ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ ᠪᠦᠯᠬᠦᠮ ᠪᠠᠢᠭᠤᠯᠵᠤ ᠱᠠᠨᠳᠦ᠋ᠩ ᠵᠧᠵᠢᠶᠠᠩ᠎ᠳᠤ ᠬᠦᠷᠴᠦ ᠴᠢᠳᠠᠪᠤᠷᠢᠲᠠᠨ ᠤᠷᠢᠨ ᠡᠯᠰᠡᠪᠡ
2026-05-12 11:37:01
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ ᠡᠨᠡ ᠵᠢᠯ᠎ᠦᠨ ᠠᠩᠬᠠᠳᠤᠭᠠᠷ ᠤᠳᠠᠭ᠎ᠠ ᠢ᠋ᠢᠨ ᠪᠦᠯᠬᠦᠮ ᠵᠣᠬᠢᠶᠠᠨ ᠪᠠᠢᠭᠤᠯᠵᠤ  ᠮᠤᠵᠢ ᠠᠯᠤᠰᠯᠠᠨ ᠴᠢᠳᠠᠪᠤᠷᠢᠲᠠᠨ ᠤᠷᠢᠨ ᠡᠯᠰᠡᠬᠦ ᠠᠵᠢᠯᠯᠠᠭ᠎ᠠ᠎ᠶᠢ ᠡᠬᠢᠯᠡᠭᠦᠯᠤᠨ᠂ ᠨᠢᠭᠡ  ᠪᠦᠯᠦᠭ  ᠰᠢᠯᠢᠳᠡᠭ  ᠠᠵᠤ ᠠᠬᠤᠢᠯᠠᠯ᠎ᠢ ᠵᠣᠬᠢᠶᠠᠨ ᠪᠠᠢᠭᠤᠯᠵᠤ᠂ ᠱᠠᠨᠳᠦ᠋ᠩ᠂ ᠵᠧᠵᠢᠶᠠᠩ ᠵᠡᠷᠭᠡ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠳᠤ ᠬᠦᠷᠴᠦ ᠴᠢᠳᠠᠪᠤᠷᠢᠲᠠᠨ ᠤᠷᠢᠨ ᠡᠯᠰᠡᠬᠦ  ᠠᠵᠢᠯᠯᠠᠭ᠎ᠠ᠎ᠶᠢ  ᠲᠥᠪᠯᠡᠷᠡᠭᠦᠯᠦᠨ ᠥᠷᠨᠢᠭᠦᠯᠵᠡᠢ᠃

ᠲᠣᠰ ᠤᠳᠠᠭ᠎ᠠ ᠢ᠋ᠢᠨ ᠭᠠᠲᠠᠷ ᠤᠷᠤᠨ᠎ᠳᠤ ᠬᠦᠷᠴᠦ ᠴᠢᠳᠠᠪᠤᠷᠢᠲᠠᠨ ᠤᠷᠢᠨ ᠡᠯᠰᠡᠬᠦ᠎ᠳᠤ ᠭᠣᠣᠯᠳᠠᠭᠤ  ᠣᠲᠣ᠌ ᠦᠶ᠎ᠡ᠎ᠶᠢᠨ ᠰᠦ᠎ᠶᠢᠨ ᠦᠢᠯᠡᠰ᠂  ᠠᠮᠢᠳᠤ ᠪᠣᠳᠠᠰ᠎ᠤᠨ ᠡᠮ ᠡᠮᠨᠡᠯᠭᠡ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ  ᠵᠡᠷᠭᠡ ᠬᠥᠬᠡᠬᠣᠲᠠ᠎ᠶᠢᠨ ᠪᠠᠴᠢᠮ ᠬᠡᠷᠡᠭᠴᠡᠭᠡᠳᠦ ᠲᠤᠰᠬᠠᠢ ᠮᠡᠷᠭᠡᠵᠢᠯ᠎ᠳᠦ  ᠴᠢᠭᠯᠡᠭᠦᠯᠦᠨ᠂ ᠭᠣᠣᠯᠳᠠᠭᠤ  ᠵᠢᠩᠬᠢᠨᠢ  ᠠᠩᠭᠢ ᠵᠢᠴᠢ ᠡᠨᠡ ᠵᠢᠯ ᠲᠡᠬᠦᠰᠬᠦ ᠠᠰᠫᠢᠷᠠᠨᠲ᠂ ᠳ᠋ᠤᠺᠲ᠋ᠤᠷᠠᠨᠲ᠎ᠲᠦ ᠬᠠᠨᠳᠤᠭᠤᠯᠵᠤ᠂ 41 ᠰᠢᠯᠢᠳᠡᠭ ᠠᠵᠢᠯ᠎ᠤᠨ ᠪᠠᠢᠷᠢ ᠲᠣᠬᠢᠷᠠᠭᠤᠯᠵᠤ᠂ 188 ᠴᠢᠳᠠᠪᠤᠷᠢᠲᠠᠨ ᠤᠷᠢᠬᠤ ᠪᠠᠷ  ᠲᠥᠯᠥᠪᠯᠡᠪᠡ᠃

ᠲᠣᠰ ᠤᠳᠠᠭᠠᠨ᠎ᠤ ᠴᠢᠳᠠᠪᠤᠷᠢᠲᠠᠨ ᠤᠷᠢᠨ ᠡᠯᠰᠡᠬᠦ ᠠᠵᠢᠯᠯᠠᠭ᠎ᠠ᠎ᠶᠢ ᠰᠠᠢᠲᠤᠷ ᠬᠢᠬᠦ᠎ᠶᠢᠨ ᠲᠥᠯᠥᠭᠡ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ ᠡᠮᠦᠨᠡᠬᠢ ᠬᠤᠭᠤᠴᠠᠭᠠᠨ᠎ᠳᠤ ᠲᠣᠰ ᠭᠠᠵᠠᠷ᠎ᠤᠨ ᠲᠤᠯᠤᠭᠠᠢᠯᠠᠬᠴᠢ ᠠᠵᠤ ᠠᠬᠤᠢᠯᠠᠯ ᠵᠢᠴᠢ 《ᠲᠤᠰᠬᠠᠢ ᠨᠠᠷᠢᠯᠢᠭ᠋ ᠣᠨᠴᠠ ᠰᠢᠨ᠎ᠡ》ᠠᠵᠤ ᠠᠬᠤᠢᠯᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂  ᠠᠵᠤ ᠦᠢᠯᠡᠰ᠎ᠦᠨ ᠬᠦᠷᠢᠶᠡᠨ᠎ᠳᠡᠬᠢ  ᠪᠣᠳᠠᠲᠠᠢ  ᠠᠵᠢᠯ᠎ᠤᠨ ᠪᠠᠢᠷᠢ᠎ᠶᠢᠨ ᠬᠡᠷᠡᠭᠴᠡᠭᠡ᠎ᠶᠢ  ᠲᠣᠳᠣᠷᠬᠠᠢ ᠣᠢᠯᠠᠭᠠᠪᠠ᠃ ᠲᠣᠰ ᠤᠳᠠᠭ᠎ᠠ ᠵᠢᠨ ᠵᠣᠬᠢᠶᠠᠨ ᠪᠠᠢᠭᠤᠯᠤᠭᠰᠠᠨ ᠥᠪᠥᠷ ᠮᠣᠩᠭᠣᠯ᠎ᠤᠨ ᠢᠯᠢ ᠠᠵᠤ ᠦᠢᠯᠡᠰ᠎ᠦᠨ ᠪᠦᠯᠦᠭᠯᠡᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂  ᠵᠢᠨ ᠢᠦᠢ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠰᠢᠨ᠎ᠡ ᠳ᠋ᠦᠩ ᠶ᠋ᠢᠢ᠎ᠲᠠᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 5 ᠠᠵᠤ ᠠᠬᠤᠢᠯᠠᠯ᠎ᠤᠨ ᠬᠥᠮᠥᠨ ᠬᠡᠷᠡᠭᠯᠡᠬᠦ ᠠᠵᠢᠯ᠎ᠤᠨ ᠪᠠᠢᠷᠢ ᠨᠢ ᠴᠥᠮ ᠠᠵᠤ ᠦᠢᠯᠡᠰ᠎ᠦᠨ ᠬᠥᠭᠵᠢᠯᠲᠡ ᠪᠠ ᠠᠵᠤ ᠠᠬᠤᠢᠯᠠᠯ᠎ᠤᠨ ᠬᠥᠮᠥᠨ ᠬᠡᠷᠡᠭᠯᠡᠬᠦ  ᠪᠠᠴᠢᠮ ᠬᠡᠷᠡᠭᠴᠡᠭᠡ᠎ᠲᠠᠢ  ᠨᠢᠭ᠍ᠲᠠ ᠬᠣᠯᠪᠣᠭᠳᠠᠵᠤ ᠪᠤᠢ᠃

ᠲᠤᠰᠬᠠᠢ ᠲᠠᠯᠠᠪᠠᠢ ᠤᠷᠢᠨ ᠡᠯᠰᠡᠬᠦ᠂ ᠲᠤᠬᠠᠢ᠎ᠶᠢᠨ ᠲᠠᠯᠠᠪᠤᠷ᠎ᠲᠤ ᠵᠥᠪᠳᠡᠯᠴᠡᠬᠦ᠎ᠡᠴᠡ ᠭᠠᠳᠠᠨ᠎ᠠ᠂ ᠲᠣᠰ ᠤᠳᠠᠭᠠᠨ᠎ᠤ ᠴᠢᠳᠠᠪᠤᠷᠢᠲᠠᠨ ᠤᠷᠢᠨ ᠡᠯᠰᠡᠬᠦ ᠠᠵᠢᠯᠯᠠᠭ᠎ᠠ᠎ᠳᠤ ᠪᠠᠰᠠ ᠲᠤᠰᠬᠠᠢᠯᠠᠨ ᠲᠥᠷᠥ᠎ᠶᠢᠨ ᠪᠣᠳᠣᠯᠭ᠎ᠠ ᠤᠬᠠᠭᠤᠯᠤᠨ ᠲᠠᠢᠯᠪᠤᠷᠢᠯᠠᠬᠤ ᠭᠣᠭᠴᠣᠭ᠎ᠠ ᠲᠣᠬᠢᠷᠠᠭᠤᠯᠵᠤ᠂ ᠠᠵᠤ ᠠᠬᠤᠢᠯᠠᠯ᠎ᠤᠨ ᠬᠥᠭᠵᠢᠯᠲᠡ᠎ᠶᠢᠨ ᠢᠷᠡᠭᠡᠳᠦᠢ ᠪᠠ ᠴᠠᠯᠢᠩ ᠣᠯᠭᠣᠮᠵᠢ᠎ᠶᠢ ᠲᠠᠨᠢᠯᠴᠠᠭᠤᠯᠤᠬᠰᠠᠨ ᠢ᠋ᠢᠡᠷ ᠪᠠᠷᠠᠬᠤ ᠦᠭᠡᠢ ᠪᠠᠰᠠ ᠬᠥᠬᠡᠬᠣᠲᠠ᠎ᠶᠢᠨ ᠴᠢᠳᠠᠪᠤᠷᠢᠲᠠᠨ᠎ᠤ ᠨᠥᠬᠥᠪᠦᠷᠢ᠂ ᠣᠷᠣᠨ ᠰᠠᠭᠤᠴᠠ᠎ᠶᠢᠨ ᠪᠠᠲᠤᠯᠠᠭ᠎ᠠ᠂ ᠦᠢᠯᠡᠰ ᠪᠤᠰᠬᠠᠬᠤ᠎ᠶᠢ ᠲᠡᠳᠬᠦᠬᠦ ᠵᠡᠷᠭᠡ ᠲᠥᠷᠥ᠎ᠶᠢᠨ ᠪᠣᠳᠣᠯᠭ᠎ᠠ᠎ᠶᠢ ᠵᠡᠷᠭᠡ᠎ᠪᠡᠷ ᠤᠬᠠᠭᠤᠯᠪᠠ᠃ ᠡᠭᠦᠨ᠎ᠦ ᠵᠡᠷᠭᠡ᠎ᠳᠦ᠂ ᠠᠵᠢᠯ ᠣᠯᠭᠣᠯᠲᠠ ᠶ᠋ᠢᠨ ᠦᠢᠯᠡᠴᠢᠯᠡᠭᠡ᠂ ᠡᠷᠬᠡ ᠠᠰᠢᠭ᠋ ᠎ᠤᠨ ᠬᠠᠮᠠᠭᠠᠯᠠᠯᠲᠠ᠂ ᠡᠮ ᠡᠮᠨᠡᠯᠭᠡ ᠶ᠋ᠢᠨ ᠬᠠᠪᠰᠤᠷᠤᠯᠴᠠᠭ᠎ᠠ᠂ ᠤᠷ᠎ᠠ  ᠴᠢᠳᠠᠪᠤᠷᠢ  ᠶ᠋ᠢᠨ  ᠳᠡᠭᠡᠭᠰᠢᠯᠡᠯᠲᠡ ᠵᠡᠷᠭᠡ  ᠠᠵᠢᠯᠴᠢᠨ᠎ᠤ ᠡᠪᠯᠡᠯ᠎ᠦᠨ ᠰᠡᠳᠬᠢᠯ  ᠢ᠋  ᠳᠤᠯᠠᠭᠠᠴᠠᠭᠤᠯᠬᠤ  ᠦᠢᠯᠡᠴᠢᠯᠡᠭᠡ  ᠶ᠋ᠢ ᠴᠦ᠍  ᠰᠤᠷᠭᠠᠭᠤᠯᠢ  ᠶ᠋ᠢᠨ ᠬᠦᠷᠢᠶᠡᠨ᠎ᠳᠦ  ᠬᠠᠮᠲᠤ ᠳ᠋ᠤᠨᠢ ᠬᠦᠷᠭᠡᠪᠡ᠃

ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠰ ᠤᠳᠠᠭᠠᠨ᠎ᠤ  ᠮᠤᠵᠢ  ᠠᠯᠤᠰᠯᠠᠨ ᠴᠢᠳᠠᠪᠤᠷᠢᠲᠠᠨ ᠤᠷᠢᠨ ᠡᠯᠰᠡᠬᠦ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠢᠯᠠᠯ ᠬᠢᠭᠡᠳ ᠶᠡᠬᠡ ᠳᠡᠭᠡᠳᠦ ᠰᠤᠷᠭᠠᠭᠤᠯᠢ᠎ᠶᠢᠨ ᠳᠠᠳᠤᠯᠭ᠎ᠠ ᠪᠣᠯᠪᠠᠰᠤᠷᠠᠯ᠂  ᠠᠵᠢᠯ ᠣᠯᠭᠣᠯᠲᠠ᠎ᠶᠢᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠴᠢᠳᠠᠪᠤᠷᠢᠲᠠᠨ᠎ᠤ ᠬᠥᠮᠥᠵᠢᠯ ᠬᠢᠭᠡᠳ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠶᠢ ᠠᠳᠠᠯᠢ ᠳᠠᠪᠲᠠᠮᠵᠢ᠎ᠲᠠᠢ ᠪᠣᠯᠭᠠᠬᠤ᠎ᠶᠢ ᠴᠢᠷᠮᠠᠢᠨ ᠪᠡᠶᠡᠯᠡᠭᠦᠯᠦᠨ᠎ᠡ ᠭᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号