ᠥᠪᠥᠷ ᠮᠣᠩᠭᠣᠯ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠤᠰᠭᠠᠶ ᠠᠵᠢᠯᠯᠠᠭ᠎ᠠ ᠡᠬᠢᠯᠡᠪᠡ
2026-05-12 11:34:01
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠦᠢᠷ᠎ᠠ ᠳ᠋ᠤ᠂ 2026 ᠣᠨ᠎ᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠤᠰᠭᠠᠶ ᠠᠵᠢᠯᠯᠠᠭ᠎ᠠ ᠵᠢᠴᠢ ᠲᠤᠰᠭᠠᠶ ᠲᠠᠯᠠᠪᠠᠢ ᠤᠷᠢᠨ ᠡᠯᠰᠡᠬᠦ᠌ ᠴᠤᠬᠯᠠᠭᠠᠨ ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠳᠤ ᠶᠠᠪᠤᠭ᠍ᠳᠠᠪᠠ᠃ ᠲᠣᠰ ᠤᠳᠠᠭ᠎ᠠ᠎ᠶ᠋ᠢᠨ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠡᠴᠡ ᠭᠤᠤᠯᠯᠠᠨ ᠡᠷᠭᠢᠯᠡᠵᠦ᠍᠂ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ᠎ᠬᠢᠨ᠎ᠳᠦ ᠴᠢᠨᠠᠷ ᠰᠠᠢᠲᠠᠶ ᠠᠵᠢᠯ ᠣᠯᠭᠣᠯᠲᠠ᠎ᠶ᠋ᠢᠨ ᠬᠥᠭᠥᠷᠭᠡ ᠲᠠᠯᠪᠢᠵᠤ  ᠥᠭ᠌ᠴᠡᠶ᠃

ᠠᠵᠢᠯᠯᠠᠭ᠎ᠠ᠎ᠶ᠋ᠢᠨ ᠬᠤᠭᠤᠴᠠᠭᠠᠨ᠎ᠳᠦ᠂ ᠪᠤᠳᠠᠳᠤ ᠴᠤᠬᠴᠠ ᠵᠢᠨ 100 ᠠᠵᠤ ᠠᠬᠤᠢᠯᠠᠯ ᠪᠠ ᠰᠦᠯᠵᠢᠶᠡᠨ ᠳᠡᠭᠡᠷᠡᠬᠢ 400 ᠠᠵᠤ ᠠᠬᠤᠢᠯᠠᠯ ᠵᠡᠷᠭᠡ᠎ᠪᠡᠷ ᠬᠦᠴᠦᠯᠡᠵᠦ᠍᠂ 8200 ᠭᠠᠷᠤᠶ ᠴᠢᠨᠠᠷ ᠰᠠᠢᠲᠠᠶ ᠠᠵᠢᠯ᠎ᠤᠨ ᠪᠠᠢᠷᠢ ᠬᠠᠩᠭᠠᠵᠤ᠂ ᠱᠢᠨ᠎ᠡ ᠡᠨᠧᠷᠭᠢ᠂ ᠢᠨᠲ᠋ᠧᠷ ᠰᠦᠯᠵᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠰᠤᠷᠭᠠᠨ ᠬᠥᠮᠦᠵᠢᠯ ᠮᠥᠩᠭᠥᠨ ᠭᠦᠶ᠋ᠯᠭᠡᠭᠡᠨ᠂ ᠣᠲᠣ ᠦᠶ᠎ᠡ᠎ᠶ᠋ᠢᠨ ᠦᠶ᠋ᠯᠡᠴᠢᠯᠡᠭᠡ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠴᠢᠳᠠᠪᠤᠷᠢ ᠣᠨᠴᠠᠯᠢᠭ ᠲᠠᠢ ᠣᠨᠣᠴᠠᠲᠠᠶ ᠵᠤᠬᠢᠴᠠᠭᠤᠯᠵᠤ᠂ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠨ ᠤᠶᠤᠳᠠᠨ ᠳ᠋ᠸ᠋ ᠭᠤᠤᠯᠳᠠᠯᠭ᠎ᠠ ᠲᠠᠢ ᠦᠢᠯᠡᠴᠢᠯᠡᠭᠡ ᠬᠠᠡᠭᠭᠠᠵᠤ᠂ ᠪᠤᠰᠤᠳ ᠠᠵᠢᠯ ᠤᠯᠬᠤ ᠬᠦᠰᠡᠯ ᠡᠷᠡᠮᠡᠯᠵᠡᠯ᠎ᠲᠡᠶ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ ᠪᠠ ᠴᠡᠷᠢᠭ᠎ᠦᠨ ᠬᠡᠷ ᠪᠦᠯᠢ᠎ᠶ᠋ᠢᠨ ᠬᠢᠨ ᠢ᠋ ᠬᠠᠮᠲᠤ᠎ᠳᠤᠨᠢ ᠬᠠᠷᠠᠭᠠᠯᠵᠠᠪᠠ᠃

ᠠᠵᠢᠯᠯᠠᠭ᠎ᠠ ᠳ᠋ᠤ᠂ ᠥᠪᠡᠷᠲᠡᠭᠡᠨ ᠵᠠᠰᠠᠬᠤ  ᠣᠷᠣᠨ᠎ᠤ ᠴᠡᠷᠢᠭ᠎ᠦᠨ ᠠᠯᠪᠠ ᠡᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠪᠤᠭᠤᠲᠤ᠎ᠶ᠋ᠢᠨ ᠪᠤᠯᠤᠳ ᠲᠡᠮᠦᠷ(ᠪᠦᠯᠦᠭ᠌ᠯᠡᠯ)᠂ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯ ᠲᠦᠷᠦᠯ᠎ᠦᠨ ᠨᠡᠢᠭᠡᠮᠯᠢᠭ᠂ ᠥᠪᠥᠷ ᠮᠣᠩᠭᠣᠯ᠎ᠤᠨ ᠵᠦᠩ  ᠭᠤᠸᠠᠨ ᠼᠦᠨ ᡁᠢ ᠺᠦ᠋ ᠺᠤᠮᠫᠠᠨᠢ ᠲᠠᠢ ᠵᠠᠰᠠᠭ᠎ᠤᠨ ᠤᠷᠳᠤᠨ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠲᠦᠷᠦᠯ ᠵᠦᠢᠯ ᠤ᠋ᠨ ᠬᠡᠯᠡᠯᠴᠡᠭᠡᠷ ᠲᠤᠬᠳᠠᠵᠤ᠂ ᠭᠤᠷᠪᠠᠨ ᠲᠠᠯ᠎ᠠ᠎ᠪᠠᠷ᠎ᠢᠶᠠᠨ ᠬᠣᠯᠪᠣᠭᠠᠯᠠᠨ ᠬᠥᠳᠡᠯᠦᠯᠴᠡᠵᠦ᠍ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠴᠢᠨᠠᠷ ᠰᠠᠢᠳᠠᠢ ᠠᠵᠢᠯ ᠣᠯᠭᠣᠯᠲᠠ ᠳ᠋ᠤ  ᠬᠦᠴᠦᠨ ᠨᠡᠮᠡᠷᠢᠯᠡᠪᠡ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠠᠵᠢᠯᠲᠠᠨ ᠤᠷᠢᠨ ᠡᠯᠰᠡᠬᠦ᠌ ᠠᠵᠢᠯᠯᠠᠭ᠎ᠠ 9 ᠰᠠᠷ᠎ᠠ᠎ᠶ᠋ᠢᠨ ᠰᠡᠬᠦᠯᠴᠢ ᠪᠣᠯᠲᠠᠯ᠎ᠠ ᠶᠠᠪᠤᠭ᠍ᠳᠠᠵᠤ᠂ ᠴᠡᠷᠢᠭ ᠤ᠋ᠨ ᠠᠯᠪᠠ ᠡᠴᠨ ᠬᠠᠯᠠᠬᠳᠠᠬᠰᠠᠳ ᠢ᠋ ᠤᠷᠢᠨ ᠡᠯᠰᠡᠬᠦ APP ᠵᠢᠴᠢ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠦᠨ ᠠᠵᠢᠯ ᠣᠯᠭᠣᠵᠤ ᠦᠶ᠋ᠯᠡᠰ ᠪᠤᠰᠬᠠᠬᠤ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠳᠦ ᠲᠦᠱᠢᠭ᠌ᠯᠡᠨ᠂ ᠰᠦᠯᠵᠢᠶᠡᠨ ᠳᠡᠭᠡᠷᠡᠬᠢ ᠠᠵᠢᠯᠲᠠᠨ ᠤᠷᠢᠨ ᠡᠯᠰᠡᠬᠦ᠌ ᠲᠤᠰᠭᠠᠶ ᠲᠠᠪᠴᠠᠩ ᠭᠠᠷᠭᠠᠵᠤ᠂ ᠰᠦᠯᠵᠢᠶ᠎ᠡ᠎ᠪᠡᠷ ᠠᠵᠢᠯᠲᠠᠨ ᠤᠷᠢᠨ ᠡᠯᠰᠡᠬᠦ᠌ ᠪᠠ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠬᠦ ᠪᠤᠯᠤᠨ᠎ᠠ᠃ 5 ᠰᠠᠷ᠎ᠠ᠎ᠶ᠋ᠢᠨ 8 ᠎ᠤ᠋ ᠡᠳᠦᠷ᠎ᠡᠴᠡ ᠡᠬᠢᠯᠡᠨ᠂ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠢ ᠵᠣᠬᠢᠶᠠᠨ ᠪᠠᠢᠭᠤᠯᠵᠤ ᠠᠩᠬᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠲᠥᠪ᠎ᠦᠨ ᠠᠵᠤ ᠠᠬᠤᠢᠯᠠᠯ᠎ᠤᠨ ᠴᠡᠷᠢᠭ᠎ᠦᠨ ᠠᠯᠪᠠ᠎ᠠᠴᠠ ᠬᠠᠯᠠᠬᠳᠠᠬᠰᠠᠳ᠎ᠢ᠋ ᠤᠷᠢᠨ ᠡᠯᠰᠡᠬᠦ᠌ ᠲᠤᠰᠭᠠᠶ ᠲᠠᠯᠠᠪᠠᠢ ᠴᠤᠬᠯᠠᠭᠠᠨ᠎ᠳᠤ ᠣᠷᠣᠯᠴᠠᠭᠤᠯᠵᠤ᠂ ᠴᠡᠷᠢᠭ᠎ᠦᠨ ᠠᠯᠪᠠ᠎ᠡᠴᠠ ᠬᠠᠯᠠᠬᠳᠠᠬᠰᠠᠳ᠎ᠤᠨ ᠠᠵᠢᠯ ᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号