ᠬᠣᠷᠴᠢᠨ ᠵᠡᠭᠦᠨ ᠭᠠᠷᠤᠨ ᠬᠣᠢᠲᠤ ᠬᠣᠰᠢᠭᠤ ᠪᠡᠭᠡᠵᠢᠩ ᠤᠷᠤᠵᠤ ᠠᠷᠠᠯᠵᠢᠶᠠᠨ᠎ᠤ ᠠᠷᠭ᠎ᠠ ᠵᠠᠮ ᠵᠢᠨᠨ ᠥᠷᠭᠡᠳᠭᠡᠵᠠᠢ
2026-05-12 11:23:04
ᠵᠣᠬᠢᠶᠠᠭ᠍ᠴᠢ᠄
​ ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 7᠎ᠤ᠋ ᠡᠳᠦᠷ᠂ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠣᠷᠣᠨ ᠪᠦᠰᠡ᠎ᠶᠢᠨ ᠲᠠᠨᠢᠯᠴᠠᠭᠤᠯᠭ᠎ᠠ ᠵᠢᠴᠢ ᠣᠨᠴᠠᠯᠢᠭ᠍ᠲᠤ ᠠᠵᠤ ᠦᠢᠯᠡᠰ᠎ᠦᠨ ᠦᠢᠯᠡᠳᠪᠦᠷᠢᠯᠡᠯ ᠪᠣᠷᠤᠯᠠᠭᠤᠯᠭ᠎ᠠ᠎ᠶᠢ ᠵᠣᠯᠭᠠᠭᠤᠯᠬᠤ ᠠᠵᠢᠯᠯᠠᠭ᠎ᠠ ᠪᠡᠭᠡᠵᠢᠩ᠎ᠳᠦ ᠶᠠᠪᠤᠭᠳᠠᠪᠠ᠃ ᠪᠡᠭᠡᠵᠢᠩ ᠬᠤᠳᠠ᠎ᠶᠢᠨ ᠴᠣᠣᠶᠠᠩ ᠲᠣᠭᠣᠷᠢᠭ᠋ ᠵᠢᠴᠢ ᠪᠦᠬᠦ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 70 ᠭᠠᠷᠤᠢ ᠠᠵᠤ ᠠᠬᠤᠢᠯᠠᠯ᠎ᠤᠨ ᠲᠥᠯᠥᠭᠡᠯᠡᠭᠴᠢ ᠤᠷᠢᠯᠭ᠎ᠠ᠎ᠪᠠᠷ ᠬᠤᠷᠠᠯ᠎ᠳᠤ ᠣᠷᠣᠯᠴᠠᠵᠤ᠂ ᠪᠡᠭᠡᠵᠢᠩ ᠬᠢᠭᠡᠳ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ ᠭᠦᠨ ᠵᠤᠵᠠᠭᠠᠨ ᠨᠠᠢᠷ ᠰᠡᠳᠬᠢᠯᠭᠡ᠎ᠶᠢ ᠬᠠᠮᠲᠤ ᠪᠠᠷ ᠶᠠᠷᠢᠯᠴᠠᠨ᠂ ᠠᠵᠤ ᠦᠢᠯᠡᠰ᠎ᠦᠨ ᠬᠥᠭᠵᠢᠯᠲᠡ᠎ᠶᠢᠨ ᠬᠠᠮᠲᠤᠷᠠᠯᠴᠠᠭᠠᠨ᠎ᠤ ᠶᠡᠬᠡ ᠪᠣᠳᠣᠯᠭ᠎ᠠ᠎ᠶᠢ ᠬᠠᠮᠲᠤ ᠪᠠᠷ ᠵᠥᠪᠯᠡᠭᠰᠡᠨ ᠪᠠᠢᠨ᠎ᠠ᠃

ᠲᠠᠨᠢᠯᠴᠠᠭᠤᠯᠭ᠎ᠠ᠎ᠶᠢᠨ ᠬᠤᠷᠠᠯ᠎ᠤᠨ ᠲᠤᠬᠠᠢ᠎ᠶᠢᠨ ᠲᠠᠯᠠᠪᠠᠶ᠎ᠳᠤ ᠬᠣᠷᠴᠢᠨ ᠵᠡᠭᠦᠨ ᠭᠠᠷᠤᠨ ᠬᠣᠢᠲᠤ ᠬᠣᠰᠢᠭᠤ ᠮᠢᠬᠠᠨ᠎ᠤ ᠦᠬᠡᠷ᠎ᠦᠨ ᠠᠵᠤ ᠦᠢᠯᠡᠰ᠂ ᠴᠠᠬᠢᠭᠤᠷᠳᠥ ᠰᠢᠨ᠎ᠡ ᠮᠠᠲᠧᠷᠢᠶᠠᠯ᠂ ᠪᠣᠬᠢᠷᠲᠤᠯ ᠦᠭᠡᠢ ᠰᠢᠨ᠎ᠡ ᠡᠨᠧᠷᠭᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠂ ᠰᠣᠶᠣᠯ ᠵᠢᠭᠤᠯᠴᠢᠯᠠᠯ ᠵᠡᠷᠭᠡ᠎ᠶᠢᠨ ᠲᠣᠭᠣᠷᠢᠨ᠎ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠠᠵᠤ ᠦᠢᠯᠡᠰ᠎ᠦᠨ ᠪᠠᠲᠤ ᠰᠠᠭᠤᠷᠢ᠂ ᠡᠬᠢ ᠪᠠᠶᠠᠯᠢᠭ᠋᠎ᠤᠨ ᠥᠪᠡᠷᠮᠢᠴᠡ ᠳᠠᠪᠠᠭᠤᠯᠢᠭ᠋ ᠪᠠ ᠥᠷᠭᠡᠨ ᠠᠭᠤᠳᠠᠮ ᠬᠠᠮᠲᠤᠷᠠᠯᠴᠠᠭᠠᠨ᠎ᠤ ᠣᠷᠣᠨ ᠵᠠᠢ᠎ᠶᠢ ᠪᠥᠬᠥ ᠲᠠᠯ᠎ᠠ᠎ᠪᠠᠷ ᠳᠡᠯᠭᠡᠵᠤ ᠦᠵᠡᠭᠦᠯᠥᠨ᠂ ᠡᠯ᠎ᠡ ᠭᠠᠵᠠᠷ᠎ᠤᠨ ᠠᠷᠠᠯᠵᠢᠶᠠᠴᠢᠳ᠎ᠲᠤ ᠬᠠᠮᠳᠤᠷᠠᠨ ᠠᠵᠢᠯᠯᠠᠵᠤ ᠬᠠᠮᠳᠤ ᠪᠡᠷ ᠬᠥᠭᠵᠢᠭᠦ ᠴᠢᠩ ᠰᠡᠳᠬᠢᠯ᠎ᠦᠨ ᠤᠷᠢᠯᠭ᠎ᠠ᠎ᠪᠠᠨ ᠳᠡᠪᠰᠢᠭᠦᠯᠪᠡ᠃ ᠲᠠᠨᠢᠯᠴᠠᠭᠤᠯᠭ᠎ᠠ᠎ᠶᠢᠨ ᠴᠤᠭᠯᠠᠭᠠᠨ ᠳᠡᠭᠡᠷ᠎ᠡ ᠲᠤᠰ ᠬᠤᠰᠢᠭᠤᠨ᠎ᠤ ᠤᠯᠠᠭᠠᠨᠮᠥ᠋ᠴᠢᠷ᠎ᠪᠠᠰᠠ ᠭᠣᠢᠳᠠ ᠰᠠᠢᠬᠠᠨ ᠲᠣᠭᠯᠠᠯᠲᠠ ᠭᠠᠷᠭᠠᠵᠤ᠂ ᠤᠷᠠᠨ ᠰᠠᠢᠬᠠᠨ ᠪᠥᠵᠢᠭ᠂ ᠮᠣᠷᠢᠨ ᠬᠤᠭᠤᠷ᠎ᠤᠨ ᠬᠥᠭᠵᠢᠮ᠂ ᠬᠣᠷᠴᠢᠨ ᠠᠷᠠᠳ᠎ᠤᠨ ᠳᠠᠭᠤᠤ ᠵᠡᠷᠭᠡ ᠵᠢ ᠠᠷᠤ ᠠᠷᠤ ᠡᠴᠡ ᠪᠠᠨ ᠲᠤᠬᠯᠠᠨ᠂ ᠬᠣᠷᠴᠢᠨ᠎ᠤ ᠤᠯᠠᠮᠵᠢᠯᠠᠯᠲᠤ ᠰᠣᠶᠣᠯ᠎ᠤᠨ ᠭᠠᠢᠬᠠᠮᠰᠢᠬ᠎ᠢ ᠭᠦᠢᠴᠡᠳ ᠢᠯᠡᠷᠡᠭᠦᠯᠦᠭᠰᠡᠨ ᠪᠠᠢᠨ᠎ᠠ᠃

ᠲᠠᠨᠢᠯᠴᠠᠭᠤᠯᠭ᠎ᠠ᠎ᠶᠢᠨ ᠶᠣᠰᠣᠯᠠᠯ ᠬᠠᠷᠠᠬᠠᠨ ᠳᠠᠭᠤᠰᠤᠭᠠᠳᠤᠢ ᠪᠠᠢᠬᠤ᠎ᠳᠤ ᠬᠠᠵᠠᠭᠤᠳᠡᠬᠢ᠎ᠳᠡᠯᠭᠡᠨ ᠪᠣᠷᠣᠯᠠᠭᠤᠯᠬᠤ ᠶᠡᠬᠡ ᠲᠢᠩᠬᠢᠮ᠎ᠳᠦ ᠮᠢᠩᠭᠠᠨ ᠭᠠᠵᠠᠷ᠎ᠤᠨ ᠬᠤᠯᠠ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠎ᠠᠴᠠ ᠠᠪᠴᠢᠷᠠᠭᠰᠠᠨ 200 ᠭᠠᠷᠤᠢ ᠵᠦᠢᠯ᠎ᠦᠨ ᠤᠨᠴᠠᠯᠢᠬᠳᠥ ᠲᠠᠷᠢᠶᠠᠯᠠᠩ᠎ᠤᠨ ᠪᠥᠲᠥᠭᠡᠭᠳᠡᠭᠥᠨ ᠪᠣᠯᠣᠨ ᠨᠤᠲᠤᠬ᠎ᠤᠨ ᠠᠮᠲᠠᠲᠤ ᠢᠳᠡᠭᠡᠨ ᠠᠩᠬᠢᠯᠤᠮ᠎ᠠ ᠰᠠᠢᠬᠠᠨ ᠦᠨᠦᠷ ᠵᠢᠡᠨ ᠬᠠᠩᠬᠤᠯᠤᠭᠤᠯᠵᠤ ᠪᠠᠢᠯ᠎ᠠ᠃ ᠱᠠᠯᠪᠢᠩ᠂ ᠣᠨᠴᠠᠯᠢᠭ᠍ᠲᠤ ᠰᠥᠭᠡᠭ ᠬᠠᠯᠠᠭᠤᠨ ᠲᠣᠭᠣᠭ᠎ᠠ᠂ ᠰᠢᠷᠠᠭᠰᠠᠨ ᠪᠥᠬᠥᠯᠢ ᠰᠢᠭᠥᠰᠥ ᠵᠡᠷᠭᠡ ᠨᠢ ᠲᠠᠯ᠎ᠠ ᠨᠤᠲᠤᠭ᠎ᠤᠨ ᠬᠥᠮᠥᠰ᠎ᠤᠨ ᠵᠤᠴᠢᠨᠰᠠᠬ ᠳᠤᠳᠤᠨᠤ ᠵᠠᠩ ᠠᠭᠠᠯᠢ᠎ᠶᠢ ᠭᠦᠢᠴᠡᠳ ᠢᠯᠡᠷᠡᠭᠦᠯᠤᠨ᠂ ᠠᠵᠤ ᠠᠬᠤᠢᠯᠠᠯ᠎ᠤᠨ ᠲᠥᠯᠥᠭᠡᠯᠡᠭᠴᠢᠳ ᠠᠮᠳᠠᠳᠤ ᠢᠳᠡᠭᠡᠨ᠎ᠢ ᠠᠮᠳᠠᠯᠠᠬᠤ ᠵᠢᠨ ᠳᠠᠭᠠᠤ ᠬᠣᠷᠴᠢᠨ ᠨᠤᠲᠤᠭ᠎ᠤᠨ ᠵᠠᠩ ᠦᠢᠯᠡ᠎ᠶᠢ ᠪᠠᠬᠠᠷᠬᠠᠨ ᠣᠢᠯᠠᠭᠠᠵᠤ᠂ ᠤᠯᠠᠮ ᠨᠢᠭᠡ ᠠᠯᠬᠤᠮ ᠥᠵᠡᠯ ᠪᠤᠳᠤᠯ ᠵᠢᠨᠨ ᠰᠤᠯᠢᠯᠴᠠᠨ᠂ ᠬᠠᠮᠲᠤ᠎ᠶᠢᠨ ᠥᠢᠯᠠᠭᠠᠯᠲᠠ ᠲᠠᠨᠢᠯᠲᠠ᠎ᠪᠠᠨ ᠥᠷᠭᠡᠳᠭᠡᠵᠤ ᠪᠠᠢᠪᠠ᠃

《ᠲᠣᠰ ᠠᠵᠢᠯᠯᠠᠭ᠎ᠠ ᠴᠣᠣᠶᠠᠩ ᠲᠣᠭᠣᠷᠢᠭ᠋ ᠪᠣᠯᠣᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠬᠠᠮᠵᠢᠯᠴᠠᠭ᠎ᠠ 〈ᠬᠣᠣᠰ ᠴᠢᠭᠯᠡᠯ᠎ᠢᠶᠡᠷ ᠬᠥᠴᠥᠨ ᠨᠡᠮᠡᠷᠢᠯᠡᠵᠤ᠂ ᠬᠠᠮᠲᠤ᠎ᠪᠠᠷ ᠠᠰᠢᠭ᠋ ᠭᠥᠷᠳᠡᠵᠦ ᠬᠥᠭᠵᠢᠬᠦ〉 ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ》 ᠭᠡᠵᠤ ᠴᠣᠣᠶᠠᠩ ᠲᠣᠭᠣᠷᠢᠭ᠋᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠤᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠵᠠᠩ ᠰᠢᠶᠣᠣ ᠳ᠋ᠦᠩ ᠬᠡᠯᠡᠵᠤ ᠪᠠᠢᠯ᠎ᠠ᠃

ᠥᠢᠯᠠᠭᠠᠬᠰᠠᠨ ᠵᠢᠨᠷ᠂ ᠡᠨᠡ ᠵᠢᠯ ᠴᠣᠣᠶᠠᠩ ᠲᠣᠭᠣᠷᠢᠭ ᠪᠠᠰᠠ ᠣᠯᠠᠨ ᠲᠠᠯᠠᠪᠠᠢ ᠲᠤᠰᠬᠠᠢ ᠰᠡᠳᠦᠪᠲᠦ ᠲᠠᠨᠢᠯᠴᠠᠭᠤᠯᠭ᠎ᠠ᠎ᠶᠢᠨ ᠠᠵᠢᠯᠯᠠᠭ᠎ᠠ᠎ᠶᠢ ᠤᠬᠠᠭᠠᠯᠠᠨ ᠡᠷᠭᠢᠯᠡᠵᠦ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠴᠢᠨᠠᠷ ᠰᠠᠢᠲᠠᠢ ᠤᠨᠴᠠᠭᠠᠢ ᠲᠠᠷᠢᠶᠠᠯᠠᠩ᠎ᠤᠨ ᠪᠥᠲᠥᠭᠡᠭᠳᠡᠭᠥᠨ᠎ᠢ ᠲᠥᠪᠯᠡᠷᠡᠭᠦᠯᠦᠨ ᠤᠬᠠᠭᠤᠯᠤᠨ ᠳᠡᠯᠭᠡᠷᠡᠭᠦᠯᠬᠥ ᠵᠢᠨ ᠬᠠᠮᠲᠤ ᠬᠠᠷᠢᠶ᠎ᠠ ᠣᠷᠣᠨ᠎ᠤ ᠲᠥᠪ᠎ᠦᠨ ᠠᠵᠤ ᠠᠬᠤᠢᠯᠠᠯ᠎ᠤᠨ ᠡᠬᠢ ᠪᠠᠶᠠᠯᠢᠭ᠋ ᠪᠣᠯᠣᠨ ᠡᠯ᠎ᠡ ᠲᠥᠷᠥᠯ᠎ᠦᠨ ᠬᠤᠳᠠᠯᠳᠤᠭᠠᠨ᠎ᠤ ᠶᠠᠪᠤᠳᠠᠯ᠎ᠤᠨ ᠠᠵᠢᠯᠯᠠᠭ᠎ᠠ᠎ᠳᠤ ᠲᠦᠰᠢᠭᠯᠡᠵᠤ᠂ ᠥᠪᠥᠷ ᠮᠣᠩᠭᠣᠯ ᠵᠢᠴᠢ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠣᠨᠴᠠᠯᠢᠭ᠍ᠲᠤ ᠪᠦᠲᠦᠭᠡᠭᠳᠡᠬᠦᠨ᠎ᠢ ᠳᠡᠯᠭᠡᠨ ᠦᠵᠡᠭᠦᠯᠵᠦ ᠪᠣᠷᠣᠯᠠᠭᠤᠯᠥᠨ᠂ ᠬᠡᠷᠡᠭᠯᠡᠭᠡ᠎ᠶᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠪᠡᠭᠡᠵᠢᠩ ᠴᠢᠨᠠᠭᠰᠢᠯᠠᠨ ᠪᠥᠬᠥ ᠤᠯᠤᠰ᠎ᠤᠨ ᠨᠠᠩ ᠣᠯᠠᠨ ᠬᠡᠷᠡᠭᠯᠡᠭᠴᠢᠳ᠎ᠲᠦ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠴᠢᠨᠠᠷ ᠰᠠᠢᠲᠠᠢ ᠪᠠᠷᠠᠭ᠎ᠠ ᠵᠢ ᠲᠠᠨᠢᠭᠤᠯᠬᠤ ᠪᠠᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号