ᠵᠡᠭᠦᠨ ᠬᠠᠲᠠᠪᠴᠢ ᠬᠢᠯᠢ ᠵᠢᠨ ᠪᠣᠭᠣᠮᠲᠠ᠎ᠶ᠋ᠢᠨ ᠨᠢᠭᠡᠳᠦᠭᠡᠷ ᠤᠯᠠᠷᠢᠯ᠎ᠤᠨ ᠬᠢᠯᠢ᠎ᠪᠡᠷ ᠣᠷᠣᠭᠤᠯᠵᠤ ᠭᠠᠷᠭᠠᠭ᠍ᠰᠠᠨ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ 119.14 ᠲᠦᠮᠡᠨ ᠲᠣᠨ ᠪᠤᠯᠪᠠ
2026-05-12 11:39:51
ᠵᠣᠬᠢᠶᠠᠭ᠍ᠴᠢ᠄
​ ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠵᠡᠭᠦᠨ ᠬᠠᠲᠠᠪᠴᠢ ᠬᠢᠯᠢ ᠵᠢᠨ ᠪᠣᠭᠣᠮᠲᠠ᠎ᠶ᠋ᠢᠨ ᠪᠠᠷᠠᠭ᠎ᠠ ᠲᠡᠭᠡᠭᠡᠪᠦᠷᠢᠯᠡᠭ᠌ᠰᠡᠨ ᠬᠡᠮᠵᠢᠶ᠎ᠡ 2026 ᠣᠨ᠎ᠤ ᠨᠢᠭᠡᠳᠦᠭᠡᠷ ᠤᠯᠠᠷᠢᠯ᠎ᠳᠤ 119.14 ᠲᠦᠮᠡᠨ ᠲᠣᠨ ᠬᠦᠷᠴᠦ᠍ ᠂ ᠡᠭᠦᠨ᠎ᠳᠦ ᠭᠠᠳᠠᠭᠠᠳᠤ᠎ᠡᠴᠠ ᠣᠷᠣᠭᠤᠯᠤᠭ᠍ᠰᠠᠨ ᠨᠡᠭᠦᠷᠡᠰᠦ 108.46 ᠲᠦᠮᠡᠨ ᠲᠣᠨ᠂ ᠴᠠᠢᠷ᠎ᠤᠨ ᠨᠠᠷᠢᠯᠢᠭ ᠨᠤᠨᠲᠠᠭ 1.91 ᠲᠦᠮᠡᠨ ᠲᠣᠨ᠂ ᠬᠠᠢᠯᠤᠭᠤᠷ ᠵᠣᠩᠰᠢ 1.99 ᠲᠦᠮᠡᠨ ᠲᠣᠨ᠂ ᠲᠡᠮᠦᠷ᠎ᠦᠨ ᠬᠦᠳᠡᠷ 1.09 ᠲᠦᠮᠡᠨ ᠲᠣᠨ᠂ ᠲᠡᠮᠦᠷ᠎ᠦᠨ ᠨᠠᠷᠢᠯᠢᠭ ᠨᠤᠨᠲᠠᠭ 1.18 ᠲᠦᠮᠡᠨ ᠲᠣᠨ ᠬᠦᠷᠴᠡᠶ᠃

《ᠪᠣᠭᠣᠮᠲᠠ᠎ᠪᠠᠷ ᠥᠩᠭᠡᠷᠡᠬᠦ ᠠᠵᠢᠯ᠎ᠤᠨ ᠪᠦᠳᠤᠮᠵᠢ ᠮᠠᠰᠢ ᠦᠨᠳᠦᠷ ᠪᠤᠯᠵᠦ᠂ ᠨᠡᠭᠦᠷᠡᠰᠦᠨ᠎ᠦ ᠲᠡᠷᠭᠡ ᠬᠢᠯᠢ᠎ᠳᠦ ᠤᠷᠤᠭ᠍ᠰᠠᠨ᠎ᠤ ᠳᠠᠷᠠᠭ᠎ᠠ᠂ ᠳᠤᠤᠷ᠎ᠠ ᠲᠦᠭ᠌ᠰᠢᠭᠦᠷᠢᠲᠦ ᠪᠠᠷᠠᠭ᠎ᠠ᠎ᠶ᠋ᠢ ᠲᠦᠷᠭᠡᠨ ᠶᠠᠪᠤᠭᠤᠯᠵᠤ᠂ ᠨᠢᠭ᠍ᠲᠠ ᠴᠢᠩᠭ᠎ᠠ ᠬᠢᠨᠠᠨ ᠬᠠᠮᠢᠶᠠᠷᠬᠤ᠎ᠶ᠋ᠢᠨ ᠬᠠᠮᠲᠤ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠠᠷᠪᠢᠯᠠᠵᠤ᠂ ᠠᠷᠠᠯᠵᠢᠶᠠᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠂ ᠦᠡᠭᠭᠡᠷᠡᠭᠰᠡᠨ᠎ᠳᠤ ᠨᠢᠭᠡ ᠡᠳᠦᠷ ᠨᠢᠭᠡ ᠤᠳᠠᠭ᠎ᠠ ᠵᠦᠭᠡᠭᠡᠪᠦᠷᠢᠯᠡᠵᠦ ᠪᠠᠢᠭᠰᠠᠨ ᠪᠤᠯ ᠣᠲᠣ ᠨᠢᠭᠡ ᠡᠳᠦᠷ ᠬᠣᠶᠠᠷ ᠤᠳᠠᠭ᠎ᠠ  ᠵᠦᠭᠡᠭᠡᠪᠦᠷᠢᠯᠡᠨ ᠪᠤᠭᠤᠮᠳᠠ ᠦᠡᠭᠭᠡᠷᠡᠬᠦ ᠪᠤᠯᠪᠠ》 ᠭᠡᠵᠦ᠍ ᠵᠡᠭᠦᠨ ᠦᠵᠦᠮᠦᠴᠢᠨ ᠬᠣᠱᠢᠭᠤᠨ᠎ᠤ ᠲᠦᠩ ᠳ᠋ᠡ ᠣᠯᠠᠨ ᠤᠯᠤᠰ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠵᠣᠣ ᠳ᠋ᠦᠩ ᠴᠤᠤ ᠰᠤᠷᠪᠤᠯᠵᠢᠯᠠᠭ᠎ᠠ ᠬᠦᠯᠢᠶᠡᠬᠦ ᠳ᠋ᠡᠭᠡᠨ ᠶᠠᠷᠢᠯ᠎ᠠ᠃

ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠶᠠᠪᠤᠴᠠ᠎ᠳᠤ᠂ ᠵᠡᠭᠦᠨ ᠦᠵᠦᠮᠦᠴᠢᠨ ᠪᠣᠭᠣᠮᠲᠠ ᠵᠢᠨ ᠬᠢᠨ ᠢᠳᠡᠪᠬᠢᠲᠡᠶ ᠠᠵᠢᠯᠯᠠᠵᠤ᠂ ᠪᠣᠭᠣᠮᠲᠠ᠎ᠶ᠋ᠢᠨ ᠬᠣᠯᠪᠣᠭᠠᠯᠠᠨ ᠪᠠᠢᠴᠠᠭᠠᠬᠤ ᠨᠢᠭᠡᠴᠢ ᠨᠢᠭᠳᠠ ᠬᠠᠮᠵᠢᠯᠴᠠᠵᠦ᠂ ᠵᠣᠬᠢᠴᠠᠭᠤᠯᠤᠨ ᠬᠣᠯᠪᠣᠭᠠᠯᠠᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌ ᠵᠢ ᠪᠠᠳᠤᠯᠠᠪᠠ᠃ ᠪᠣᠭᠣᠮᠲᠠ᠎ᠶ᠋ᠢᠨ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠠᠷᠠᠭᠠᠨ᠎ᠤ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠬᠡᠯᠬᠢᠶ᠎ᠡ᠎ᠶ᠋ᠢ ᠲᠡᠭᠦᠯᠳᠡᠷᠵᠢᠭᠦᠯᠦᠨ᠂ ᠵᠠᠰᠠᠮᠠᠯ ᠵᠠᠮ᠎ᠤᠨ ᠪᠣᠭᠣᠮᠲᠠ᠎ᠶ᠋ᠢᠨ ᠣᠶᠤᠨᠴᠢᠯᠠᠭ᠍ᠰᠠᠨ ᠬᠢᠯᠢ ᠠᠯᠤᠰᠯᠠᠭ᠍ᠰᠠᠨ ᠲᠡᠭᠡᠭᠡᠪᠦᠷᠢ᠎ᠳᠦ ᠬᠦᠴᠦᠨ ᠨᠡᠮᠡᠷᠢᠯᠡᠵᠦ᠍᠂ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠯᠠᠬᠤ ᠲᠠᠯᠠᠪᠤᠷ ᠭᠠᠵᠠᠷ᠎ᠤᠨ ᠴᠢᠳᠠᠮᠵᠢ᠎ᠶ᠋ᠢᠨ ᠲᠠᠰ᠎ᠢ ᠳᠡᠭᠡᠭ᠌ᠰᠢᠯᠡᠭᠦᠯᠦᠨ᠂ ᠪᠣᠭᠣᠮᠲᠠ᠎ᠶ᠋ᠢᠨ ᠬᠥᠮᠥᠷᠭᠡᠯᠡᠨ ᠬᠠᠳᠠᠭᠠᠯᠠᠬᠤ ᠪᠠ ᠳᠠᠭᠠᠭᠠᠬᠤ ᠴᠢᠳᠠᠪᠤᠷᠢ᠎ᠶ᠋ᠢ ᠴᠢᠩᠭᠠᠷᠠᠭᠤᠯᠪᠠ᠃ ᠬᠢᠨᠠᠯᠲᠠ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠴᠢᠩᠭᠠᠳᠭᠠᠵᠤ᠂ H986 ᠮᠠᠱᠢᠨ ᠵᠢᠡᠷ ᠪᠠᠢᠴᠠᠭᠠᠬᠤ᠂ ᠣᠶᠤᠨᠴᠢ᠎ᠪᠠᠷ ᠵᠢᠷᠤᠭ ᠬᠢᠨᠠᠬᠤ ᠪᠠ ᠴᠥᠮ᠎ᠡ᠎ᠶ᠋ᠢᠨ ᠰᠠᠴᠤᠷᠠᠭ ᠵᠢᠡᠷ ᠬᠠᠢᠨ ᠬᠡᠮᠵᠢᠬᠦ᠌ ᠵᠡᠷᠭᠡ ᠲᠥᠬᠥᠭᠡᠷᠦᠮᠵᠢ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠤᠯᠤᠰ᠎ᠤᠨ ᠡᠭᠦᠳᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠡᠭᠦᠨ᠎ᠦ ᠬᠠᠮᠲᠤ᠂ ᠪᠣᠭᠣᠮᠲᠠ᠎ᠪᠠᠷ ᠥᠩᠭᠡᠷᠡᠬᠦ᠌ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ 《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌》ᠲᠤᠢᠯ᠎ᠤᠨ ᠣᠨᠣᠪᠴᠢᠲᠠᠶ᠎ᠪᠠᠷ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠵᠦ᠍᠂ 《ᠤᠷᠢᠳᠴᠢᠯᠠᠨ ᠭᠤᠶᠤᠴᠢᠯᠠᠨ ᠮᠡᠳᠡᠭᠦᠯᠬᠦ᠌》᠂《ᠬᠣᠶᠠᠷ ᠠᠯᠬᠤᠮ᠎ᠢᠶᠠᠷ ᠭᠤᠶᠤᠴᠢᠯᠠᠨ ᠮᠡᠳᠡᠭᠦᠯᠬᠦ᠌》᠂ 《ᠤᠷᠢᠳ᠎ᠢᠶᠠᠷ ᠲᠠᠯᠪᠢᠵᠤ ᠳᠠᠷᠠᠭ᠎ᠠ᠎ᠨᠢ ᠪᠠᠢᠴᠠᠭᠠᠬᠤ》 ᠵᠡᠷᠭᠡ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠨᠡᠭᠦᠷᠡᠰᠦ ᠵᠡᠷᠭᠡ ᠪᠥᠭᠡᠮ ᠲᠠᠸᠠᠷ᠎ᠲᠤ ᠬᠢᠯᠢ᠎ᠶ᠋ᠢᠨ ᠭᠠᠳᠠᠨ᠎ᠠ ᠤᠷᠢᠳᠴᠢᠯᠠᠨ ᠪᠠᠢᠴᠠᠭᠠᠬᠤ ᠪᠠ ᠭᠤᠷᠪᠠᠳᠠᠬᠢ ᠡᠲᠡᠭᠡᠳ᠎ᠡᠴᠡ ᠮᠡᠳᠡᠭᠡ ᠵᠠᠩᠭᠢ ᠴᠤᠭ᠍ᠯᠠᠭᠤᠯᠬᠤ᠎ᠶ᠋ᠢ ᠬᠡᠷᠡᠭ᠌ᠵᠢᠭᠦᠯᠵᠦ᠍᠂ ᠳᠠᠷᠤᠶ ᠲᠦᠷᠭᠡᠨ ᠪᠠᠢᠴᠠᠭᠠᠬᠤ᠂ ᠲᠦᠷᠭᠡᠨ ᠱᠢᠯᠭᠠᠵᠤ ᠲᠦᠷᠭᠡᠨ ᠪᠤᠭᠤᠮᠳᠠ ᠦᠡᠭᠭᠡᠷᠡᠭᠦᠯᠦᠨ ᠪᠣᠭᠣᠮᠲᠠ᠎ᠪᠠᠷ ᠥᠩᠭᠡᠷᠡᠬᠦ᠌ ᠴᠠᠭ᠎ᠢ ᠪᠦᠲᠦᠮᠵᠢᠲᠡᠶ  ᠪᠣᠭᠣᠨᠢᠰᠭᠠᠵᠤ᠂ ᠡᠳ᠋  ᠪᠠᠷᠠᠭ᠎ᠠ᠎ᠶ᠋ᠢ  ᠲᠦᠷᠭᠡᠨ ᠣᠷᠣᠭᠤᠯᠵᠤ ᠲᠦᠷᠭᠡᠨ ᠭᠠᠷᠭᠠᠬᠤ ᠵᠢ  ᠠᠬᠢᠭᠤᠯᠵᠠᠢ᠃

ᠵᠡᠭᠦᠨ ᠦᠵᠦᠮᠦᠴᠢᠨ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠨᠢᠭᠡᠳᠦᠭᠡᠷ ᠰᠠᠯᠠᠭᠠᠨ᠎ᠤ ᠳᠡᠳ᠋ ᠳᠠᠷᠤᠭ᠎ᠠ ᠳ᠋ᠦᠩ ᠱᠢᠶᠤᠤ ᠱᠢᠤᠢ᠄ 《ᠪᠢᠳᠡ ᠦᠷᠭᠦᠯᠵᠢᠯᠡᠨ ᠣᠶᠤᠨᠴᠢ ᠠᠷᠭ᠎ᠠ ᠪᠠᠷᠢᠯ᠎ᠢ ᠭᠦᠶ᠋ᠴᠡᠳ ᠬᠡᠷᠡᠭ᠌ᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠠᠮᠢᠳᠤᠯᠢᠭ ᠬᠡᠷᠡᠭ᠌ᠯᠡᠬᠦ᠌᠎ᠳᠦ ᠲᠥᠬᠥᠮ ᠦᠵᠡᠭᠦᠯᠵᠦ᠍᠂ ᠠᠵᠤ ᠠᠬᠤᠢᠯᠠᠯ᠎ᠢ ᠲᠤᠰᠠᠯᠠᠬᠤ ᠦᠶ᠋ᠯᠡᠴᠢᠯᠡᠭᠡ᠎ᠶ᠋ᠢ ᠪᠣᠳᠠᠲᠠᠢᠵᠢᠭᠤᠯᠵᠤ᠂ ᠪᠣᠭᠣᠮᠲᠠ᠎ᠪᠠᠷ ᠥᠩᠭᠡᠷᠡᠬᠦ᠌᠎ᠶ᠋ᠢ ᠨᠠᠩ ᠥᠨᠳᠥᠷ  ᠪᠦᠲᠦᠮᠵᠢᠲᠡᠶ ᠪᠣᠯᠭᠠᠵᠤ᠂ ᠤᠮᠠᠷᠠᠰᠢ  ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠳᠤ ᠪᠣᠭᠣᠮᠲᠠ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ》 ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号