2025 ᠣᠨ᠎ᠤ ᠪᠥᠬᠥ᠌ ᠤᠯᠤᠰ᠎ᠤᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠤᠭ᠍ᠰᠠᠨ ᠬᠡᠮᠵᠢᠶ᠎ᠡ 3.38 ᠳ᠋ᠦᠩᠱᠢᠭᠤᠷ ᠲᠣᠨ᠎ᠢ ᠳᠠᠪᠠᠪᠠ
2026-05-12 09:45:46
ᠵᠣᠬᠢᠶᠠᠭ᠍ᠴᠢ᠄
ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠬᠥ᠋ ᠢ ᠫᠢᠩ
ᠣᠩᠱᠢᠭ᠍ᠰᠠᠨ ᠣᠳᠠᠭ᠎ᠠ᠄
★★★☆☆

ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠌ ᠲᠣᠪᠴᠢᠶ᠎ᠠ᠎ᠶ᠋ᠢᠨ ᠬᠠᠮᠤᠭ᠎ᠤᠨ ᠱᠢᠨ᠎ᠡ ᠨᠡᠢᠲᠡᠯᠡᠭ᠌ᠰᠡᠨ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2025 ᠣᠨ᠎ᠤ ᠨᠠᠮᠤᠷ᠎ᠤᠨ ᠠᠮᠤ ᠪᠤᠳᠠᠭ᠎ᠠ᠎ᠶ᠋ᠢᠨ ᠡᠯᠪᠡᠭ ᠤᠯᠠᠷᠢᠯ᠎ᠳᠤ ᠬᠤᠳᠠᠯᠳᠤᠨ ᠠᠪᠬᠤ ᠠᠵᠢᠯ ᠡᠨᠡ ᠵᠢᠯ᠎ᠦᠨ 4 ᠰᠠᠷ᠎ᠠ᠎ᠶ᠋ᠢᠨ ᠰᠡᠭᠦᠯᠴᠢ᠎ᠪᠡᠷ ᠳᠠᠭᠤᠰᠴᠤ᠌᠂ ᠪᠥᠬᠥ᠌ ᠤᠯᠤᠰ᠎ᠤᠨ ᠡᠯ᠎ᠡ ᠲᠥᠷᠥᠯ᠎ᠦᠨ ᠠᠮᠤ ᠪᠤᠳᠠᠭᠠᠨ᠎ᠤ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠤᠭ᠍ᠰᠠᠨ ᠬᠡᠮᠵᠢᠶ᠎ᠡ ᠨᠡᠢᠲᠡ 3.38 ᠳ᠋ᠦᠩᠱᠢᠭᠤᠷ ᠲᠣᠨ᠎ᠢ ᠳᠠᠪᠠᠵᠤ᠂ ᠣᠢᠷ᠎ᠠ᠎ᠶ᠋ᠢᠨ ᠵᠢᠯ᠎ᠦᠨ ᠲᠤᠷᠱᠢᠬᠢ ᠨᠡᠯᠢᠶᠡᠳ ᠥᠨᠳᠥᠷ ᠲᠦᠪᠱᠢᠨ᠎ᠳᠦ ᠬᠦᠷᠴᠡᠶ᠃ ᠬᠤᠳᠠᠯᠳᠤᠨ ᠠᠪᠬᠤ ᠠᠵᠢᠯ᠎ᠤᠨ ᠠᠬᠢᠴᠠ ᠶᠡᠷᠦᠩᠬᠡᠢ᠎ᠳᠡᠭᠡᠨ ᠲᠦᠷᠭᠡᠨ᠂ ᠬᠤᠳᠠᠯᠳᠤᠨ ᠠᠪᠬᠤ ᠪᠠ ᠪᠣᠷᠣᠯᠠᠭᠤᠯᠬᠤ ᠨᠢ ᠠᠮᠢᠳᠤᠯᠢᠭ᠂ ᠦᠨ᠎ᠡ ᠬᠠᠩᠰᠢ ᠥᠰᠦᠭ᠌ᠰᠡᠨ ᠵᠡᠷᠭᠡ ᠣᠨᠴᠠᠯᠢᠭ᠎ᠲᠠᠶ ᠪᠠᠢᠨ᠎ᠠ᠃

ᠠᠩᠬ᠎ᠠ ᠠᠯᠬᠤᠮ᠎ᠤᠨ ᠪᠦᠷᠢᠳᠭᠡᠯ᠎ᠢ ᠦᠨᠳᠦᠰᠦᠯᠡᠪᠡᠯ᠂ ᠵᠤᠨ᠎ᠤ ᠲᠤᠲᠤᠷᠭ᠎ᠠ ᠤᠷᠤᠢ᠎ᠶᠢᠨ ᠳᠤᠲᠤᠷᠭ᠎ᠠ᠎ᠵᠢ ᠨᠡᠢᠲᠡ 1.03 ᠳ᠋ᠦᠩᠱᠢᠭᠤᠷ ᠲᠣᠨ᠂ ᠡᠷᠳᠡᠨᠢ ᠱᠢᠰᠢ 2.22 ᠳ᠋ᠦᠩᠱᠢᠭᠤᠷ ᠲᠣᠨ᠂ ᠱᠢᠷ᠎ᠠ ᠪᠤᠷᠴᠠᠭ 1299 ᠲᠦᠮᠡᠨ ᠲᠣᠨ ᠬᠤᠳᠠᠯᠳᠤᠨ ᠠᠪᠴᠠᠶ᠃ ᠾᠧᠨᠠᠨ᠂ ᠬᠤᠨᠠᠨ᠂ ᠬᠠᠷᠠᠮᠥ᠋ᠷᠡᠨ 3 ᠮᠤᠵᠢ ᠵᠤᠨ᠎ᠤ ᠲᠤᠲᠤᠷᠭ᠎ᠠ ᠣᠷᠣᠶ᠎ᠶ᠋ᠢᠨ ᠲᠤᠲᠤᠷᠭ᠎ᠠ᠎ᠵᠢ ᠬᠠᠮᠤᠭ᠎ᠤᠨ ᠳᠣᠣᠷ᠎ᠠ ᠦᠨ᠎ᠡ᠎ᠪᠡᠷ ᠬᠤᠳᠠᠯᠳᠤᠨ ᠠᠪᠬᠤ ᠬᠡᠷᠡᠭ᠌ᠵᠢᠭᠦᠯᠬᠦ᠌ ᠲᠥᠰᠦᠯ᠎ᠢ ᠡᠬᠢᠯᠡᠨ ᠬᠡᠷᠡᠭ᠌ᠵᠢᠭᠦᠯᠵᠦ᠍᠂ ᠬᠠᠮᠤᠭ᠎ᠤᠨ ᠳᠣᠣᠷ᠎ᠠ ᠦᠨ᠎ᠡ᠎ᠪᠡᠷ ᠬᠤᠳᠠᠯᠳᠤᠨ ᠠᠪᠬᠤ ᠵᠤᠨ᠎ᠤ ᠲᠤᠲᠤᠷᠭ᠎ᠠ ᠣᠷᠣᠶ᠎ᠶ᠋ᠢᠨ ᠲᠤᠲᠤᠷᠭ᠎ᠠ᠎ᠵᠢ ᠨᠡᠢᠲᠡ 418 ᠲᠦᠮᠡᠨ ᠲᠣᠨ ᠬᠤᠳᠠᠯᠳᠤᠨ ᠠᠪᠴᠠᠢ᠃

ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠌ ᠲᠣᠪᠴᠢᠶᠠᠨ᠎ᠤ ᠠᠮᠤ ᠪᠤᠳᠠᠭ᠎ᠠ ᠨᠥᠭᠡᠴᠡᠯᠡᠬᠦ᠌ ᠵᠤᠷᠭᠠᠨ᠎ᠤ ᠳᠠᠷᠤᠭ᠎ᠠ ᠯᠦᠸᠧ ᠱᠸᠤ ᠴᠢᠤᠸᠠᠨ᠂ ᠲᠣᠰ ᠤᠯᠠᠷᠢᠯ᠎ᠳᠤ ᠨᠠᠮᠤᠷ᠎ᠤᠨ ᠠᠮᠤ ᠪᠤᠳᠠᠭ᠎ᠠ ᠵᠠᠬ᠎ᠠ ᠳᠡᠯᠭᠡᠭᠦᠷ᠎ᠲᠦ ᠭᠠᠷᠤᠭ᠍ᠰᠠᠨ ᠨᠢ ᠡᠷᠲᠡ᠂ ᠶᠡᠷᠦᠩᠬᠡᠶ ᠶᠠᠰᠤ ᠴᠢᠨᠠᠷ ᠨᠢ ᠰᠠᠢᠨ᠂ ᠲᠠᠷᠢᠶᠠᠴᠢᠳ᠎ᠤᠨ ᠠᠮᠤ ᠪᠤᠳᠠᠭ᠎ᠠ ᠬᠤᠳᠠᠯᠳᠤᠭᠰᠠᠨ ᠨᠢ ᠢᠳᠡᠪᠬᠢᠲᠡᠶ᠂ ᠠᠵᠤ ᠠᠬᠤᠢᠯᠠᠯ᠎ᠤᠨ ᠠᠮᠤ ᠪᠤᠳᠠᠭ᠎ᠠ ᠬᠤᠷᠢᠶᠠᠭᠰᠠᠨ ᠨᠢ ᠢᠳᠡᠪᠬᠢᠲᠡᠶ ᠪᠠᠢᠵᠤ᠂ ᠪᠦᠬᠦᠯᠢ ᠴᠣᠭ᠍ᠴᠠ᠎ᠳᠤᠨᠢ ᠬᠤᠳᠠᠯᠳᠤᠨ ᠠᠪᠬᠤ ᠪᠠ ᠪᠣᠷᠣᠯᠠᠭᠤᠯᠬᠤ ᠬᠣᠶᠠᠷ ᠬᠦᠭᠵᠢᠶᠡᠨᠲᠦ ᠰᠠᠢᠨ ᠰᠠᠢᠬᠠᠨ ᠪᠠᠢᠳᠠᠯ ᠢᠯᠡᠷᠡᠵᠦ᠍᠂ ᠬᠤᠳᠠᠯᠳᠤᠨ ᠠᠪᠬᠤ ᠦᠨ᠎ᠡ ᠲᠣᠭ᠍ᠲᠠᠭᠤᠨ ᠪᠠᠢᠬᠤ᠎ᠶ᠋ᠢᠨ ᠵᠡᠷᠭᠡ᠎ᠳᠦ ᠥᠰᠴᠠᠢ ᠭᠡᠵᠤ ᠢᠯᠡᠳᠭᠡᠪᠡ᠃

ᠡᠭᠦᠨ᠎ᠦ ᠬᠠᠮᠲᠤ᠂ ᠴᠢᠨᠠᠷ ᠰᠠᠢᠲᠠᠶ ᠰᠠᠢᠨ ᠦᠨ᠎ᠡ᠎ᠶ᠋ᠢᠨ ᠣᠨᠴᠠᠯᠢᠭ ᠨᠠᠩ ᠢᠯᠡᠷᠬᠡᠶ ᠪᠣᠯᠵᠣ᠂ ᠴᠢᠨᠠᠷ ᠰᠠᠢᠲᠠᠶ ᠢᠳᠡᠱᠢᠨ ᠲᠤᠲᠤᠷᠭ᠎ᠠ᠎ᠶ᠋ᠢᠨ ᠦᠨ᠎ᠡ ᠲᠣᠨ ᠪᠦᠷᠢ᠎ᠳᠡᠭᠡᠨ 3200 ᠲᠥᠭᠥᠷᠢᠭ᠎ᠲᠦ ᠬᠦᠷᠴᠦ᠍᠂ ᠴᠢᠨᠠᠷ ᠰᠠᠢᠲᠠᠶ ᠤᠭᠤᠷᠠᠭ ᠶᠡᠬᠡᠲᠡᠶ ᠱᠢᠷ᠎ᠠ ᠪᠤᠷᠴᠠᠭ᠎ᠤᠨ ᠦᠨ᠎ᠡ ᠲᠣᠨ ᠪᠦᠷᠢ᠎ᠳᠡᠭᠡᠨ 5000 ᠲᠥᠭᠥᠷᠢᠭ᠎ᠢ ᠳᠠᠪᠠᠪᠠ᠃

ᠣᠢᠯᠠᠭᠠᠭ᠍ᠰᠠᠨ᠎ᠢᠶᠠᠷ᠂ 2025 ᠣᠨ᠎ᠤ ᠨᠠᠮᠤᠷ᠎ᠤᠨ ᠠᠮᠤ ᠪᠤᠳᠠᠭ᠎ᠠ᠎ᠶ᠋ᠢᠨ ᠡᠯᠪᠡᠭ ᠤᠯᠠᠷᠢᠯ᠎ᠳᠤ ᠬᠤᠳᠠᠯᠳᠤᠨ ᠠᠪᠬᠤ ᠬᠤᠭᠤᠴᠠᠭᠠᠨ᠎ᠳᠤ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠌ ᠲᠣᠪᠴᠢᠶ᠎ᠠ ᠨᠢᠭᠡᠳᠦᠯᠲᠡᠶ ᠲᠥᠯᠥᠪᠵᠢᠭᠦᠯᠦᠨ ᠵᠣᠬᠢᠶᠠᠨ ᠪᠠᠢᠭᠤᠯᠬᠤ᠎ᠪᠠᠨ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠂ ᠬᠤᠳᠠᠯᠳᠤᠨ ᠠᠪᠴᠤ᠌ ᠨᠥᠭᠡᠴᠡᠯᠡᠬᠦ᠌᠎ᠶ᠋ᠢ ᠲᠣᠬᠢᠷᠠᠭᠤᠯᠤᠨ ᠡᠵᠡᠮᠳᠡᠬᠦ᠌ ᠠᠵᠢᠯ᠎ᠢ ᠲᠣᠬᠢᠶᠠᠯ᠎ᠢ ᠦᠵᠡᠨ ᠠᠮᠢᠳᠤᠯᠢᠭ᠎ᠢᠶᠠᠷ ᠥᠷᠨᠢᠭᠦᠯᠵᠦ᠍᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠪᠠ ᠲᠠᠷᠢᠶᠠᠯᠠᠩ ᠠᠵᠤ ᠠᠬᠤᠢᠯᠠᠯ᠎ᠢ ᠵᠣᠯᠭᠠᠭᠤᠯᠬᠤ᠎ᠶ᠋ᠢ ᠠᠬᠢᠭᠤᠯᠵᠤ᠂ ᠡᠯ᠎ᠡ ᠲᠥᠷᠥᠯ᠎ᠦᠨ ᠭᠤᠤᠯ ᠴᠣᠭ᠍ᠴᠠ᠎ᠶ᠋ᠢᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠢᠳᠡᠪᠬᠢᠲᠡᠶ ᠬᠥᠲᠥᠯᠥᠨ ᠵᠢᠯᠣᠭᠣᠳᠴᠤ᠌᠂ ᠵᠠᠬ᠎ᠠ ᠳᠡᠯᠭᠡᠭᠦᠷ᠎ᠦᠨ ᠬᠤᠳᠠᠯᠳᠤᠨ ᠠᠪᠬᠤ ᠪᠠ ᠪᠣᠷᠣᠯᠠᠭᠤᠯᠬᠤ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠵᠦ᠍᠂ ᠬᠤᠳᠠᠯᠳᠤᠨ ᠠᠪᠬᠤ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠪᠠ᠃

2026 ᠣᠨ᠎ᠤ ᠵᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠳᠠᠯ ᠥᠬᠡᠶ ᠡᠬᠢᠯᠡᠬᠦ᠌ ᠭᠡᠵᠦ᠍ ᠪᠣᠶ᠂ ᠤᠯᠤᠰ᠎ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ᠌ ᠲᠣᠪᠴᠢᠶ᠎ᠠ ᠵᠣᠨ᠎ᠤ ᠠᠮᠤ ᠪᠤᠳᠠᠭ᠎ᠠ ᠬᠤᠳᠠᠯᠳᠤᠨ ᠠᠪᠬᠤ ᠪᠠᠢᠳᠠᠯ᠎ᠢ ᠵᠠᠳᠠᠯᠤᠨ ᠰᠤᠳᠤᠯᠵᠤ ᠮᠠᠭᠠᠳᠯᠠᠬᠤ᠎ᠪᠠᠨ ᠴᠢᠩᠭᠠᠳᠭᠠᠵᠤ᠂ ᠡᠯ᠎ᠡ ᠭᠠᠵᠠᠷ ᠪᠠ ᠬᠣᠯᠪᠣᠭ᠍ᠳᠠᠯ ᠪᠥᠬᠥᠶ ᠠᠵᠤ ᠠᠬᠤᠢᠯᠠᠯ᠎ᠢ ᠵᠢᠯᠣᠭᠣᠳᠤᠨ ᠬᠤᠳᠠᠯᠳᠤᠨ ᠠᠪᠬᠤ ᠲᠥᠰᠦᠯ᠎ᠢ ᠤᠷᠢᠳᠴᠢᠯᠠᠨ ᠲᠣᠭ᠍ᠲᠠᠭᠠᠵᠤ᠂ ᠵᠣᠨ᠎ᠤ ᠠᠮᠤ ᠪᠤᠳᠠᠭ᠎ᠠ ᠬᠤᠳᠠᠯᠳᠤᠨ ᠠᠪᠬᠤ ᠠᠵᠢᠯ᠎ᠤᠨ ᠪᠡᠯᠡᠳᠭᠡᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠮᠤ ᠪᠤᠳᠠᠭᠠᠨ᠎ᠤ ᠵᠠᠬ᠎ᠠ ᠳᠡᠯᠭᠡᠭᠦᠷ᠎ᠦᠨ ᠲᠣᠭ᠍ᠲᠠᠭᠤᠨ ᠡᠷᠭᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠵᠤ᠂ ᠠᠮᠤ ᠪᠤᠳᠠᠭᠠᠨ᠎ᠤ ᠦᠨ᠎ᠡ ᠬᠠᠩᠰᠢ᠎ᠶ᠋ᠢᠨ ᠵᠣᠬᠢᠰᠲᠠᠶ ᠲᠦᠪᠱᠢᠨ᠎ᠳᠦ ᠪᠠᠢᠬᠤ᠎ᠶ᠋ᠢ ᠠᠬᠢᠭᠤᠯᠤᠨ᠎ᠠ᠃

(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号