᠢ ᠪᠠᠢᠷᠢᠯᠠᠭᠤᠯᠤᠨ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠥᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠭᠣᠣᠯᠳᠠᠯᠭ᠎ᠠ᠎ᠲᠠᠶ ᠬᠦᠷᠢᠶ᠎ᠡ ᠪᠣᠯᠤᠨ ᠪᠠᠭᠤᠷᠠᠢ ᠭᠣᠭ᠍ᠴᠣᠭ᠎ᠠ᠎ᠳᠤ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠨᠤᠲᠤᠭ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠥᠷᠢ ᠥᠭ᠌ᠴᠡᠭᠡ᠎ᠶ᠋ᠢ ᠠᠷᠢᠯᠭᠠᠬᠤ᠎ᠶ᠋ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠣᠷᠣᠨ ᠨᠤᠲᠤᠭ᠎ᠤᠨ ᠪᠡᠶ᠎ᠡ᠎ᠪᠡᠨ ᠳᠠᠭᠠᠭᠠᠵᠤ ᠥᠷᠢ ᠥᠭ᠌ᠴᠡᠭᠡ᠎ᠪᠡᠨ ᠲᠦᠯᠦᠬᠦ᠌ ᠴᠢᠳᠠᠪᠤᠷᠢ᠎ᠶ᠋ᠢ ᠴᠢᠩᠭᠠᠳᠭᠠᠵᠤ᠂ ᠥᠷᠢ ᠥᠭ᠌ᠴᠡᠭᠡ᠎ᠶ᠋ᠢ ᠠᠷᠢᠯᠭᠠᠬᠤ ᠡᠭᠦᠷᠭᠡ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠬᠦ᠌᠎ᠶ᠋ᠢ ᠪᠠᠲᠤᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

《ᠣᠢᠷ᠎ᠠ᠎ᠶ᠋ᠢᠨ ᠵᠢᠯ ᠳ᠋ᠤ᠂ ᠥᠷᠢ ᠥᠭ᠌ᠴᠡᠭᠡ᠎ᠶ᠋ᠢ ᠠᠷᠢᠯᠭᠠᠬᠤ ᠬᠠᠮ ᠲᠥᠰᠦᠯ᠎ᠢ ᠭᠦᠨᠵᠡᠭᠡᠶ ᠬᠡᠷᠡᠭ᠌ᠵᠢᠭᠦᠯᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠨᠦᠬᠡᠴᠡ ᠳᠠᠯᠳᠠ ᠥᠷᠢ ᠥᠭ᠌ᠴᠡᠭᠡ᠎ᠶ᠋ᠢ ᠡᠮᠬᠢ ᠵᠢᠷᠤᠮ᠎ᠲᠠᠶ᠎ᠪᠠᠷ ᠰᠣᠯᠢᠵᠤ᠂ ᠪᠠᠯᠠ ᠬᠤᠷᠠᠮᠳᠤᠭᠤᠯᠭ᠎ᠠ᠎ᠶ᠋ᠢᠨ ᠲᠠᠪᠴᠠᠩ᠎ᠤᠨ ᠲᠣᠭ᠎ᠠ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠣᠷᠣᠨ ᠨᠤᠲᠤᠭ᠎ᠤᠨ ᠥᠷᠢ ᠥᠭ᠌ᠴᠡᠭᠡ᠎ᠶ᠋ᠢᠨ ᠪᠦᠲᠦᠴᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠪᠡ᠃ ᠲᠣᠰ ᠤᠳᠠᠭᠠᠨ᠎ᠤ ᠬᠤᠷᠠᠯ᠎ᠤᠨ ᠪᠠᠢᠷᠢᠯᠠᠭᠤᠯᠤᠯᠲᠠ ᠨᠢ᠂ ᠥᠷᠢ ᠥᠭ᠌ᠴᠡᠭᠡ ᠵᠢᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ》 ᠭᠡᠵᠤ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠡᠳ᠋᠎ᠦᠨ ᠵᠠᠰᠠᠭ᠎ᠤᠨ ᠰᠤᠳᠤᠯᠭᠠᠨ᠎ᠤ ᠲᠠᠰᠤᠭ᠎ᠤᠨ ᠡᠷᠬᠢᠯᠡᠭ᠌ᠴᠢ ᠾᠧ ᠳ᠋ᠠᠢ ᠱᠢᠨ ᠬᠡᠯᠡᠪᠡ᠃

ᠬᠤᠷᠠᠯ᠎ᠡᠴᠡ᠂ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠡᠴᠡ᠎ᠶ᠋ᠢ ᠪᠠᠢᠭᠤᠯᠤᠨ ᠪᠦᠷᠢᠨᠱᠢᠬᠦᠯᠵᠤ᠂ ᠳᠠᠯᠳᠠ ᠥᠷᠢ ᠱᠢᠨ᠎ᠡ᠎ᠪᠡᠷ ᠨᠡᠮᠡᠭ᠌ᠳᠡᠬᠦ᠌᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ ᠭᠡᠵᠤ ᠴᠢᠬᠤᠯᠠᠴᠢᠯᠠᠵᠠᠢ᠃

《ᠥᠷᠢ ᠦᠭᠴᠡᠭᠡ᠎ᠶ᠋ᠢ ᠠᠷᠢᠯᠭᠠᠬᠤ ᠪᠣᠯ ᠠᠷᠭ᠎ᠠ ᠪᠠᠷᠢᠯ ᠮᠥᠨ᠂ ᠬᠥᠭ᠌ᠵᠢᠭᠦᠯᠬᠦ᠌ ᠪᠣᠯ ᠵᠣᠷᠢᠯᠭ᠎ᠠ ᠮᠥᠨ》᠃ ᠾᠧ ᠳ᠋ᠠᠢ ᠱᠢᠨ᠂ ᠴᠢᠨᠠᠷ ᠰᠠᠢᠲᠠᠢ ᠬᠥᠭ᠌ᠵᠢᠯᠲᠡ᠎ᠯᠦᠭᠡ ᠵᠣᠬᠢᠴᠠᠬᠤ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠡᠴᠡ᠎ᠶ᠋ᠢ ᠲᠦᠷᠭᠡᠳᠭᠡᠨ ᠪᠠᠢᠭᠤᠯᠵᠤ᠂ ᠬᠥᠭ᠌ᠵᠢᠯᠲᠡ᠎ᠶ᠋ᠢᠨ ᠳᠤᠮᠳᠠ ᠥᠷᠢ ᠥᠭ᠌ᠴᠡᠭᠡ᠎ᠶ᠋ᠢ ᠠᠷᠢᠯᠭᠠᠬᠤ᠂ ᠥᠷᠢ ᠥᠭ᠌ᠴᠡᠭᠡ᠎ᠶ᠋ᠢ ᠠᠷᠢᠯᠭᠠᠬᠤ ᠳᠤᠮᠳᠠ ᠬᠥᠭ᠌ᠵᠢᠬᠦ᠌᠎ᠶ᠋ᠢ ᠠᠬᠢᠭᠤᠯᠵᠤ᠂ ᠡᠳ᠋᠎ᠦᠨ ᠵᠠᠰᠠᠭ᠎ᠤᠨ ᠦᠷᠭᠦᠯᠵᠢᠯᠡᠬᠦ᠌ ᠴᠢᠨᠠᠷ᠎ᠢ ᠤᠯᠠᠮ ᠨᠢᠭᠡ ᠠᠯᠬᠤᠮ ᠴᠢᠩᠭᠠᠳᠬᠠᠬᠤ ᠪᠤᠯᠤᠨ᠎ᠠ ᠭᠡᠵᠦ᠍ ᠢᠯᠡᠳᠭᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号