ᠣᠷᠳᠣᠰ ᠬᠣᠲᠠ 5 ᠤᠯᠤᠰ ᠤ᠋ᠨ ᠳᠡᠰ ᠪᠠ ᠮᠤᠵᠢ ᠶ᠋ᠢᠨ ᠳᠡᠰ ᠤ᠋ᠨ ᠭᠣᠣᠯ ᠵᠠᠰᠠᠮᠠᠯ ᠵᠠᠮ ᠢ᠋ ᠠᠷᠠᠴᠢᠯᠠᠵᠤ ᠵᠠᠰᠠᠬᠤ ᠠᠵᠢᠯ ᠢ᠋ ᠳᠦᠷᠭᠡᠳᠬᠡᠨ ᠠᠬᠢᠭᠤᠯᠵᠤ ᠪᠤᠢ
2026-05-12 11:21:46
ᠵᠣᠬᠢᠶᠠᠭ᠍ᠴᠢ᠄
​ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠷᠳᠣᠰ ᠬᠣᠲᠠ ᠡᠨᠡ ᠵᠢᠯ 5 ᠤᠯᠤᠰ ᠤ᠋ᠨ ᠳᠡᠰ ᠪᠠ ᠮᠤᠵᠢ ᠶ᠋ᠢᠨ ᠳᠡᠰ ᠤ᠋ᠨ ᠭᠣᠣᠯ ᠵᠠᠰᠠᠮᠠᠯ ᠵᠠᠮ ᠢ᠋ ᠠᠷᠠᠴᠢᠯᠠᠵᠤ ᠵᠠᠰᠠᠬᠤ ᠠᠵᠢᠯ ᠢ᠋ ᠬᠡᠷᠡᠭᠵᠢᠭᠦᠯᠬᠦ ᠪᠡᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 3.6 ᠳ᠋ᠦᠩᠰᠢᠭᠤᠷ ᠲᠥᠭᠥᠷᠢᠭ ᠲᠤ᠌ ᠬᠦᠷᠴᠦ᠂ ᠵᠢᠱ᠌ᠢᠯᠳᠡ ᠪᠡᠷ ᠪᠦᠬᠦ ᠪᠠᠷᠢᠯᠭ᠎ᠠ ᠵᠢᠨ ᠠᠵᠢᠯ᠎ᠢ ᠡᠨᠡ ᠵᠢᠯ ᠳᠠᠭᠤᠰᠬᠠᠬᠤ ᠪᠠᠷ ᠳᠦᠷᠬᠡᠳᠬᠡᠨ ᠠᠬᠢᠭᠤᠯᠵᠤ ᠪᠤᠢ᠃

ᠤᠢᠯᠠᠭᠠᠭᠰᠠᠨ ᠶ᠋ᠢᠡᠷ᠂ ᠡᠬᠢᠯᠡᠵᠦ ᠵᠠᠰᠠᠬᠤ 3 ᠳᠦᠷᠦᠯ ᠵᠦᠢᠯ ᠳ᠋ᠤ G109 ᠤᠯᠤᠰ ᠤ᠋ᠨ ᠵᠠᠮ ᠤ᠋ᠨ ᠳ᠋ᠦᠩᠱᠧᠩ ᠤ᠋ᠨ ᠬᠢᠯᠢ ᠳ᠋ᠡᠬᠢ 5 ᠺᠢᠯᠣᠮᠧᠲᠷ᠎ᠤᠨ ᠬᠡᠰᠡᠭ ᠢ᠋ ᠵᠠᠰᠠᠵᠤ᠂ ᠨᠡᠢᠳᠡ 2071 ᠲᠦᠮᠡᠨ ᠲᠥᠭᠥᠷᠢᠭ᠎ᠤᠨ ᠪᠡᠯᠡ ᠤᠷᠤᠭᠤᠯᠤᠨ᠎ᠠ;G242 ᠤᠯᠤᠰ ᠤ᠋ᠨ ᠵᠠᠮ ᠤ᠋ᠨ ᠦᠦᠰᠢᠨ ᠬᠣᠰᠢᠭᠤᠨ ᠤ᠋ ᠬᠢᠯᠢ ᠳ᠋ᠡᠬᠢ 29 ᠺᠢᠯᠣᠮᠧᠲᠷ᠎ᠤᠨ ᠬᠡᠰᠡᠭ ᠢ᠋ ᠵᠠᠰᠠᠵᠤ᠂ ᠨᠡᠢᠳᠡ 6972 ᠲᠦᠮᠡᠨ ᠲᠥᠭᠥᠷᠢᠭ᠎ᠤᠨ ᠪᠡᠯᠡ ᠤᠷᠤᠭᠤᠯᠤᠨ᠎ᠠ᠃ S103 ᠮᠤᠵᠢ ᠶ᠋ᠢᠨ ᠵᠠᠮ ᠤ᠋ᠨ ᠵᠡᠭᠦᠨᠭᠠᠷ ᠬᠣᠰᠢᠭᠤᠨ ᠤ᠋ ᠬᠢᠯᠢ ᠳ᠋ᠡᠬᠢ 33 ᠺᠢᠯᠣᠮᠧᠲᠷ᠎ᠤᠨ ᠬᠡᠰᠡᠭ ᠢ᠋ ᠵᠠᠰᠠᠵᠤ᠂ 4952 ᠲᠦᠮᠡᠨ ᠲᠥᠭᠥᠷᠢᠭ᠎ᠤᠨ ᠪᠡᠯᠡ ᠤᠷᠤᠭᠤᠯᠤᠨ᠎ᠠ᠃ ᠦᠷᠭᠦᠯᠵᠢᠯᠡᠨ ᠪᠦᠲᠦᠭᠡᠨ ᠪᠠᠶ᠋ᠢᠭᠤᠯᠬᠤ ᠲᠥᠷᠥᠯ ᠵᠦᠢᠯ ᠳ᠋ᠤ S216 ᠮᠤᠵᠢ ᠶ᠋ᠢᠨ ᠵᠠᠮ ᠤ᠋ᠨ ᠣᠲᠣᠭ ᠬᠣᠰᠢᠭᠤᠨ ᠤ᠋ ᠬᠢᠯᠢ ᠳ᠋ᠡᠬᠢ 18 ᠺᠢᠯᠣᠮᠧᠲᠷ᠎ᠤᠨ ᠬᠡᠰᠡᠭ ᠢ᠋ ᠦᠷᠬᠦᠯᠵᠢᠯᠡᠨ ᠵᠠᠰᠠᠵᠤ᠂ 3243 ᠲᠦᠮᠡᠨ ᠲᠥᠭᠥᠷᠢᠭ᠎ᠤᠨ ᠪᠡᠯᠡ ᠤᠷᠤᠭᠤᠯᠤᠨ᠎ᠠ;S215 ᠮᠤᠵᠢ ᠶ᠋ᠢᠨ ᠵᠠᠮ ᠤ᠋ᠨ ᠬᠠᠩᠭᠢᠨ ᠬᠣᠰᠢᠭᠤᠨ ᠤ᠋ ᠬᠢᠯᠢ ᠳ᠋ᠡᠬᠢ 88 ᠺᠢᠯᠣᠮᠧᠲᠷ᠎ᠤᠨ ᠬᠡᠰᠡᠭ ᠢ᠋ ᠦᠷᠬᠦᠯᠵᠢᠯᠠᠨ ᠵᠠᠰᠠᠵᠤ᠂ 18424 ᠲᠦᠮᠡᠨ ᠲᠥᠭᠥᠷᠢᠭ᠎ᠤᠨ ᠪᠡᠯᠡ ᠤᠷᠤᠭᠤᠯᠤᠨ᠎ᠠ᠃ ᠡᠭᠦᠨ᠎ᠳᠤ ᠨᠡᠢᠳᠡ 173 ᠺᠢᠯᠣᠮᠧᠲᠷ ᠤᠷᠳᠤ ᠵᠠᠰᠠᠮᠠᠯ ᠵᠠᠮ᠎ᠢ ᠵᠠᠰᠠᠨ᠎ᠠ᠃

ᠣᠳᠣᠬᠠᠨ ᠳ᠋ᠤ᠂ ᠡᠯ᠎ᠡ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠶᠠᠭ ᠡᠮᠬᠢ ᠲᠢᠭᠯᠢᠮ ᠲᠠᠢ ᠶᠠᠪᠤᠭᠳᠠᠵᠤ᠂ ᠡᠬᠢᠯᠡᠵᠦ ᠵᠠᠰᠠᠬᠤ G242 ᠤᠯᠤᠰ ᠤ᠋ᠨ ᠵᠠᠮ᠂ S103 ᠮᠤᠵᠢ ᠶ᠋ᠢᠨ ᠵᠠᠮ᠂ G109 ᠤᠯᠤᠰ ᠤ᠋ᠨ ᠵᠠᠮ᠎ᠤᠨ ᠲᠦᠷᠦᠯ ᠵᠦᠢᠯ 3 ᠰᠠᠷ᠎ᠠ ᠶ᠋ᠢᠨ 25 ᠤ᠋ ᠡᠳᠦᠷ ᠪᠠᠷᠢᠯᠭ᠎ᠠ ᠶ᠋ᠢᠨ ᠠᠵᠢᠯ ᠤ᠋ᠨ ᠳᠠᠭᠠᠭᠠᠴᠢᠯᠠᠯᠲᠠ ᠶ᠋ᠢᠨ ᠠᠯᠪᠠᠨ ᠵᠠᠷᠯᠠᠯ᠎ᠢ ᠨᠡᠢᠲᠡᠯᠡᠨ᠂ 4 ᠰᠠᠷ᠎ᠠ ᠶ᠋ᠢᠨ 15 ᠤ᠋ ᠡᠳᠦᠷ ᠪᠠᠷᠢᠯᠭ᠎ᠠ ᠶ᠋ᠢ ᠳᠠᠭᠠᠭᠠᠴᠢᠯᠠᠭᠤᠯᠬᠤ ᠠᠵᠢᠯ ᠢ᠋ ᠳᠠᠭᠤᠰᠬᠠᠵᠠᠢ᠃ ᠦᠷᠭᠦᠯᠵᠢᠯᠡᠨ ᠵᠠᠰᠠᠬᠤ S215 ᠮᠤᠵᠢ ᠶ᠋ᠢᠨ ᠵᠠᠮ᠂ S216 ᠮᠤᠵᠢ ᠶ᠋ᠢᠨ ᠵᠠᠮ ᠨᠢᠭᠡᠨᠲᠡ ᠪᠥᠬᠥ ᠵᠠᠮ ᠤ᠋ᠨ ᠬᠡᠰᠡᠭ᠎ᠤᠨ ᠮᠠᠲᠧᠷᠢᠶᠠᠯ ᠨᠥᠭᠡᠴᠡᠯᠡᠬᠦ ᠵᠢ ᠪᠡᠶᠡᠯᠡᠭᠦᠯᠵᠦ᠂ ᠤᠳᠠᠯ ᠦᠭᠡᠢ ᠠᠵᠢᠯ ᠡᠬᠢᠯᠡᠨ᠂ ᠵᠢᠱ᠌ᠢᠯᠳᠡ ᠪᠡᠷ 7 ᠰᠠᠷ᠎ᠠ ᠶ᠋ᠢᠨ ᠰᠡᠭᠦᠯᠴᠢ ᠡᠴᠡ ᠡᠮᠦᠨ᠎ᠡ ᠪᠥᠬᠥ ᠪᠦᠲᠦᠭᠡᠨ ᠪᠠᠢᠭᠤᠯᠤᠯᠲᠠ ᠶ᠋ᠢᠨ ᠡᠭᠦᠷᠭᠡ ᠵᠢ ᠪᠡᠶᠡᠯᠡᠭᠦᠯᠬᠦ ᠪᠡᠷ ᠲᠥᠯᠥᠪᠯᠡᠵᠦ ᠪᠣᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号