ᠬᠥᠬᠡᠬᠣᠲᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠤ᠋ᠨ ᠠᠵᠢᠯᠯᠠᠭ᠎ᠠ ᠥᠷᠨᠢᠭᠦᠯᠪᠡ
2026-05-12 11:26:50
ᠵᠣᠬᠢᠶᠠᠭ᠍ᠴᠢ᠄
​ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠡᠨᠡ ᠵᠢᠯ ᠪᠣᠯ ᠠᠷᠠᠳ᠎ᠤᠨ ᠲᠡᠯᠡᠶ᠎ᠶ᠋ᠢᠨ ᠴᠡᠷᠢᠭ ᠪᠠᠢᠭᠤᠯᠤᠭ᠍ᠳᠠᠭ᠍ᠰᠠᠨ 77 ᠵᠢᠯ᠎ᠦᠨ ᠣᠶ ᠪᠣᠯᠤᠨ᠎ᠠ᠂ ᠴᠡᠷᠢᠭ᠎ᠢᠶᠡᠨ ᠬᠦᠷᠢᠶᠡᠯᠡᠨ ᠬᠡᠷ ᠪᠦᠯᠢ ᠵᠢᠨ ᠬᠢᠨ᠎ᠢ ᠬᠠᠷᠠᠭᠠᠯᠵᠠᠬᠤ᠂ ᠵᠠᠰᠠᠭ᠎ᠢᠶᠠᠨ ᠬᠦᠷᠢᠶᠡᠯᠡᠨ ᠠᠷᠠᠳ᠎ᠢᠶᠠᠨ ᠬᠠᠢᠷᠠᠯᠠᠬᠤ ᠢᠷᠠᠭᠤ ᠠᠯᠳᠠᠷᠲᠤ ᠤᠯᠠᠮᠵᠢᠯᠠᠯ᠎ᠢ᠋ ᠵᠠᠯᠭᠠᠮᠵᠢᠯᠠᠵᠤ᠂ ᠴᠡᠷᠢᠭ ᠵᠠᠰᠠᠭ ᠴᠡᠷᠢᠭ ᠠᠷᠠᠳ᠎ᠤᠨ ᠵᠢᠭᠠᠰᠤ ᠤᠰᠤᠨ᠎ᠤ ᠬᠠᠷᠢᠴᠠᠭ᠎ᠠ ᠵᠢ ᠵᠤᠵᠠᠭᠠᠳᠭᠠᠬᠤ᠎ᠶ᠋ᠢᠨ ᠲᠥᠯᠥᠭᠡ᠂ 5 ᠰᠠᠷ᠎ᠠ᠎ᠶ᠋ᠢᠨ 8 ᠎ᠤ᠋ ᠡᠳᠦᠷ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ ᠪᠠ ᠬᠣᠶᠠᠷ᠎ᠢ ᠬᠦᠷᠢᠶᠡᠯᠡᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ ᠤ᠋ᠨ ᠪᠦᠷᠢᠯᠳᠦᠬᠦᠨ ᠨᠢᠭᠡᠴᠢ ᠵᠢᠴᠢ ᠥᠪᠥᠷ ᠮᠣᠩᠭᠣᠯ᠎ᠤᠨ ᠱᠢᠨᠬᠤᠸᠠ ᠲᠠᠷᠬᠠᠭᠠᠯᠲᠠ᠎ᠶ᠋ᠢᠨ ᠪᠦᠯᠦᠭ᠌ᠯᠡᠯ᠎ᠤᠨ ᠬᠢᠨ ᠲᠡᠯᠡᠶ᠎ᠶ᠋ᠢᠨ ᠴᠡᠷᠢᠭ᠎ᠦᠨ ᠬᠥᠬᠡᠬᠣᠲᠠ ᠨᠡᠷᠡᠮᠵᠢᠲᠦ ᠬᠥᠯᠭᠡ ᠣᠩᠭᠣᠴᠠᠨ᠎ᠳᠤ ᠬᠦᠷᠴᠦ᠍᠂ ᠬᠣᠲᠠ᠎ᠪᠠ ᠬᠥᠯᠭᠡ ᠣᠩᠭᠣᠴᠠ ᠬᠠᠮᠲᠤ᠎ᠪᠠᠷ ᠪᠠᠢᠭᠤᠯᠬᠤ ᠵᠢᠴᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠤ᠋ᠨ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ᠎ᠶ᠋ᠢᠨ ᠠᠬᠤᠶ ᠲᠠᠯᠠᠪᠠᠶ᠎ᠳᠤ 《ᠬᠢᠯᠢ ᠳᠠᠯᠠᠢ᠎ᠶ᠋ᠢᠨ ᠬᠠᠮᠠᠭᠠᠯᠠᠯᠲᠠ ᠢ᠋ ᠬᠠᠯᠠᠮᠵᠢᠯᠠᠬᠤ》 ᠂ 《ᠬᠣᠶᠠᠷ᠎ᠢ ᠬᠦᠷᠢᠶᠡᠯᠡᠬᠦ᠌ ᠦᠨᠳᠦᠰᠦᠨ ᠱᠠᠲᠤᠨ᠎ᠳᠤ ᠣᠷᠣᠬᠤ》 ᠠᠵᠢᠯ᠎ᠤᠨ ᠱᠠᠭᠠᠷᠳᠠᠯᠭ᠎ᠠ᠎ᠶ᠋ᠢᠨ ᠲᠣᠭᠣᠷᠢᠨ᠎ᠳᠤ ᠱᠢᠷᠢᠰ ᠣᠨᠴᠠᠯᠢᠭ᠍ᠲᠤ ᠠᠵᠢᠯᠯᠠᠭ᠎ᠠ ᠥᠷᠨᠢᠭᠦᠯᠪᠡ᠃ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶ᠋ᠢᠨ ᠯᠧᠺᠲ᠋ᠣᠷ ᠬᠥᠯᠭᠡ ᠣᠩᠭᠣᠴᠠᠨ᠎ᠳᠤ ᠭᠠᠷᠴᠤ᠌᠂ 《ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌》 ᠪᠠᠷ ᠭᠤᠤᠯ ᠰᠡᠳᠦᠪ ᠪᠣᠯᠭᠠᠨ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠴᠤ᠌᠂ ᠠᠮᠢᠳᠤᠯᠢᠭ ᠬᠡᠷᠡᠭ᠎ᠦᠨ ᠵᠢᠱ᠌ᠢᠶ᠎ᠡ᠂ ᠪᠤᠷᠤᠬᠵᠢᠭᠤᠨ ᠦᠭᠡ ᠬᠡᠯᠡ᠎ᠪᠡᠷ ᠳᠠᠷᠤᠭ᠎ᠠ ᠪᠠᠢᠯᠳᠤᠭ᠍ᠴᠢᠳ᠎ᠲᠤ ᠰᠢᠰᠲᠸᠮ ᠲᠠᠢ ᠲᠠᠢᠯᠤᠮᠵᠢ ᠬᠢᠪᠡ᠃ ᠰᠡᠳᠭᠢᠴᠡ᠎ᠶ᠋ᠢᠨ ᠲᠤᠰᠭᠠᠶ ᠮᠡᠷᠭᠡᠵᠢᠯᠲᠡᠨ᠎ᠦ ᠪᠦᠯᠬᠦᠮ ᠬᠦᠯᠭᠡ ᠣᠩᠭᠣᠴᠠᠨ᠎ᠳᠤ 3 ᠡᠳᠦᠷ ᠰᠠᠭᠤᠵᠤ ᠂ ᠳᠠᠷᠤᠭ᠎ᠠ ᠪᠠᠢᠯᠳᠤᠭ᠍ᠴᠢᠳ ᠲᠸ᠋ ᠬᠠᠮᠲᠤ᠎ᠶ᠋ᠢᠨ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠬᠢᠴᠢᠶᠡᠯ ᠣᠷᠣᠬᠤ᠎ᠶ᠋ᠢᠨ ᠬᠠᠮᠲᠤ ᠠᠰᠠᠭᠤᠨ ᠯᠠᠪᠯᠠᠬᠤ ᠦᠶ᠋ᠯᠡᠴᠢᠯᠡᠭᠡ ᠬᠠᠩᠭᠠᠵᠠᠢ᠃

ᠣᠢᠯᠠᠭᠠᠭ᠍ᠰᠠᠨ᠎ᠢᠶᠠᠷ᠂ ᠠᠵᠢᠯᠯᠠᠭ᠎ᠠ ᠳ᠋ᠤ ᠴᠡᠷᠢᠭ ᠠᠩᠭᠢ ᠪᠣᠯᠤᠨ ᠣᠷᠣᠨ ᠨᠤᠲᠤᠭ᠎ᠤᠨ ᠬᠢᠨ ᠪᠠᠰᠠ ᠬᠣᠲᠠ᠎ᠪᠠ ᠬᠥᠯᠭᠡ ᠣᠩᠭᠣᠴᠠ ᠬᠠᠮᠲᠤ᠎ᠪᠠᠷ ᠪᠠᠢᠭᠤᠯᠬᠤ ᠲᠣᠭ᠍ᠲᠠᠴᠠ᠎ᠶ᠋ᠢ ᠭᠦᠨᠵᠡᠭᠡᠢᠷᠡᠭᠦᠯᠬᠦ᠌᠂ ᠬᠠᠮᠲᠤ᠎ᠪᠠᠷ ᠪᠠᠢᠭᠤᠯᠬᠤ ᠬᠦᠷᠢᠶ᠎ᠡ ᠴᠠᠷᠠᠭ᠎ᠠ᠎ᠶ᠋ᠢ ᠥᠷᠭᠡᠳᠭᠡᠬᠦ᠌᠂ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠬᠦ᠌ ᠲᠤᠬᠠᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠂ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠬᠣᠶᠠᠷ᠎ᠢ ᠬᠦᠷᠢᠶᠡᠯᠡᠬᠦ᠌ ᠠᠵᠢᠯ᠎ᠢ ᠦᠨᠳᠦᠰᠦᠨ ᠱᠠᠲᠤ ᠳᠠᠢᠰᠢ ᠤᠷᠲᠤᠳᠭᠠᠬᠤ᠂ ᠪᠣᠳᠠᠲᠤ ᠦᠷ᠎ᠡ ᠪᠦᠲᠦᠮᠵᠢ ᠳᠠᠢᠰᠢ ᠲᠥᠪᠯᠡᠷᠡᠭᠦᠯᠬᠦ᠌᠎ᠶ᠋ᠢ ᠠᠬᠢᠭᠤᠯᠤᠨ᠎ᠠ ᠭᠡᠵᠦ᠍ ᠲᠣᠳᠣᠷᠬᠠᠢᠯᠠᠪᠠ᠃

ᠬᠥᠬᠡᠬᠣᠲᠠ ᠵᠢᠨ ᠬᠢᠨ ᠬᠣᠲᠠ᠎ᠪᠠ ᠬᠥᠯᠭᠡ ᠣᠩᠭᠣᠴᠠ᠎ᠬᠠᠮᠲᠤ᠎ᠪᠠᠷ ᠪᠠᠢᠭᠤᠯᠬᠤ ᠲᠥᠷᠥᠯ ᠲᠡᠮᠳᠡᠭ᠎ᠢ᠋ ᠦᠷᠭᠦᠯᠵᠢᠯᠡᠨ ᠴᠤᠬᠴᠠᠯᠠᠵᠤ᠂ ᠴᠡᠷᠢᠭ ᠠᠩᠭᠢ᠎ᠶ᠋ᠢᠨ ᠴᠡᠷᠢᠭ ᠪᠣᠯᠪᠠᠰᠤᠷᠠᠭᠤᠯᠵᠤ ᠲᠡᠢᠨ᠎ᠳᠦ ᠪᠡᠯᠡᠳᠭᠡᠬᠦ᠌᠎ᠶ᠋ᠢ ᠪᠥᠬᠥ᠌ ᠬᠦᠴᠦ᠍᠎ᠪᠡᠷ᠎ᠢᠶᠡᠨ ᠳᠡᠮᠵᠢᠵᠦ᠍ ᠂ ᠳᠠᠷᠤᠭ᠎ᠠ ᠪᠠᠢᠯᠳᠤᠭ᠍ᠴᠢᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠳᠤᠷ ᠱᠢᠶ᠋ᠳᠪᠦᠷᠢᠯᠡᠵᠦ᠍᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠦᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠬᠣᠶᠠᠷ᠎ᠢ ᠬᠦᠷᠢᠶᠡᠯᠡᠬᠦ᠌ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号