ᠡᠨᠡ ᠵᠢᠯ ᠦᠪᠦᠷ ᠮᠤᠩᠭᠤᠯ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠤᠷᠤ ᠵᠢ 3000 ᠨᠡᠮᠡᠭᠳᠡᠭᠦᠯᠦᠨ᠎ᠡ
2026-05-12 10:04:10
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠵᠢᠯ ᠳ᠋ᠤ᠂ ᠥᠪᠥᠷ ᠮᠣᠩᠭᠣᠯ ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠠᠢᠳᠤᠷ ᠰᠢᠢᠳᠪᠦᠷᠢᠯᠡᠵᠤ᠂ ᠭᠤᠷᠪᠠᠨ ᠵᠢᠯ ᠳᠠᠷᠠᠭᠠᠯᠠᠨ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠦᠢᠯᠡᠴᠢᠯᠡᠭᠡ ᠵᠢ ᠵᠠᠰᠠᠭ ᠤ᠋ᠨ ᠣᠷᠳᠣᠨ ᠤ᠋ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠥᠷᠥᠯ ᠵᠦᠢᠯ ᠳ᠋ᠦ᠍ ᠣᠷᠣᠭᠤᠯᠵᠤ᠂ ᠡᠯ᠎ᠡ ᠲᠥᠷᠥᠯ ᠤ᠋ᠨ ᠠᠵᠢᠯ ᠢᠳᠡᠪᠬᠢ ᠦᠷ᠎ᠡ ᠪᠦᠲᠦᠮᠵᠢ ᠣᠯᠤᠭᠰᠠᠨ ᠪᠠᠢᠨ᠎ᠠ᠃ ᠤᠢᠯᠠᠭᠠᠭᠰᠠᠨ ᠵᠢᠡᠷ᠂ ᠡᠨᠡ ᠵᠢᠯ ᠦᠪᠦᠷ ᠮᠤᠩᠭᠤᠯ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠤᠷᠤ ᠵᠢ 3000 ᠨᠡᠮᠡᠭᠳᠡᠭᠦᠯᠤᠨ᠎ᠡ᠃

ᠦᠪᠦᠷ ᠮᠤᠩᠭᠤᠯ ᠬᠡᠦᠬᠡᠳ ᠪᠣᠢᠵᠢᠭᠤᠯᠵᠤ ᠬᠦᠮᠦᠵᠢᠭᠦᠯᠬᠦ ᠳᠠᠷᠤᠭᠠᠰᠤ ᠵᠢ ᠦᠨᠡᠨ ᠬᠦ᠌ ᠬᠥᠩᠭᠡᠷᠡᠭᠦᠯᠵᠦ᠂ ᠨᠥᠬᠥᠴᠡᠯ ᠳ᠋ᠦ᠍ ᠨᠡᠢᠴᠡᠬᠦ 3 ᠨᠠᠰᠤᠨ ᠡᠴᠡ ᠳᠣᠷᠣᠭᠰᠢᠬᠢ ᠨᠢᠯᠬ᠎ᠠ ᠬᠡᠦᠬᠡᠳ ᠲᠦ᠍ ᠵᠢᠯ ᠪᠦᠷᠢ 3600 ᠲᠥᠭᠥᠷᠢᠭ ᠤ᠋ᠨ ᠨᠥᠬᠥᠪᠥᠷᠢ ᠤᠯᠭᠤᠵᠤ᠂ ᠡᠨᠡ ᠬᠦ᠌ ᠲᠥᠷᠥᠯ ᠵᠦᠢᠯ ᠨᠢ ᠨᠢᠭᠡᠨᠲᠡ 7.7 ᠲᠦᠮᠡᠨ ᠬᠥᠮᠦᠨ ᠤᠳᠠᠭ᠎ᠠ ᠳ᠋ᠤ᠌ ᠠᠰᠢᠭ ᠬᠦᠷᠳᠡᠭᠡᠵᠡᠢ; ᠡᠳᠦᠷ ᠢᠷᠡᠬᠦᠶ᠎ᠡ ᠲᠡᠭᠦᠯᠳᠡᠷᠵᠢᠵᠦ ᠪᠠᠢᠭ᠎ᠠ ᠠᠮᠠᠷᠠᠯᠲᠠ ᠵᠢᠨ ᠳᠦᠷᠢᠮ ᠨᠢ ᠡᠴᠢᠭᠡ ᠡᠬᠡ ᠨᠢ ᠦᠷ᠎ᠡ ᠬᠡᠦᠬᠡᠳ ᠵᠢᠡᠨ ᠬᠠᠷᠠᠭᠠᠯᠵᠠᠬᠤ ᠳ᠋ᠤ᠌ ᠭᠦᠢᠴᠡᠳ ᠴᠠᠭ ᠬᠠᠩᠭᠠᠭᠰᠠᠨ ᠮᠥᠷᠲᠡᠭᠡᠨ ᠭᠡᠷ ᠪᠦᠯᠢ ᠵᠢᠨ ᠠᠰᠠᠷᠠᠨ ᠬᠠᠷᠠᠭᠠᠯᠵᠠᠬᠤ ᠪᠠ ᠪᠠᠢᠭᠤᠯᠤᠮᠵᠢ ᠳ᠋ᠤ ᠨᠠᠢᠳᠠᠨ ᠰᠠᠭᠠᠳᠠᠭᠤᠯᠵᠤ ᠬᠥᠮᠦᠵᠢᠭᠦᠯᠬᠦ ᠵᠢ ᠪᠦᠲᠦᠮᠵᠢᠲᠡᠢ ᠵᠣᠯᠭᠠᠭᠤᠯᠪᠠ; ᠥᠪᠥᠷ ᠮᠣᠩᠭᠣᠯ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠦᠢᠯᠡᠴᠢᠯᠡᠭᠡᠨ ᠤ᠋ ᠲᠣᠣᠷ ᠢ᠋ ᠨᠢᠭᠳᠠ ᠰᠦᠯᠵᠢᠵᠤ᠂ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠡᠯ᠎ᠡ ᠲᠥᠷᠥᠯ ᠤ᠋ᠨ ᠪᠠᠢᠭᠤᠯᠤᠮᠵᠢ ᠵᠢ ᠨᠢᠭᠡᠨᠲᠡ 2000 ᠭᠠᠷᠤᠢ ᠪᠦᠳᠦᠭᠡᠨ ᠪᠠᠢᠭᠤᠯᠵᠤ᠂ ᠨᠠᠢᠳᠠᠨ ᠰᠠᠭᠠᠲᠠᠭᠤᠯᠵᠤ ᠬᠦᠮᠦᠵᠢᠭᠦᠯᠬᠦ ᠶᠡᠷᠦᠩᠬᠡᠢ ᠣᠷᠣᠨ ᠲᠣᠭ᠎ᠠ 11 ᠲᠦᠮᠡ ᠳ᠋ᠦ᠍ ᠬᠦᠷᠴᠦ᠂ ᠰᠢᠨ᠎ᠡ ᠪᠡᠷ ᠪᠦᠳᠦᠭᠡᠨ ᠪᠠᠢᠭᠤᠯᠤᠭᠰᠠᠨ ᠨᠡᠢᠭᠡᠮ ᠲᠣᠭᠣᠷᠢᠭ ᠤ᠋ᠨ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠦᠢᠯᠡᠴᠢᠯᠡᠭᠡᠨ ᠤ᠋ ᠲᠤᠷᠰᠢᠯᠲᠠ ᠵᠢᠨ ᠪᠠᠢᠭᠤᠯᠤᠮᠵᠢ ᠵᠢ 55 ᠪᠣᠯᠭᠠᠨ ᠥᠷᠭᠡᠳᠬᠡᠵᠦ᠂ 70% ᠡᠴᠡ ᠳᠡᠭᠡᠭᠰᠢᠬᠢ ᠡᠩ ᠤ᠋ᠨ ᠨᠠᠢᠳᠠᠨ ᠰᠠᠭᠠᠲᠠᠭᠤᠯᠵᠤ ᠬᠦᠮᠦᠵᠢᠭᠦᠯᠬᠦ ᠪᠠᠢᠭᠤᠯᠤᠮᠵᠢ ᠵᠢᠨ ᠬᠤᠷᠢᠶᠠᠬᠤ ᠰᠦᠢᠳᠬᠡᠯ ᠨᠢ 1500 ᠲᠥᠭᠥᠷᠢᠭ ᠡᠴᠡ ᠳᠣᠷᠣᠭᠰᠢ ᠪᠠᠢᠯ᠎ᠠ ᠃

ᠥᠪᠥᠷ ᠮᠣᠩᠭᠣᠯ ᠦᠷᠡᠵᠢᠯ ᠤ᠋ᠨ ᠨᠥᠬᠥᠷᠰᠡᠭ ᠬᠡᠯᠪᠡᠷᠢ ᠵᠢᠨ ᠨᠡᠢᠭᠡᠮ ᠤ᠋ᠨ ᠪᠠᠢᠭᠤᠯᠤᠯᠲᠠ ᠵᠢᠨ ᠢᠨᠵᠧᠨᠧᠷᠢᠩ ᠢ᠋ ᠬᠡᠷᠡᠭᠵᠢᠭᠦᠯᠬᠦ ᠪᠡᠷ ᠠᠵᠠ ᠲᠣᠬᠢᠶᠠᠯ ᠪᠣᠯᠭᠠᠵᠤ᠂ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠦᠢᠯᠡᠴᠢᠯᠡᠭᠡᠨ ᠤ᠋ ᠴᠢᠨᠠᠷ ᠢ᠋ ᠳᠡᠭᠡᠭᠰᠢᠯᠡᠭᠦᠯᠬᠦ ᠵᠢ ᠲᠦᠷᠭᠡᠳᠭᠡᠨ ᠠᠬᠢᠭᠤᠯᠵᠤ ᠪᠤᠢ᠃ 2026 ᠣᠨ ᠳ᠋ᠤ᠌᠂ ᠦᠪᠦᠷ ᠮᠤᠩᠭᠤᠯ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠤᠷᠤ ᠵᠢ 3000 ᠨᠡᠮᠡᠭᠳᠡᠭᠦᠯᠵᠦ᠂ ᠨᠠᠭᠠᠳᠤ ᠵᠠᠬ᠎ᠠ ᠳ᠋ᠠᠭᠠᠨ 1 ᠠᠢᠮᠠᠭ ᠬᠣᠲᠠ ᠵᠢᠨ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠶᠡᠷᠦᠩᠬᠡᠢᠯᠡᠭᠰᠡᠨ ᠦᠢᠯᠡᠴᠢᠯᠡᠭᠡᠨ ᠤ᠋ ᠲᠥᠪ ᠢ᠋ ᠪᠦᠳᠦᠭᠡᠨ ᠪᠠᠢᠭᠤᠯᠤᠨ᠎ᠠ; ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠬᠢᠭᠡᠳ ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠪᠠᠢᠭᠤᠯᠤᠮᠵᠢ ᠵᠢᠨ ᠦᠢᠯᠡᠴᠢᠯᠡᠭᠡᠨ ᠤ᠋ ᠵᠠᠬᠢᠶᠠᠯᠠᠭ᠎ᠠ ᠲᠣᠭᠲᠠᠬᠤ ᠨᠣᠷᠮ᠎ᠠ ᠵᠢ 85% ᠡᠴᠡ ᠳᠠᠪᠠᠭᠤᠯᠤᠨ᠎ᠠ; ᠬᠡᠦᠭᠡᠳ ᠢ᠋ ᠨᠠᠢᠳᠠᠨ ᠰᠠᠭᠠᠲᠠᠭᠤᠯᠵᠤ ᠬᠦᠮᠦᠵᠢᠭᠦᠯᠬᠦ ᠲᠦᠭᠡᠮᠡᠯ ᠬᠠᠷᠠᠭᠠᠯᠵᠠᠯ ᠤ᠋ᠨ ᠪᠠᠢᠭᠤᠯᠤᠮᠵᠢ ᠵᠢᠨ ᠬᠡᠦᠭᠡᠳ ᠨᠢᠭᠡᠪᠦᠷᠢ ᠳ᠋ᠦ᠍ ᠲᠣᠭᠲᠠᠬᠰᠠᠨ ᠨᠥᠬᠥᠪᠥᠷᠢ ᠤᠯᠭᠤᠬᠤ ᠲᠥᠷᠥᠯ ᠵᠦᠢᠯ ᠢ᠋ ᠦᠷᠭᠦᠯᠵᠢᠯᠡᠨ ᠬᠡᠷᠡᠭᠵᠢᠭᠦᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号