ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠢ᠋ᠢᠨ ᠲᠢᠩᠬᠢᠮ ᠪᠤᠯᠤᠨ ᠴᠠᠭ ᠠᠭᠤᠷ ᠤ᠋ᠨ ᠲᠣᠪᠴᠢᠶᠠ ᠣᠢᠷᠠ ᠳ᠋ᠤ ᠬᠠᠮᠲᠤᠷᠠᠯᠴᠠᠭᠠᠨ ᠤ᠋ ᠰᠠᠨᠠᠮᠵᠢ ᠢ᠋ᠢᠨ ᠪᠢᠴᠢᠭᠲᠤᠭᠲᠠᠪᠠ᠃ ᠡᠨᠡ ᠨᠢ ᠪᠥᠬᠥ᠌ ᠣᠷᠣᠨ ᠤ᠋ 《ᠪᠠᠴᠢᠮ ᠪᠠᠢᠳᠠᠯ ᠢ᠋ ᠠᠷᠭᠠᠴᠠᠭᠠᠬᠤ + ᠴᠠᠭ ᠠᠭᠤᠷ》 ᠤ᠋ᠨ ᠭᠠᠮᠱᠢᠭ ᠢ᠋ ᠰᠡᠷᠭᠡᠢᠯᠡᠵᠤ ᠭᠠᠮᠱᠢᠭ ᠢ᠋ ᠪᠠᠭᠠᠰᠬᠠᠨ ᠭᠠᠮᠱᠢᠭ ᠡᠴᠡ ᠠᠪᠤᠷᠠᠬᠤ ᠠᠵᠢᠯ ᠤ᠋ᠨ ᠵᠠᠭ᠍ᠪᠤᠷ ᠵᠢᠷᠤᠮᠵᠢᠬᠰᠠᠨ ᠳᠦᠷᠢᠮᠵᠢᠭᠰᠡᠨ ᠱᠢᠨᠡ ᠱᠠᠲᠤᠨ ᠳ᠋ᠤ ᠣᠷᠣᠭ᠍ᠰᠠᠨ ᠢ᠋ ᠬᠠᠷᠠᠭᠤᠯᠵᠤ ᠪᠠᠢᠨᠠ᠃
ᠤᠢᠯᠠᠭᠠᠭᠰᠠᠨ ᠢ᠋ᠢᠡᠷ᠂ ᠬᠣᠶᠠᠷ ᠰᠠᠯᠠᠭᠠ ᠮᠥᠴᠢᠷ ᠨᠢ ᠴᠠᠭ ᠠᠭᠤᠷ ᠤ᠋ᠨ ᠭᠠᠮᠱᠢᠭ ᠵᠢᠴᠢ ᠡᠭᠦᠰᠦᠮᠡᠯ ᠭᠠᠮᠱᠢᠭ ᠢ᠋ ᠰᠡᠷᠭᠡᠢᠯᠡᠬᠦ᠌᠂ ᠬᠦᠨᠳᠦ ᠶᠡᠬᠡ ᠭᠡᠨᠡᠳᠲᠡ ᠢ᠋ᠢᠨ ᠬᠡᠷᠡᠭ ᠤ᠋ᠨ ᠴᠠᠭ ᠠᠭᠤᠷ ᠤ᠋ᠨ ᠪᠠᠲᠤᠯᠠᠭᠠ ᠢ᠋ᠢᠨ ᠦᠶ᠋ᠯᠡᠴᠢᠯᠡᠭᠡ ᠵᠡᠷᠭᠡ ᠭᠤᠤᠯ ᠬᠦᠷᠢᠶᠡᠨ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠬᠣᠶᠠᠷ ᠲᠠᠯᠠ ᠢ᠋ᠢᠨ ᠣᠯᠠᠨ ᠵᠢᠯ ᠤ᠋ᠨ ᠲᠤᠷᠱᠢᠬᠢ ᠪᠣᠯᠪᠠᠰᠤᠷᠠᠩᠭᠤᠶ ᠬᠠᠮᠲᠤᠷᠠᠯᠴᠠᠭᠠᠨ ᠤ᠋ ᠲᠤᠷᠱᠢᠯᠭᠠ᠂ ᠥᠨᠳᠥᠷ ᠪᠦᠲᠦᠮᠵᠢᠲᠡᠶ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠢ᠋ᠢ ᠲᠦᠷᠢᠮ ᠤ᠋ᠨ ᠬᠡᠯᠪᠡᠷᠢ ᠪᠡᠷ ᠲᠣᠭ᠍ᠲᠠᠪᠤᠷᠢᠵᠢᠭᠤᠯᠤᠨ ᠲᠠᠰ ᠳᠡᠪᠱᠢᠭᠦᠯᠵᠦ᠍᠂ ᠣᠳᠣᠬᠢᠴᠢᠯᠠᠭ᠍ᠰᠠᠨ᠂ ᠮᠡᠳᠡᠭᠡ ᠵᠠᠩᠭᠢᠵᠢᠬᠰᠠᠨ᠂ ᠬᠣᠯᠪᠣᠭᠠᠯᠠᠨ ᠬᠥᠳᠡᠯᠦᠯᠴᠡᠭ᠌ᠰᠡᠨ ᠬᠠᠮᠵᠢᠯᠴᠠᠭᠠᠨ ᠤ᠋ ᠱᠢᠨᠡ ᠪᠠᠢᠷᠢᠱᠢᠯ ᠢ᠋ ᠪᠠᠢᠭᠤᠯᠬᠤ ᠢ᠋ᠢ ᠠᠬᠢᠭᠤᠯᠵᠡᠢ᠃
ᠬᠠᠮᠲᠤᠷᠠᠯᠴᠠᠭᠠᠨ ᠤ᠋ ᠰᠠᠨᠠᠮᠵᠢ ᠢ᠋ᠢᠨ ᠪᠢᠴᠢᠭ ᠢ᠋ ᠦᠨᠳᠦᠰᠦᠯᠡᠪᠡᠯ᠂ ᠬᠣᠶᠠᠷ ᠰᠠᠯᠠᠭᠠ ᠮᠥᠴᠢᠷ ᠨᠢ ᠲᠣᠭᠠ ᠪᠠᠷᠢᠮᠲᠠ ᠢ᠋ᠢ ᠬᠠᠮᠲᠤ ᠪᠡᠷ ᠡᠳ᠋ᠯᠡᠬᠦ᠌ ᠲᠣᠭ᠍ᠲᠠᠴᠠ ᠢ᠋ᠢ ᠬᠠᠮᠲᠤᠷᠠᠨ ᠪᠠᠢᠭᠤᠯᠵᠤ᠂ ᠴᠠᠭ ᠠᠭᠤᠷ᠂ ᠪᠠᠴᠢᠮ ᠪᠠᠢᠳᠠᠯ ᠢ᠋ ᠠᠷᠭᠠᠴᠠᠭᠠᠬᠤ ᠵᠡᠷᠭᠡ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠮᠡᠳᠡᠭᠡ ᠵᠠᠩᠭᠢ ᠢ᠋ᠢ ᠬᠠᠮᠲᠤ ᠪᠡᠷ ᠡᠳ᠋ᠯᠡᠵᠦ᠍ ᠬᠠᠮᠲᠤ ᠪᠡᠷ ᠬᠡᠷᠡᠭ᠌ᠯᠡᠬᠦ ᠢ᠋ᠢ ᠠᠬᠢᠭᠤᠯᠤᠨᠠ; ᠮᠡᠳᠡᠭᠡ ᠵᠠᠩᠭᠢ ᠨᠡᠢᠲᠡᠯᠡᠬᠦ᠌ ᠱᠢᠰᠲ᠋ᠧᠮ ᠤ᠋ᠨ ᠪᠠᠢᠭᠤᠯᠤᠯᠲᠠ ᠢ᠋ᠢ ᠬᠠᠮᠲᠤᠷᠠᠨ ᠠᠬᠢᠭᠤᠯᠵᠤ᠂ 《ᠬᠢᠨᠠᠨ ᠱᠢᠨᠵᠢᠬᠦ ᠢ᠋ᠢ ᠨᠠᠷᠢᠨ ᠣᠨᠣᠴᠠᠲᠠᠶ ᠪᠠᠢᠯᠭᠠᠬᠤ᠂ ᠴᠠᠭ ᠲᠤᠬᠠᠶ ᠳ᠋ᠤᠨᠢ ᠰᠡᠷᠡᠮᠵᠢᠯᠡᠭᠦᠯᠬᠦ᠌᠂ ᠲᠦᠷᠭᠡᠨ ᠳᠡᠮᠵᠢᠭᠤᠯᠬᠤ᠂ ᠥᠨᠳᠥᠷ ᠦᠷᠡ ᠪᠦᠲᠦᠮᠵᠢᠲᠡᠶ ᠪᠠᠢᠯᠭᠠᠬᠤ》 ᠪᠥᠬᠥ᠌ ᠬᠡᠯᠬᠢᠶᠠ ᠢ᠋ᠢᠨ ᠴᠠᠭ ᠠᠭᠤᠷ ᠤ᠋ᠨ ᠰᠡᠷᠡᠮᠵᠢᠯᠡᠭᠦᠯᠦᠯ ᠢ᠋ ᠨᠡᠢᠲᠡᠯᠡᠬᠦ᠌ ᠪᠠ ᠳᠡᠮᠵᠢᠭᠤᠯᠬᠤ ᠱᠢᠰᠲ᠋ᠧᠮ ᠢ᠋ ᠪᠠᠢᠭᠤᠯᠬᠤ ᠢ᠋ᠢ ᠠᠬᠢᠭᠤᠯᠤᠨᠠ; ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠮᠡᠷᠭᠡᠵᠢᠯ ᠤ᠋ᠨ ᠪᠣᠭᠣᠮᠲᠠ ᠱᠢᠪᠲᠤᠯᠬᠤᠠᠵᠢᠯ ᠢ᠋ ᠬᠠᠮᠲᠤᠷᠠᠨ ᠥᠷᠨᠢᠭᠦᠯᠵᠦ᠍᠂ ᠬᠡᠷᠡᠭ ᠤ᠋ᠨ ᠮᠡᠳᠡᠭᠦᠯᠦᠯᠲᠡ ᠢ᠋ᠢ ᠬᠦᠯᠢᠶᠡᠨ ᠠᠪᠬᠤ᠂ ᠭᠠᠮᠱᠢᠭ ᠤ᠋ᠨ ᠪᠠᠢᠳᠠᠯ ᠢ᠋ ᠰᠤᠳᠤᠯᠤᠨ ᠮᠠᠭᠠᠳᠯᠠᠬᠤ ᠂ ᠮᠡᠳᠡᠭᠡ ᠵᠠᠩᠭᠢ ᠢ᠋ᠢ ᠶᠡᠷᠦᠩᠬᠡᠢᠯᠡᠬᠦ᠌᠂ ᠠᠪᠤᠷᠠᠨ ᠲᠤᠰᠠᠯᠠᠵᠤ ᠱᠢᠢᠳᠪᠦᠷᠢᠯᠡᠬᠦ᠌ ᠵᠡᠷᠭᠡ ᠪᠠᠴᠢᠮ ᠪᠠᠢᠳᠠᠯ ᠢ᠋ ᠠᠷᠭᠠᠴᠠᠭᠠᠬᠤ ᠪᠦᠬᠦ᠌ ᠶᠠᠪᠤᠴᠠ ᠢ᠋ᠢᠨ ᠬᠠᠮᠲᠤᠷᠠᠯᠴᠠᠭᠠ ᠢ᠋ᠢ ᠪᠡᠶᠡᠯᠡᠭᠦᠯᠬᠦ ᠢ᠋ᠢ ᠠᠬᠢᠭᠤᠯᠤᠨᠠ; ᠪᠠᠴᠢᠮ ᠪᠠᠢᠳᠠᠯ ᠢ᠋ ᠠᠷᠭᠠᠴᠠᠭᠠᠬᠤ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠤᠬᠠᠭᠤᠯᠭᠠ ᠢ᠋ᠢ ᠬᠠᠮᠲᠤᠷᠠᠨ ᠥᠷᠨᠢᠭᠦᠯᠵᠦ᠍᠂ ᠣᠯᠠᠨ ᠨᠡᠢᠲᠡ ᠢ᠋ᠢᠨ ᠣᠢᠯᠠᠭᠠᠬᠤ ᠳ᠋ᠤ ᠬᠢᠯᠪᠠᠷ᠂ ᠦᠵᠡᠵᠦ᠍ ᠰᠣᠨᠢᠷᠬᠠᠬᠤ ᠳᠤᠷᠠᠲᠠᠶ ᠪᠠᠴᠢᠮ ᠪᠠᠢᠳᠠᠯ ᠢ᠋ ᠠᠷᠭᠠᠴᠠᠭᠠᠬᠤ ᠤᠬᠠᠭᠤᠯᠭᠠ ᠢ᠋ᠢᠨ ᠪᠦᠲᠦᠭᠡᠯ ᠢ᠋ ᠪᠣᠶ ᠪᠤᠯᠭᠠᠨᠠ; ᠬᠣᠯᠪᠣᠭᠠᠯᠠᠨ ᠲᠥᠯᠥᠪᠵᠢᠭᠦᠯᠵᠦ᠍ ᠬᠥᠲᠥᠯᠥᠨ ᠵᠢᠯᠣᠭᠣᠳᠬᠤ ᠢ᠋ᠢ ᠪᠠᠲᠤᠯᠠᠵᠤ᠂ ᠪᠠᠴᠢᠮ ᠪᠠᠢᠳᠠᠯ ᠢ᠋ ᠠᠷᠭᠠᠴᠠᠭᠠᠬᠤ ᠪᠠ ᠴᠠᠭ ᠠᠭᠤᠷ ᠤ᠋ᠨ ᠪᠦᠲᠦᠭᠡᠨ ᠪᠠᠢᠭᠤᠯᠤᠯᠲᠠ ᠢ᠋ᠢᠨ ᠬᠥᠭ᠌ᠵᠢᠯᠲᠡ ᠢ᠋ᠢᠨ ᠲᠥᠯᠥᠪᠵᠢᠭᠦᠯᠭᠡ ᠢ᠋ᠢ ᠣᠷᠭᠠᠨᠢᠭ ᠢ᠋ᠢᠡᠷ ᠵᠣᠯᠭᠠᠭᠤᠯᠬᠤ ᠢ᠋ᠢ ᠠᠬᠢᠭᠤᠯᠬᠤ ᠪᠤᠯᠤᠨᠠ᠃
ᠥᠪᠡᠷᠲᠡᠭᠡᠨ ᠵᠠᠰᠠᠬᠤ ᠣᠷᠣᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠢ᠋ᠢᠨ ᠲᠢᠩᠬᠢᠮ ᠪᠣᠯᠤᠨ ᠴᠠᠭ ᠠᠭᠤᠷ ᠤ᠋ᠨ ᠲᠣᠪᠴᠢᠶᠠ ᠲᠠᠷᠠᠭᠠᠴᠢ ᠪᠡᠷ ᠬᠠᠮᠲᠤᠷᠠᠯᠴᠠᠭᠠᠨ ᠤ᠋ ᠰᠠᠨᠠᠮᠵᠢ ᠢ᠋ᠢᠨ ᠪᠢᠴᠢᠭ ᠤ᠋ᠨ ᠡᠯᠡ ᠵᠦᠶ᠋ᠯ ᠤ᠋ᠨ ᠠᠷᠭᠠ ᠬᠡᠮᠵᠢᠶᠡ ᠢ᠋ᠢ ᠪᠣᠳᠠᠲᠠᠶ ᠳ᠋ᠤ ᠨᠠᠢᠳᠠᠪᠤᠷᠢᠵᠢᠭᠤᠯᠵᠤ᠂ ᠭᠠᠮᠱᠢᠭ ᠢ᠋ ᠰᠡᠷᠭᠡᠢᠯᠡᠵᠤ ᠭᠠᠮᠱᠢᠭ ᠢ᠋ ᠪᠠᠭᠠᠰᠬᠠᠨ ᠭᠠᠮᠱᠢᠭ ᠡᠴᠡ ᠠᠪᠤᠷᠠᠬᠤ ᠴᠢᠳᠠᠪᠤᠷᠢ ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠢ᠋ᠢᠨ ᠠᠮᠤᠷ ᠲᠦᠪᠱᠢᠨ ᠢ᠋ ᠪᠥᠬᠥ᠌ ᠬᠦᠴᠦᠨ ᠢ᠋ᠢᠡᠷ ᠢ᠋ᠢᠡᠨ ᠬᠠᠮᠠᠭᠠᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨᠡ ᠬᠠᠭᠤᠳᠠᠰᠤ ᠢ᠋ᠢ ᠪᠢᠴᠢᠭ᠌ᠯᠡᠬᠦ᠌ᠳᠦ ᠠᠮᠤᠷ ᠲᠦᠪᠱᠢᠨ ᠤ᠋ ᠰᠡᠷᠭᠡᠢᠯᠡᠯᠲᠡ ᠢ᠋ᠢᠨ ᠱᠤᠭᠤᠮ ᠢ᠋ ᠪᠠᠲᠤ ᠴᠣᠭ᠍ᠴᠠᠯᠠᠬᠤ ᠪᠡᠷ ᠪᠤᠢ᠃