ᠦᠪᠦᠷ ᠮᠤᠡᠭᠭᠤᠯ ᠺᠠᠨᠠᠳᠠ ᠶ᠋ᠢᠨ ᠨᠡᠷᠡᠳᠦ ᠰᠤᠷᠭᠠᠭᠤᠯᠢ ᠲᠠᠢ ᠬᠠᠮᠳᠤᠷᠠᠨ ᠡᠮ ᠤ᠋ᠨ ᠬᠡᠷᠡᠭᠴᠡᠭᠡᠨ ᠤ᠋ ᠭᠤᠶᠤᠯᠠᠯ ᠤ᠋ᠨ ᠡᠳ᠋ ᠦᠢᠯᠡᠳᠬᠦ ᠲᠤᠰᠬᠠᠢ ᠰᠤᠳᠤᠯᠭᠠᠨ ᠦᠷᠨᠢᠭᠦᠯᠬᠦ ᠪᠡᠷ ᠳᠤᠬᠢᠷᠠᠯᠴᠠᠵᠠᠢ
2026-05-12 11:17:50
ᠵᠣᠬᠢᠶᠠᠭ᠍ᠴᠢ᠄
​ ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠵᠤ ᠰᠤᠳᠤᠯᠬᠤ ᠬᠦᠷᠢᠶᠡᠯᠡᠩ ᠤᠢᠷ᠎ᠠ ᠳ᠋ᠤ ᠺᠠᠨᠠᠳᠠ ᠶ᠋ᠢᠨ ᠮᠠᠢᠭᠢᠯ ᠶᠡᠬᠡ ᠰᠤᠷᠭᠠᠭᠤᠯᠢ ᠯᠤᠭ᠎ᠠ ᠦᠪᠦᠷ ᠮᠤᠩᠭᠤᠯ ᠤ᠋ᠨ ᠤᠨᠴᠠᠯᠢᠭᠳᠤ ᠤᠷᠭᠤᠮᠠᠯ ᠶ᠋ᠢᠡᠷ ᠡᠮ ᠤ᠋ᠨ ᠬᠡᠷᠡᠭᠴᠡᠭᠡᠨ ᠤ᠋ ᠭᠤᠶᠤᠯᠠᠯ ᠤ᠋ᠨ ᠡᠳ᠋ ᠤ᠋ᠨ ᠲᠦᠬᠦᠭᠡᠢ ᠮᠠᠲᠧᠷᠢᠶᠠᠯ ᠢ᠋ ᠰᠤᠳᠤᠯᠤᠨ ᠦᠢᠯᠡᠳᠬᠦ ᠲᠤᠬᠠᠢ ᠬᠠᠮᠳᠤᠷᠠᠨ ᠠᠵᠢᠯᠯᠠᠬᠤ ᠵᠦᠪᠯᠡᠯᠴᠡᠭᠡᠷ ᠳᠤᠬᠢᠷᠠᠯᠴᠠᠵᠠᠢ᠃ ᠡᠨᠡ ᠪᠤᠯ ᠲᠤᠰ ᠬᠦᠷᠢᠶᠡᠯᠡᠩ ᠠᠩᠬ᠎ᠠ ᠤᠳᠠᠭ᠎ᠠ ᠺᠠᠨᠠᠳᠠ ᠲᠠᠢ ᠡᠮ ᠤ᠋ᠨ ᠬᠡᠷᠡᠭᠴᠡᠭᠡᠨ ᠤ᠋ ᠭᠤᠶᠤᠯᠠᠯ ᠤ᠋ᠨ ᠡᠳ᠋ ᠦᠢᠯᠡᠳᠬᠦ ᠬᠦᠷᠢᠶᠡᠨ ᠳ᠋ᠤ ᠬᠠᠮᠳᠤᠷᠠᠨ ᠠᠵᠢᠯᠯᠠᠵᠤ ᠪᠠᠢᠭ᠎ᠠ ᠶᠠᠪᠤᠳᠠᠯ ᠪᠤᠯᠬᠤ ᠪᠦᠭᠡᠳ ᠦᠪᠦᠷ ᠮᠤᠩᠭᠤᠯ ᠤ᠋ᠨ ᠡᠮ ᠤ᠋ᠨ ᠵᠦᠢᠯᠡᠰ ᠢ᠋ ᠰᠢᠯᠭᠠᠨ ᠪᠠᠢᠴᠠᠭᠠᠬᠤ ᠪᠠᠢᠭᠤᠯᠤᠮᠵᠢ ᠶ᠋ᠢᠨ ᠬᠢᠨ ᠳᠡᠯᠡᠬᠡᠢᠵᠢᠭᠰᠡᠨ ᠡᠷᠳᠡᠮ ᠰᠢᠨᠵᠢᠯᠡᠭᠡᠨ ᠤ᠋ ᠪᠠᠢᠷᠢᠰᠢᠭᠤᠯᠤᠯᠳᠠ ᠳ᠋ᠤ ᠯᠠᠪᠳᠠᠭᠤᠨ ᠪᠠᠳᠤᠳᠠᠢ ᠵᠠᠩᠬᠢᠯᠠᠭ᠎ᠠ ᠶ᠋ᠢᠨ ᠠᠯᠬᠤᠮ ᠠᠯᠬᠤᠭᠰᠠᠨ ᠢ᠋ ᠬᠠᠷᠠᠭᠤᠯᠵᠤ ᠪᠠᠢᠨ᠎ᠠ᠃

ᠤᠢᠯᠠᠭᠠᠭᠰᠠᠨ ᠶ᠋ᠢᠡᠷ᠂ ᠺᠠᠨᠠᠳᠠ ᠶ᠋ᠢᠨ ᠮᠠᠢᠭᠢᠯ ᠶᠡᠬᠡ ᠰᠤᠷᠭᠠᠭᠤᠯᠢ ᠳ᠋ᠤ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠬᠤᠰᠢᠭᠤᠴᠢ ᠮᠡᠷᠭᠡᠵᠢᠯ ᠪᠠ ᠠᠮᠢ ᠨᠠᠰᠤᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠨ ᠳ᠋ᠤ ᠳᠡᠯᠡᠬᠡᠢ ᠳ᠋ᠤ ᠤᠷᠤᠢᠯᠠᠬᠤ ᠡᠷᠳᠡᠮ ᠰᠢᠨᠵᠢᠯᠡᠭᠡᠨ ᠤ᠋ ᠪᠤᠳᠠᠳᠤ ᠬᠦᠴᠦᠨ ᠬᠢᠭᠡᠳ ᠪᠤᠯᠪᠠᠰᠤᠷᠠᠩᠭᠤᠢ ᠦᠷ᠎ᠠ ᠪᠦᠲᠦᠭᠡᠯ ᠶ᠋ᠢᠡᠨ ᠤᠨᠳᠤᠤᠰᠢᠭᠤᠯᠬᠤ ᠰᠢᠰᠲ᠋ᠧᠮ ᠲᠠᠢ᠃ ᠲᠤᠰ ᠤᠳᠠᠭ᠎ᠠ ᠵᠢᠨ ᠤᠯᠤᠰ ᠠᠯᠤᠰᠯᠠᠭᠰᠠᠨ ᠲᠤᠰᠬᠠᠢ ᠰᠤᠳᠤᠯᠭᠠᠨ ᠤ᠋ ᠲᠦᠷᠦᠯ ᠵᠦᠢᠯ ᠢ᠋ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠢ᠋ ᠰᠢᠯᠭᠠᠨ ᠪᠠᠢᠴᠠᠭᠠᠵᠤ ᠰᠤᠳᠤᠯᠬᠤ ᠬᠦᠷᠢᠶᠡᠯᠡᠩ ᠤ᠋ᠨ ᠮᠢᠺᠷᠤᠪ ᠤ᠋ᠨ ᠲᠠᠰᠤᠭ ᠤ᠋ᠨ ᠲᠤᠰᠬᠠᠢ ᠮᠡᠷᠭᠡᠵᠢᠯᠳᠡᠨ ᠤ᠋ ᠪᠠᠭ ᠡᠴᠡ ᠲᠦᠷᠦᠭᠦᠯᠡᠨ ᠤᠳᠤᠷᠢᠳᠴᠤ᠂ ᠦᠪᠦᠷ ᠮᠤᠩᠭᠤᠯ ᠤ᠋ᠨ ᠤᠷᠤᠨ ᠨᠤᠳᠤᠭ ᠤ᠋ᠨ ᠡᠬᠢ ᠪᠠᠶᠠᠯᠢᠭ ᠤ᠋ᠨ ᠳᠠᠪᠠᠭᠤᠯᠢᠭ ᠪᠠ ᠠᠵᠤ ᠦᠢᠯᠡᠰ ᠤ᠋ᠨ ᠬᠦᠭᠵᠢᠯᠳᠡ ᠶ᠋ᠢᠨ ᠬᠡᠷᠡᠭᠴᠡᠭᠡ ᠳ᠋ᠤ ᠰᠠᠭᠤᠷᠢᠯᠠᠨ᠂ ᠦᠪᠦᠷ ᠮᠤᠩᠭᠤᠯ ᠤ᠋ᠨ ᠦᠪᠡᠷᠮᠢᠴᠡ ᠤᠨᠴᠠᠯᠢᠭ ᠲᠠᠢ ᠡᠮ ᠤ᠋ᠨ ᠬᠡᠷᠡᠭᠴᠡᠭᠡᠨ ᠤ᠋ ᠤᠷᠭᠤᠮᠠᠯ ᠤ᠋ᠨ ᠡᠬᠢ ᠪᠠᠶᠠᠯᠢᠭ ᠢ᠋ ᠠᠭᠤᠳᠠᠯᠵᠤ ᠠᠰᠢᠭᠯᠠᠬᠤ ᠲᠤᠭᠤᠷᠢᠨ ᠳ᠋ᠤ ᠲᠦᠬᠦᠭᠡᠢ ᠮᠠᠲᠧᠷᠢᠶᠠᠯ ᠤ᠋ᠨ ᠶᠠᠰᠤ ᠴᠢᠨᠠᠷ ᠢ᠋ ᠬᠢᠨᠠᠨ ᠡᠵᠡᠮᠳᠡᠬᠦ᠂ ᠲᠦᠭᠰᠢᠭᠦᠷᠢ ᠶ᠋ᠢ ᠬᠢᠨᠡᠨ ᠦᠨᠡᠯᠡᠬᠦ ᠪᠠ ᠪᠤᠬᠢᠷᠳᠦᠯ ᠦᠭᠡᠢ ᠦᠢᠯᠡᠳᠬᠦ ᠤᠷ᠎ᠠ ᠮᠡᠷᠭᠡᠰᠢᠯ ᠢ᠋ ᠰᠢᠯᠢᠳᠡᠭᠵᠢᠭᠦᠯᠬᠦ ᠰᠤᠳᠤᠯᠭᠠᠨ ᠦᠷᠨᠢᠭᠦᠯᠵᠤ᠂ ᠠᠵᠤ ᠦᠢᠯᠡᠰᠵᠢᠭᠦᠯᠬᠦ ᠬᠠᠷᠠᠯᠳᠠ ᠳ᠋ᠤ ᠠᠩᠬᠠᠷᠤᠯ ᠶ᠋ᠢᠡᠨ ᠲᠦᠪᠯᠡᠷᠡᠭᠦᠯᠦᠨ᠂ ᠦᠨᠳᠦᠷ ᠲᠦᠪᠰᠢᠨ ᠤ᠋ ᠬᠢ᠂ ᠤᠨᠳᠤᠤᠰᠢᠭᠤᠯᠵᠤ ᠪᠤᠯᠬᠤ᠂ ᠪᠦᠭᠡᠮ ᠶ᠋ᠢᠡᠷ ᠦᠢᠯᠡᠳᠪᠤᠷᠢᠯᠡᠵᠦ ᠪᠤᠯᠬᠤ᠂ ᠦᠷ᠎ᠠ ᠠᠰᠢᠭ ᠰᠠᠢᠨ ᠬᠡᠪ ᠳᠠᠭᠤᠷᠢᠶᠠᠯ ᠤ᠋ᠨ ᠬᠡᠯᠪᠡᠷᠢ ᠶ᠋ᠢᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠦᠷ᠎ᠠ ᠪᠦᠲᠦᠭᠡᠯ ᠤᠯᠬᠤ ᠪᠡᠷ ᠮᠡᠷᠡᠢᠵᠤ᠂ ᠦᠪᠦᠷ ᠮᠤᠩᠭᠤᠯ ᠤ᠋ᠨ ᠦᠪᠡᠷᠮᠢᠴᠡ ᠤᠨᠴᠠᠯᠢᠭ ᠲᠠᠢ ᠠᠮᠢᠳᠤ ᠪᠤᠳᠠᠰ ᠤ᠋ᠨ ᠡᠮ ᠡᠮᠨᠡᠯᠭᠡ ᠶ᠋ᠢᠨ ᠠᠵᠤ ᠦᠢᠯᠡᠰ ᠢ᠋ ᠰᠢᠨ᠎ᠠ ᠶ᠋ᠢ ᠡᠭᠦᠳᠬᠦ ᠴᠢᠨᠠᠷᠳᠠᠢ ᠳᠡᠰ ᠳᠡᠪᠰᠢᠬᠦᠯᠬᠦ ᠪᠠ ᠶᠠᠰᠤ ᠴᠢᠨᠠᠷ ᠦᠷ᠎ᠠ ᠠᠰᠢᠭ ᠢ᠋ ᠳᠡᠭᠡᠭᠰᠢᠯᠡᠬᠦᠯᠬᠦ ᠳ᠋ᠤ ᠨᠠᠷᠢᠨ ᠤᠨᠤᠴᠠᠳᠠᠢ ᠬᠦᠳᠡᠯᠭᠡᠬᠦ ᠡᠨᠧᠷᠬᠢ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号