ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ 《ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 ᠢ᠋ ᠳᠠᠷᠤᠮᠠᠯᠯᠠᠨ ᠲᠠᠷᠬᠠᠭᠠᠪᠠ᠂ ᠪᠥᠬᠥ᠌ ᠠᠭᠤᠯᠭ᠎ᠠ᠎ᠨᠢ ᠳᠤᠤᠷᠠᠬᠢ ᠮᠡᠲᠦ ᠄
ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠢ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠭᠠᠨ ᠪᠥᠲᠥᠭᠡᠨ ᠪᠠᠢᠭᠤᠯᠵᠤ᠂ ᠮᠠᠯ ᠠᠵᠤ ᠠᠬᠤᠶ ᠲᠠᠷᠢᠶᠠᠯᠠᠩ ᠢ᠋ ᠣᠳᠣᠬᠢᠴᠢᠯᠠᠭ᠍ᠰᠠᠨ ᠲᠣᠮᠣ ᠠᠵᠤ ᠦᠶ᠋ᠯᠡᠰ ᠪᠣᠯᠭᠠᠨ ᠪᠥᠲᠥᠭᠡᠨ ᠪᠠᠢᠭᠤᠯᠬᠤ᠎ᠶ᠋ᠢᠨ ᠲᠦᠯᠦᠭᠡ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠦᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠶ ᠪᠦᠲᠦᠭᠡᠨ ᠪᠠᠢᠭᠤᠯᠬᠤ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠳᠠᠪᠠᠭᠤᠯᠢᠭ ᠲᠠᠯ᠎ᠠ᠎ᠪᠠᠨ ᠪᠡᠬᠢᠵᠢᠭᠦᠯᠦᠨ ᠥᠷᠭᠡᠳᠭᠡᠵᠤ᠂ ᠪᠣᠭᠣᠮᠢ ᠬᠦᠯᠢᠶᠡᠰᠦᠯᠡᠯ᠎ᠢ ᠡᠪᠳᠡᠵᠤ᠂ ᠳᠤᠲᠠᠭᠤᠳᠠᠯ ᠪᠠᠭᠤᠷᠠᠶ ᠲᠠᠯ᠎ᠠ᠎ᠪᠠᠨ ᠨᠥᠬᠥᠪᠥᠷᠢᠯᠡᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠠᠯ ᠠᠵᠤ ᠠᠬᠤᠶ ᠲᠠᠷᠢᠶᠠᠯᠠᠩ᠂ ᠪᠣᠬᠢᠷᠲᠤᠯ ᠦᠭᠡᠢ ᠮᠠᠯ ᠠᠵᠤ ᠠᠬᠤᠶ ᠲᠠᠷᠢᠶᠠᠯᠠᠩ᠂ ᠶᠠᠰᠤ ᠴᠢᠨᠠᠷ ᠤ᠋ᠨ ᠮᠠᠯ ᠠᠵᠤ ᠠᠬᠤᠶ ᠲᠠᠷᠢᠶᠠᠯᠠᠩ᠂ ᠲᠦᠷᠦᠯ ᠲᠡᠮᠳᠡᠭ᠌ᠲᠦ ᠮᠠᠯ ᠠᠵᠤ ᠠᠬᠤᠶ ᠲᠠᠷᠢᠶᠠᠯᠠᠩ ᠢ᠋ ᠶᠡᠬᠡ ᠪᠡᠷ ᠬᠥᠭ᠌ᠵᠢᠭᠦᠯᠵᠤ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ ᠤ᠋ ᠭᠠᠷᠤᠯᠲᠠ᠎ᠶ᠋ᠢᠨ ᠲᠣᠮᠣ ᠣᠷᠣᠨ ᠡᠴᠡ ᠮᠠᠯ ᠠᠵᠤ ᠠᠬᠤᠶ ᠲᠠᠷᠢᠶᠠᠯᠠᠩ ᠤ᠋ᠨ ᠠᠵᠤ ᠦᠶ᠋ᠯᠡᠰ᠎ᠦᠨ ᠬᠦᠴᠦᠷᠬᠡᠭ ᠣᠷᠣᠨ ᠲᠡᠢᠰᠢ ᠬᠤᠪᠢᠷᠠᠭᠤᠯᠬᠤ᠎ᠶ᠋ᠢ ᠲᠦᠷᠭᠡᠳᠭᠡᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠠ᠃
ᠬᠣᠶᠠᠷ᠂ ᠮᠠᠯ ᠠᠵᠤ ᠠᠬᠤᠶ᠎ᠲᠠᠷᠢᠶᠠᠯᠠᠩ ᠤ᠋ᠨ 《 ᠦᠷ᠎ᠡ ᠵᠢᠨ ᠴᠠᠬᠢᠮ》 ᠤ᠋ᠨ ᠢᠨᠵᠧᠨᠧᠷᠢᠩ ᠢ᠋ ᠬᠡᠷᠡᠭ᠌ᠵᠢᠭᠦᠯᠦᠨ᠎ᠡ
(ᠨᠢᠭᠡ) ᠳᠠᠪᠠᠭᠤᠯᠢᠭ ᠡᠭᠦᠯᠳᠡᠷ ᠢ᠋ ᠰᠣᠩᠭᠣᠨ ᠪᠣᠢᠵᠢᠭᠤᠯᠬᠤ ᠪᠣᠭᠣᠮᠲᠠ ᠱᠢᠪᠲᠤᠯᠬᠤ᠎ᠶ᠋ᠢ ᠴᠢᠩᠭᠠᠳᠭᠠᠨ᠎ᠠ᠃ ᠲᠠᠷᠢᠮᠠᠯ᠂ ᠣᠨᠴᠠᠯᠢᠭ᠍ᠲᠤ ᠮᠠᠯ ᠵᠢᠭᠦᠷᠲᠡᠨ᠂ ᠨᠤᠲᠤᠭ᠎ᠤᠨ ᠡᠪᠡᠰᠦᠨ ᠦᠷ᠎ᠡ᠂ ᠰᠦᠨ ᠬᠦᠴᠢᠯ᠎ᠦᠨ ᠪᠠᠺᠲ᠋ᠧᠷᠢ ᠵᠡᠷᠭᠡ ᠦᠷ᠎ᠡ ᠡᠳ᠋᠎ᠦᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ᠃ ᠡᠷᠳᠡᠨᠢ ᠱᠢᠰᠢ᠂ ᠮᠢᠬᠠᠨ ᠤ᠋ ᠦᠬᠡᠷ᠂ ᠲᠡᠵᠢᠭᠡᠯ ᠡᠪᠡᠰᠦ ᠵᠡᠷᠭᠡ ᠳᠠᠪᠠᠭᠤᠯᠢᠭ ᠠᠵᠤ ᠦᠶ᠋ᠯᠡᠰ ᠪᠣᠯᠤᠨ ᠰᠠᠭᠠᠯᠢ᠎ᠶ᠋ᠢᠨ ᠦᠨᠢᠶ᠎ᠡ᠂ ᠮᠢᠬᠠᠨ ᠤ᠋ ᠬᠣᠨᠢ᠂ ᠱᠢᠷ᠎ᠠ ᠪᠤᠷᠴᠠᠭ᠂ ᠨᠡᠷᠡᠨ ᠬᠤᠸᠠᠷ᠂ ᠨᠠᠷᠢᠮᠤ᠂ ᠱᠢᠬᠢᠷ ᠯᠤᠤᠪᠠᠩ᠂ ᠲᠥᠪᠡᠳ ᠬᠠᠰᠢ ᠵᠡᠷᠭᠡ ᠡᠭᠦᠯᠳᠡᠷ ᠪᠣᠢᠵᠢᠭᠤᠯᠬᠤ ᠳᠠᠪᠠᠭᠤᠯᠢᠭ ᠬᠦᠷᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠭᠦᠯᠳᠡᠷ ᠪᠣᠢᠵᠢᠭᠤᠯᠬᠤ᠎ᠶ᠋ᠢᠨ ᠬᠠᠮᠲᠤᠷᠠᠨ ᠪᠣᠭᠣᠮᠲᠠ ᠱᠢᠪᠲᠤᠯᠬᠤ ᠪᠠ 《ᠲᠤᠩᠬᠠᠭ ᠨᠡᠢᠳᠡᠯᠡᠨ ᠮᠠᠩᠯᠠᠢᠯᠠᠭᠴᠢ ᠡᠯᠰᠡᠬᠦ》 ᠲᠤᠰᠭᠠᠶ ᠠᠵᠢᠯᠯᠠᠭ᠎ᠠ᠎ᠶ᠋ᠢ ᠥᠷᠨᠢᠭᠦᠯᠵᠦ᠍᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢᠲ᠋ᠠ᠎ᠶ᠋ᠢᠨ ᠮᠡᠷᠭᠡᠵᠢᠯ ᠬᠢᠭᠡᠳ ᠤᠯᠠᠮᠵᠢᠯᠠᠯᠲᠤ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠭᠦᠨ ᠠᠭᠤᠰᠤᠯᠴᠠᠯ᠎ᠢ ᠠᠬᠢᠭᠤᠯᠵᠤ᠂ ᠨᠢᠭᠡ ᠪᠦᠯᠦᠭ ᠤᠯᠤᠰ᠎ᠤᠨ ᠳᠣᠲᠣᠭᠠᠳᠤ᠎ᠳᠤ ᠲᠡᠷᠢᠭᠦᠯᠡᠭ᠌ᠰᠡᠨ ᠱᠢᠪᠲᠤᠯᠤᠯᠲᠠ᠎ᠶ᠋ᠢᠨ ᠴᠢᠨᠠᠷᠲᠠᠶ ᠡᠭᠦᠯᠳᠡᠷ᠎ᠢ ᠪᠣᠢᠵᠢᠭᠤᠯᠵᠤ᠂ ᠦᠷ᠎ᠡ᠎ᠶ᠋ᠢᠨ ᠦᠶ᠋ᠯᠡᠰ᠎ᠦᠨ ᠪᠡᠶ᠎ᠡ᠎ᠪᠡᠨ ᠳᠠᠭᠠᠭᠠᠭ᠍ᠰᠠᠨ ᠡᠵᠡᠮᠳᠡᠵᠦ᠍ ᠪᠣᠯᠬᠤᠢᠴᠠ ᠲᠦᠪᠱᠢᠨ᠎ᠢ ᠳᠡᠭᠡᠭ᠌ᠰᠢᠯᠡᠭᠦᠯᠦᠨ᠎ᠡ᠃
(ᠬᠣᠶᠠᠷ) ᠤᠯᠤᠰ᠎ᠤᠨ ᠰᠠᠢᠨ ᠡᠭᠦᠯᠳᠡᠷ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠦᠷ᠎ᠡ ᠪᠣᠢᠵᠢᠭᠤᠯᠬᠤ ᠲᠣᠮᠣ ᠱᠢᠶᠠᠨ᠎ᠢ ᠳᠡᠮᠵᠢᠬᠦ᠌ ᠡᠷᠴᠢᠮ᠎ᠢᠶᠡᠨ ᠨᠡᠮᠡᠭ᠌ᠳᠡᠭᠦᠯᠵᠦ᠍᠂ ᠤᠯᠤᠰ᠎ᠤᠨ ᠡᠷᠳᠡᠨᠢ ᠱᠢᠰᠢ᠂ ᠱᠢᠷ᠎ᠠ ᠪᠤᠷᠴᠠᠭ᠂ ᠲᠥᠮᠥᠰᠥ᠍᠂ ᠶᠤᠸ᠋ᠮᠠᠶ᠂ ᠱᠢᠬᠢᠷ ᠯᠤᠤᠪᠠᠩ᠂ ᠴᠠᠷᠭᠠᠰᠤ᠂ ᠬᠢᠶᠠᠭ ᠵᠡᠷᠭᠡ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠴᠢᠬᠤᠯᠠ ᠰᠠᠭᠤᠷᠢᠨ᠎ᠢ ᠪᠠᠢᠭᠤᠯᠤᠨ᠎ᠠ᠃ ᠦᠷ᠎ᠡ᠎ᠶ᠋ᠢᠨ ᠦᠢᠯᠡᠰ᠎ᠦᠨ ᠰᠢᠯᠢᠳᠡᠭ ᠠᠵᠤ ᠠᠬᠤᠢᠯᠠᠯ᠎ᠢ ᠲᠡᠳᠬᠦᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠱᠢᠯᠢᠳᠡᠭ ᠡᠭᠦᠯᠳᠡᠷ᠎ᠦᠨ ᠬᠡᠷᠡᠭ᠌ᠯᠡᠭᠡᠨ ᠪᠠ ᠦᠷ᠎ᠡ᠎ᠶ᠋ᠢᠨ ᠮᠠᠯ᠎ᠤᠨ ᠨᠡᠷᠡᠰ᠎ᠦᠨ ᠵᠢᠭ᠍ᠰᠠᠭᠠᠯᠲᠠ᠎ᠶ᠋ᠢᠨ ᠪᠠᠢᠳᠠᠯ᠎ᠢ ᠦᠨᠳᠦᠰᠦᠯᠡᠨ ᠬᠣᠢᠨᠠᠬᠢ ᠨᠥᠬᠥᠪᠥᠷᠢ ᠪᠠ ᠱᠠᠩᠨᠠᠯ ᠣᠯᠭᠣᠵᠤ᠂ ᠰᠠᠢᠨ ᠡᠭᠦᠯᠳᠡᠷ᠎ᠦᠨ ᠦᠢᠯᠡᠳᠪᠦᠷᠢᠯᠡᠯ᠎ᠦᠨ ᠶᠠᠰᠤ ᠴᠢᠨᠠᠷ ᠪᠠ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
(ᠭᠤᠷᠪᠠ) ᠰᠠᠢᠨ ᠡᠭᠦᠯᠳᠡᠷ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠨ᠎ᠡ᠃ 《ᠨᠦᠬᠦᠴᠡᠯ ᠢ᠋ ᠦᠨᠳᠦᠰᠦᠯᠡᠨ ᠲᠠᠷᠢᠶᠠᠨ ᠦᠷ᠎ᠡ ᠰᠣᠩᠭᠣᠬᠤ》 ᠲᠠᠪᠴᠠᠩ ᠤ᠋ᠨ ᠪᠠᠢᠭᠤᠯᠤᠯᠲᠠ᠎ᠶ᠋ᠢ ᠴᠢᠩᠭᠠᠳᠭᠠᠵᠤ᠂ ᠤᠷᠤᠯᠳᠤᠭᠠᠨ ᠡᠷᠬᠢᠯᠡᠨ ᠳᠡᠯᠭᠡᠷᠡᠭᠦᠯᠬᠦ᠌ ᠠᠵᠢᠯᠯᠠᠭ᠎ᠠ᠎ᠶ᠋ᠢ ᠰᠠᠢᠲᠤᠷ ᠡᠷᠬᠢᠯᠡᠨ᠎ᠠ᠃ ᠮᠢᠬᠠᠨ ᠤ᠋ ᠦᠬᠡᠷ ᠤ᠋ᠨ ᠬᠡᠭᠡᠯᠲᠦᠭᠦᠯᠭᠡ ᠪᠠ ᠰᠠᠭᠠᠯᠢ᠎ᠶ᠋ᠢᠨ ᠦᠨᠢᠶᠡᠨ᠎ᠦ ᠴᠢᠨᠠᠷ᠎ᠢ ᠡᠵᠡᠮᠳᠡᠬᠦ᠌ ᠮᠡᠷᠭᠡᠵᠢᠯ᠎ᠢ ᠲᠦᠷᠭᠡᠳᠭᠡᠨ ᠳᠡᠯᠭᠡᠷᠡᠭᠦᠯᠵᠦ᠍᠂ ᠡᠭᠦᠯᠳᠡᠷ ᠰᠠᠢᠵᠢᠷᠠᠭᠤᠯᠬᠤ ᠲᠤᠭ᠎ᠠ ᠬᠡᠮᠵᠢᠭᠳᠡᠯ ᠢ᠋ ᠱᠢᠰᠲ᠋ᠧᠮᠲᠦ ᠴᠢᠨᠠᠷᠲᠠᠶ᠎ᠪᠠᠷ ᠳᠡᠭᠡᠭ᠌ᠰᠢᠯᠡᠭᠦᠯᠵᠦ᠍᠂ ᠡᠭᠦᠯᠳᠡᠷ᠎ᠦᠨ ᠰᠦᠷᠦᠭ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃
ᠭᠤᠷᠪᠠ᠂ ᠮᠠᠯ ᠠᠵᠤ ᠠᠬᠤᠶ ᠲᠠᠷᠢᠶᠠᠯᠠᠩ ᠤ᠋ᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ ᠢ᠋ ᠬᠡᠷᠡᠭ᠌ᠵᠢᠭᠦᠯᠦᠨ᠎ᠡ
(ᠳᠥᠷᠪᠡ) ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠷᠠᠭᠤᠯᠤᠨ᠎ᠠ᠃ ᠪᠠᠶᠠᠨᠨᠠᠭᠤᠷ ᠤ᠋ᠨ ᠤᠯᠤᠰ ᠤ᠋ᠨ ᠲᠠᠷᠢᠶᠠᠯᠠᠩ᠎ᠤᠨ ᠳᠡᠭᠡᠳᠤ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠤᠷᠤᠨ ᠪᠠ ᠬᠢᠩᠭᠠᠨ ᠠᠢᠮᠠᠭ᠎ᠤᠨ ᠣᠳᠣ ᠦᠶ᠎ᠡ᠎ᠶ᠋ᠢᠨ ᠮᠠᠯ ᠠᠵᠤ ᠠᠬᠤᠢ᠎ᠶ᠋ᠢᠨ ᠲᠤᠷᠱᠢᠯᠲᠠ᠎ᠶ᠋ᠢᠨ ᠤᠷᠤᠨ᠎ᠤ ᠦᠢᠯᠡᠳᠦᠯ᠎ᠢ ᠪᠠᠳᠠᠷᠠᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠶᠡᠬᠡ ᠪᠡᠷ ᠠᠬᠢᠭᠤᠯᠤᠨ᠎ᠠ᠃ ᠤᠯᠤᠰ᠎ᠤᠨ ᠰᠦ ᠵᠢᠨ ᠦᠶ᠋ᠯᠡᠰ᠂ ᠡᠪᠡᠰᠦᠨ᠎ᠦ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠢᠴᠢ ᠥᠪᠡᠷᠲᠡᠭᠡᠨ ᠵᠠᠰᠠᠬᠤ ᠣᠷᠣᠨ᠎ᠤ ᠮᠢᠬᠠᠨ ᠤ᠋ ᠦᠬᠡᠷ᠂ ᠮᠢᠬᠠᠨ ᠤ᠋ ᠬᠣᠨᠢ᠂ ᠡᠷᠳᠡᠨᠢ ᠱᠢᠰᠢ᠂ ᠲᠥᠮᠥᠰᠥ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ ᠮᠢᠩᠭᠠᠨ ᠳ᠋ᠦᠩᠱᠢᠭᠤᠷ ᠲᠠᠰ ᠪᠠ ᠮᠢᠩᠭᠠᠨ ᠳ᠋ᠦᠩᠱᠢᠭᠤᠷ ᠲᠠᠰ ᠲᠤ᠌ ᠤᠢᠷᠠᠳᠤᠭᠰᠠᠨ ᠠᠵᠤ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠦᠷᠬᠦᠭᠦᠯᠬᠦ᠌᠎ᠶ᠋ᠢ ᠴᠢᠷᠮᠠᠢᠨ ᠪᠡᠶᠡᠯᠡᠭᠦᠯᠦᠨ᠎ᠡ᠃
(ᠲᠠᠪᠤ) ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠭᠣᠮᠲᠠ ᠱᠢᠪᠲᠤᠯᠬᠤ᠎ᠶ᠋ᠢ ᠴᠢᠩᠭᠠᠷᠠᠭᠤᠯᠤᠨ᠎ᠠ᠃ ᠰᠦ᠎ᠶᠢᠨ ᠦᠶ᠋ᠯᠡᠰ᠂ ᠮᠢᠬᠠᠨ᠎ᠤ ᠦᠬᠡᠷ᠂ ᠮᠢᠬᠠᠨ᠎ᠤ ᠬᠣᠨᠢ᠂ ᠡᠷᠳᠡᠨᠢ ᠱᠢᠰᠢ᠂ ᠲᠡᠵᠢᠭᠡᠯ ᠡᠪᠡᠰᠦ᠂ ᠲᠥᠮᠥᠰᠥ᠍᠂ ᠢᠮᠠᠭᠠᠨ ᠨᠣᠤᠯᠤᠭᠤᠷ᠂ ᠱᠢᠷ᠎ᠠ ᠪᠤᠷᠴᠠᠭ ᠵᠡᠷᠭᠡ ᠳᠠᠪᠠᠭᠤᠯᠢᠭ ᠠᠵᠤ ᠦᠶ᠋ᠯᠡᠰ ᠪᠣᠯᠤᠨ ᠨᠡᠷᠡᠨ ᠬᠤᠸᠠᠷ᠂ ᠡᠯᠳᠡᠪ ᠠᠮᠤ ᠡᠯᠳᠡᠪ ᠪᠤᠷᠴᠠᠭ ᠵᠡᠷᠭᠡ ᠣᠨᠴᠠᠯᠢᠭ᠍ᠲᠤ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠳᠤ ᠬᠠᠨᠳᠤᠭᠤᠯᠤᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠡᠯᠰᠡᠨ ᠴᠤᠭ᠍ᠯᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠱᠢᠯᠢᠳᠡᠭ᠎ᠢ ᠰᠣᠩᠭᠣᠵᠤ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌᠎ᠶ᠋ᠢ ᠥᠷᠨᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠲᠠᠯ᠎ᠠ᠎ᠪᠠᠷ ᠬᠦᠷᠦᠯᠴᠡᠬᠦ᠌ ᠥᠬᠡᠶ᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ ᠴᠢᠩᠭ᠎ᠠ ᠪᠤᠰᠤ ᠵᠡᠷᠭᠡ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠨ᠎ᠡ᠃
(ᠵᠢᠷᠭᠤᠭ᠎ᠠ)ᠱᠢᠨ᠎ᠡ ᠠᠬᠤᠢ ᠪᠠᠢᠳᠠᠯ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠬᠡᠷᠡᠭ᠌ᠯᠡᠯᠲᠡ᠎ᠶ᠋ᠢ ᠥᠷᠭᠡᠳᠭᠡᠨ᠎ᠡ᠃ ᠲᠣᠭᠠᠴᠢᠯᠠᠭ᠍ᠰᠠᠨ ᠮᠡᠷᠭᠡᠵᠢᠯ᠂ ᠠᠮᠢᠳᠤ ᠪᠣᠳᠠᠰ᠎ᠤᠨ ᠮᠡᠷᠭᠡᠵᠢᠯ ᠵᠡᠷᠭᠡ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠣᠶᠤᠨᠴᠢ ᠲᠠᠷᠢᠶᠠᠯᠠᠩ (ᠮᠠᠯᠵᠢᠯ) ᠤ᠋ᠨ ᠲᠠᠯᠠᠪᠠᠶ᠂ ᠣᠶᠤᠨᠴᠢ ᠲᠠᠷᠢᠶᠠᠯᠠᠩ᠎ᠤᠨ ᠮᠠᠱᠢᠨ᠂ ᠢᠳᠡᠭᠡᠨ᠎ᠢ ᠨᠠᠷᠢᠯᠢᠭ ᠡᠳ᠋ᠱᠢᠭᠦᠯᠬᠦ᠌᠂ ᠠᠮᠢᠳᠤ ᠪᠣᠳᠠᠰ᠎ᠤᠨ ᠦᠢᠯᠡᠳᠭᠡᠯ᠂ ᠶᠠᠰᠤ ᠴᠢᠨᠠᠷ᠎ᠤᠨ ᠠᠮᠤᠷ ᠲᠦᠪᠱᠢᠨ᠎ᠢ ᠮᠥᠷᠳᠡᠬᠦ ᠵᠡᠷᠭᠡ ᠬᠡᠪ ᠳᠠᠭᠤᠷᠢᠶᠠᠯ᠎ᠤᠨ ᠬᠡᠷᠡᠭ᠌ᠯᠡᠭᠡᠨ᠎ᠦ ᠠᠬᠤᠶ ᠪᠠᠢᠳᠠᠯ᠎ᠢ ᠱᠢᠨ᠎ᠡ᠎ᠶ᠋ᠢ ᠡᠭᠦᠳᠦᠨ ᠭᠠᠷᠭᠠᠨ᠎ᠠ᠃ ᠮᠠᠯᠵᠢᠬᠤ ᠲᠠᠷᠢᠶᠠᠯᠠᠬᠤ ᠣᠷᠣᠨ ᠪᠠ ᠮᠠᠯ ᠠᠵᠤ ᠠᠬᠤᠶ ᠲᠠᠷᠢᠶᠠᠯᠠᠩ᠎ᠤᠨ ᠦᠢᠯᠡᠰ᠎ᠤᠨ ᠣᠯᠠᠨ ᠡᠱᠢᠲᠦ ᠦᠨ᠎ᠡ ᠥᠷᠲᠡᠭ᠎ᠢ ᠭᠦᠶ᠋ᠴᠡᠳ ᠠᠭᠤᠳᠠᠯᠵᠤ᠂ ᠬᠥᠳᠡᠭᠡ ᠲᠣᠰᠭᠣᠨ᠎ᠤ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠤᠨ᠎ᠠ᠃
(ᠳᠣᠯᠣᠭ᠎ᠠ) ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌᠎ᠶ᠋ᠢ ᠠᠬᠢᠭᠤᠯᠤᠨ᠎ᠠ᠃ 《ᠮᠸᠩ ᠺᠸ ᠵᠢᠤᠢ》 ᠲᠠᠪᠴᠠᠩ᠎ᠤᠨ ᠦᠶ᠋ᠯᠡᠳᠦᠯ᠎ᠢ ᠪᠠᠳᠠᠷᠠᠭᠤᠯᠵᠤ᠂ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠱᠠᠩᠨᠠᠨ ᠬᠥᠬᠢᠭᠦᠯᠬᠦ᠌ ᠲᠣᠭ᠍ᠲᠠᠴᠠ᠎ᠶ᠋ᠢ ᠪᠠᠢᠭᠤᠯᠤᠨ᠂ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠠᠬᠢᠭᠤᠯᠤᠨ᠎ᠠ᠃ 《ᠭᠠᠷᠮᠠᠭᠠᠢ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠦᠢᠯᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠡᠭᠡᠳᠦ ᠳᠡᠰ ᠳᠠᠪᠬᠤᠷᠭ᠎ᠠ᠎ᠶ᠋ᠢᠨ ᠴᠢᠳᠠᠪᠤᠷᠢᠲᠠᠨ᠂ ᠮᠡᠷᠭᠡᠵᠢᠯ ᠴᠢᠳᠠᠪᠤᠷᠢ᠎ᠲᠠᠶ ᠴᠢᠳᠠᠪᠤᠷᠢᠲᠠᠨ ᠪᠠ ᠵᠠᠯᠠᠭᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠦᠮᠦᠵᠢᠭᠦᠯᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠥ᠎ᠶ᠋ᠢᠨ ᠬᠥᠲᠥᠯᠥᠨ ᠵᠢᠯᠣᠭᠣᠳᠭᠤ ᠦᠢᠯᠡᠳᠦᠯ᠎ᠢ ᠪᠠᠳᠠᠷᠠᠭᠤᠯᠵᠤ᠂ ᠣᠯᠠᠨ ᠳᠡᠰ ᠳᠠᠪᠬᠤᠷᠭ᠎ᠠ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠱᠢᠰᠲᠸᠮ᠎ᠢ ᠪᠠᠢᠭᠤᠯᠤᠨ᠂ ᠣᠷᠣᠨ᠎ᠤ ᠭᠠᠳᠠᠨᠠᠬᠢ ᠪᠡᠯᠡ ᠮᠥᠩᠭᠥ᠎ᠶ᠋ᠢᠨ ᠡᠬᠢ ᠪᠠᠶᠠᠯᠢᠭ᠎ᠢ ᠲᠠᠲᠠᠬᠤ ᠬᠦᠴᠦᠨ᠎ᠢ ᠨᠡᠮᠡᠭ᠌ᠳᠡᠭᠦᠯᠦᠨ᠎ᠡ᠃
ᠳᠥᠷᠪᠡ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ᠋ ᠬᠡᠷᠡᠭ᠌ᠵᠢᠭᠦᠯᠦᠨ᠎ᠡ
(ᠨᠠᠶ᠋ᠮᠠ) ᠲᠠᠷᠢᠶᠠᠨ ᠭᠠᠵᠠᠷ᠎ᠤᠨ ᠶᠠᠰᠤ ᠴᠢᠨᠠᠷ᠎ᠢ ᠯᠠᠪᠳᠠᠭᠤᠨ᠎ᠢᠶᠠᠷ ᠳᠡᠭᠡᠭ᠌ᠰᠢᠯᠡᠭᠦᠯᠦᠨ᠎ᠡ᠃ ᠨᠥᠬᠥᠴᠡᠯ ᠪᠦᠷᠢᠯᠳᠦᠭᠦᠯᠦᠭ᠌ᠰᠡᠨ ᠡᠭᠦᠷᠢᠳᠡ᠎ᠶ᠋ᠢᠨ ᠴᠢᠨᠠᠷᠲᠠᠢ ᠦᠨᠳᠦᠰᠦᠨ ᠲᠠᠷᠢᠶᠠᠨ ᠭᠠᠵᠠᠷ᠎ᠢ ᠠᠯᠬᠤᠮ ᠠᠯᠬᠤᠮ ᠵᠢᠡᠷ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠢᠭᠤᠯᠵᠤ᠂ ᠪᠠᠶᠠᠨᠨᠠᠭᠤᠷ᠎ᠤᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ ᠪᠠ ᠵᠠᠯᠠᠢᠳ ᠬᠣᠱᠢᠭᠤ᠎ᠶ᠋ᠢᠨ ᠲᠠᠷᠢᠶᠠᠨ ᠭᠠᠵᠠᠷ᠎ᠢ ᠤᠷᠢᠳ᠎ᠢᠶᠡᠷ ᠪᠦᠬᠦᠨ᠎ᠢ ᠦᠨᠳᠦᠷ ᠪᠠᠷᠢᠮᠵᠢᠶᠠᠳᠦ ᠲᠠᠷᠢᠶᠠᠨ ᠭᠠᠵᠠᠷ ᠪᠤᠯᠭᠠᠨ ᠪᠠᠢᠭᠤᠯᠬᠤ᠎ᠶ᠋ᠢ ᠳᠡᠮᠵᠢᠨ᠎ᠡ᠃ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠬᠤᠵᠢᠷᠯᠢᠭ ᠭᠠᠵᠠᠷ᠎ᠢ ᠶᠡᠷᠦᠩᠬᠡᠢᠯᠡᠨ ᠠᠱᠢᠭ᠍ᠯᠠᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ᠃ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠵᠠᠰᠠᠬᠤ᠎ᠶ᠋ᠢ ᠦᠷᠭᠦᠯᠵᠢᠯᠡᠨ ᠠᠬᠢᠭᠤᠯᠤᠨ᠎ᠠ᠃
(ᠶᠢᠰᠦ) ᠶᠡᠬᠡ ᠬᠡᠪᠴᠢᠶ᠎ᠡ᠎ᠪᠡᠷ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠦᠢᠯᠡᠳᠪᠦᠷᠢᠯᠡᠯ ᠠᠮᠢ ᠠᠬᠤᠢ᠎ᠶ᠋ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠪᠠ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ᠎ᠢ ᠲᠥᠪᠯᠡᠷᠡᠭᠦᠯᠦᠨ ᠲᠥᠬᠥᠷᠵᠢᠭᠦᠯᠬᠦ᠌ᠶ᠋ᠢ ᠠᠬᠢᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠮᠠᠱᠢᠨᠴᠢᠯᠠᠯᠲᠠ᠂ ᠤᠶᠤᠨᠴᠢᠯᠠᠯᠲᠠ᠎ᠶ᠋ᠢ ᠠᠬᠢᠭᠤᠯᠤᠨ᠎ᠠ᠃ ᠣᠳᠣ ᠦᠶ᠎ᠡ᠎ᠶ᠋ᠢᠨ ᠲᠠᠷᠢᠶᠠᠯᠠᠩ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ 2030 ᠣᠨ ᠪᠣᠯᠬᠤ᠎ᠳᠤ ᠠᠮᠤ ᠪᠤᠳᠠᠭᠠᠨ᠎ᠤ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠮᠥ᠍ ᠪᠦᠷᠢ 850 ᠵᠢᠩ᠎ᠡᠴᠡ ᠳᠡᠭᠡᠭ᠌ᠰᠢ᠎ᠳᠦ ᠬᠦᠷᠭᠡᠬᠦ ᠪᠡᠷ ᠴᠢᠷᠮᠠᠢᠨ᠎ᠠ᠃
ᠲᠠᠪᠤ᠂ ᠰᠦ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ
(ᠠᠷᠪᠠ) ᠬᠠᠲᠠᠭᠤ ᠪᠡᠶᠡᠲᠦ ᠴᠠᠭᠠᠨ ᠢᠳᠡᠭᠡᠨ᠎ᠢ ᠶᠡᠬᠡ ᠪᠡᠷ ᠬᠥᠭ᠌ᠵᠢᠭᠦᠯᠦᠨ᠎ᠡ᠃ ᠠᠵᠤ ᠠᠬᠤᠢᠯᠠᠯ᠎ᠤᠨ ᠲᠦᠭᠦᠬᠡᠶ ᠱᠢᠨ᠎ᠡ ᠰᠦ ᠡᠳ᠋ᠱᠢᠭᠦᠯᠦᠭ᠌ᠰᠡᠨ ᠰᠦᠨ ᠲᠣᠰᠣᠨ᠎ᠤ ᠲᠥᠷᠥᠯ᠂ ᠪᠢᠱᠢᠯᠠᠭ᠎ᠤᠨ ᠲᠥᠷᠥᠯ᠂ ᠰᠦᠨ ᠲᠡᠮᠦᠷ᠎ᠦᠨ ᠤᠭᠤᠷᠠᠭ᠎ᠤᠨ ᠲᠥᠷᠥᠯ᠂ ᠳᠠᠪᠤᠰᠤ ᠥᠬᠡᠢᠳᠡᠭᠦᠯᠦᠭ᠌ᠰᠡᠨ ᠰᠢᠷᠠᠰᠦ᠂ ᠣᠨᠴᠠ ᠡᠮᠴᠢᠯᠡᠭᠡᠨ᠎ᠦ ᠢᠳᠡᠭᠡᠨ ᠵᠡᠷᠭᠡ ᠥᠨᠳᠥᠷ ᠨᠡᠮᠡᠯᠲᠡ ᠥᠷᠲᠡᠭ ᠪᠥᠬᠥᠶ ᠦᠶ᠋ᠯᠡᠳᠬᠦᠨ ᠵᠢᠴᠢ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠠᠵᠤ ᠠᠬᠤᠢᠯᠠᠯ᠎ᠤᠨ ᠴᠠᠭᠠᠨ ᠢᠳᠡᠭᠡ ᠵᠢ ᠨᠠᠷᠢᠯᠢᠭ ᠡᠳ᠋ᠱᠢᠭᠦᠯᠬᠦ᠌ ᠲᠥᠷᠥᠯ ᠵᠦᠶ᠋ᠯ᠎ᠢ ᠱᠢᠨ᠎ᠡ᠎ᠪᠡᠷ ᠪᠠᠢᠭᠤᠯᠬᠤ᠎ᠶ᠋ᠢ ᠳᠡᠮᠵᠢᠨ᠎ᠡ᠃ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ᠎ᠦ ᠵᠢᠵᠢᠭ ᠦᠢᠯᠡᠳᠭᠡᠯ᠎ᠢ ᠳᠡᠰ ᠳᠡᠪᠱᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ ᠪᠣᠯᠭᠠᠬᠤ᠎ᠶ᠋ᠢ ᠵᠣᠷᠢᠭ᠍ᠵᠢᠭᠤᠯᠵᠤ᠂ ᠵᠢᠵᠢᠭ ᠦᠢᠯᠡᠳᠭᠡᠯ᠎ᠦᠨ ᠭᠠᠵᠠᠷ᠎ᠢ ᠬᠥᠲᠥᠯᠥᠨ ᠵᠢᠯᠣᠭᠣᠳᠴᠤ᠌ ᠪᠠᠢᠭᠠᠳ ᠢᠳᠡᠭᠡᠨ᠎ᠦ ᠬᠦᠷᠢᠶᠡᠯᠡᠩ ᠲᠣᠭᠣᠷᠢᠭ᠎ᠲᠤ ᠣᠷᠣᠭᠤᠯᠤᠨ ᠬᠡᠪᠴᠢᠶᠡᠵᠢᠭᠦᠯᠦᠨ ᠡᠵᠡᠩᠨᠡᠬᠦ᠌᠂ ᠨᠢᠭᠡᠳᠦᠯᠲᠡᠶ ᠬᠠᠮᠢᠶᠠᠷᠬᠤ᠎ᠶ᠋ᠢ ᠪᠡᠶᠡᠯᠡᠭᠦᠯᠦᠨ᠎ᠡ᠃ ᠣᠷᠣᠨ ᠨᠤᠲᠤᠭ᠎ᠤᠨ ᠣᠨᠴᠠᠯᠢᠭ᠍ᠲᠤ ᠴᠠᠭᠠᠨ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ᠎ᠢ ᠱᠢᠨ᠎ᠡ᠎ᠪᠡᠷ ᠪᠠᠢᠭᠤᠯᠬᠤ᠎ᠶ᠋ᠢ ᠳᠡᠮᠵᠢᠨ᠎ᠡ᠃
(ᠠᠷᠪᠠᠨ ᠨᠢᠭᠡ) ᠰᠦ᠎ᠶᠢᠨ ᠲᠥᠷᠥᠯ᠎ᠦᠨ ᠬᠡᠷᠡᠭ᠌ᠯᠡᠭᠡ᠎ᠶ᠋ᠢ ᠨᠡᠮᠡᠭᠳᠡᠭᠦᠯᠦᠨ᠎ᠡ᠃ 《ᠰᠤᠷᠤᠭ᠍ᠴᠢᠳ᠎ᠤᠨ ᠤᠤᠭᠤᠬᠤ ᠰᠦ᠎ᠶᠢᠨ ᠲᠥᠯᠥᠪᠯᠡᠭᠡ》᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠰᠦ᠎ᠶ᠋ᠢᠨ ᠦᠢᠯᠡᠰ᠎ᠤᠨ ᠠᠵᠤ ᠠᠬᠤᠢᠯᠠᠯ᠎ᠤᠨ 《ᠭᠠᠷᠴᠤ᠌ ᠶᠠᠪᠤᠬᠤ》᠎ᠶ᠋ᠢ ᠵᠣᠷᠢᠭ᠍ᠵᠢᠭᠤᠯᠵᠤ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠵᠢᠴᠢ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠠᠢᠭᠤᠯᠬᠤ ᠤᠯᠤᠰ᠎ᠤᠨ ᠵᠠᠬ᠎ᠠ ᠳᠡᠯᠭᠡᠭᠦᠷ᠎ᠢ ᠤᠯᠠᠮ ᠨᠢᠭᠡ ᠠᠯᠬᠤᠮ ᠥᠷᠭᠡᠳᠭᠡᠨ᠎ᠡ᠃ ᠲᠦᠭᠦᠬᠡᠶ ᠱᠢᠨ᠎ᠡ ᠰᠦ᠎ᠶᠢᠨ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠴᠠᠭᠠᠨ ᠢᠳᠡᠭᠡᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃
(ᠠᠷᠪᠠᠨ ᠬᠣᠶᠠᠷ) ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠱᠢᠭ ᠲᠤᠰᠠ᠎ᠶ᠋ᠢ ᠬᠣᠯᠪᠣᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠰᠠᠭᠠᠯᠢ᠎ᠶ᠋ᠢᠨ ᠮᠠᠯ ᠲᠡᠵᠢᠭᠡᠨ ᠦᠷᠡᠵᠢᠭᠦᠯᠬᠦ᠌ ᠲᠠᠯᠠᠪᠠᠶ ᠡᠷᠦᠬᠡ᠎ᠳᠦ ᠬᠠᠨᠳᠤᠭᠤᠯᠤᠭ᠍ᠰᠠᠨ ᠲᠡᠵᠢᠭᠡᠯ ᠡᠪᠡᠰᠦ ᠪᠣᠷᠳᠣᠭᠠᠨ᠎ᠤ ᠳᠠᠮ ᠬᠦᠦ᠍᠎ᠲᠠᠢ ᠵᠢᠭᠡᠯᠡᠯᠭᠡᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠰᠠᠭᠠᠯᠢ᠎ᠶ᠋ᠢᠨ ᠮᠠᠯ ᠲᠡᠵᠢᠭᠡᠨ ᠦᠷᠡᠵᠢᠭᠦᠯᠬᠦ᠌ ᠳᠤᠮᠳᠠ ᠪᠠᠭ᠎ᠠ ᠲᠠᠯᠠᠪᠠᠶ᠎ᠶ᠋ᠢᠨ ᠳᠠᠷᠢᠵᠤ ᠲᠡᠵᠢᠭᠡᠬᠦ᠌ ᠪᠠ ᠡᠳ᠋ᠱᠢᠭᠦᠯᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠬᠥᠭ᠌ᠵᠢᠯᠲᠡ ᠪᠣᠯᠤᠨ ᠣᠨᠴᠠᠯᠢᠭ᠍ᠲᠤ ᠰᠠᠭᠠᠯᠢ᠎ᠶ᠋ᠢᠨ ᠮᠠᠯ ᠲᠡᠵᠢᠭᠡᠨ ᠦᠷᠡᠵᠢᠭᠦᠯᠬᠦ᠌᠎ᠶ᠋ᠢ ᠳᠡᠮᠵᠢᠨ᠎ᠡ᠃ ᠲᠦᠭᠦᠬᠡᠶ ᠱᠢᠨ᠎ᠡ ᠰᠦ᠎ᠶᠢᠨ ᠭᠠᠷᠤᠯᠲᠠ ᠪᠠ ᠦᠨ᠎ᠡ ᠬᠠᠩᠰᠢ᠎ᠶ᠋ᠢ ᠬᠢᠨᠠᠨ ᠬᠡᠮᠵᠢᠬᠦ ᠶ᠋ᠢ ᠴᠢᠩᠭᠠᠳᠭᠠᠵᠤ᠂ ᠲᠥᠪ ᠭᠤᠤᠯᠴᠢ ᠲᠣᠭ᠍ᠲᠠᠭᠤᠨ 《ᠰᠦ᠎ᠶᠢᠨ ᠦᠢᠯᠡᠰ᠎ᠤᠨ ᠠᠵᠤ ᠠᠬᠤᠢᠯᠠᠯ + ᠲᠡᠵᠢᠭᠡᠨ ᠦᠷᠡᠵᠢᠭᠦᠯᠬᠦ᠌ ᠲᠠᠯᠠᠪᠠᠶ + ᠰᠠᠭᠠᠯᠢᠴᠢᠳ》 ᠤ᠋ᠨ ᠠᠱᠢᠭ ᠲᠤᠰᠠ᠎ᠶ᠋ᠢ ᠬᠣᠯᠪᠣᠬᠤ ᠲᠣᠭ᠍ᠲᠠᠴᠠ᠎ᠶ᠋ᠢ ᠪᠣᠶ ᠪᠣᠯᠭᠠᠬᠤ᠎ᠶ᠋ᠢ ᠠᠬᠢᠭᠤᠯᠤᠨ᠎ᠠ᠃
ᠵᠢᠷᠭᠤᠭ᠎ᠠ᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠠᠵᠤ ᠦᠶ᠋ᠯᠡᠰ᠎ᠢ ᠱᠢᠯᠢᠳᠡᠭ᠌ᠵᠢᠭᠦᠯᠬᠦ᠌ ᠢᠨᠵᠧᠨᠧᠷᠢᠩ᠎ᠢ᠋ ᠬᠡᠷᠡᠭ᠌ᠵᠢᠭᠦᠯᠦᠨ᠎ᠡ
(ᠠᠷᠪᠠᠨ ᠭᠤᠷᠪᠠ) ᠠᠵᠤ ᠦᠢᠯᠡᠰ᠎ᠦᠨ ᠪᠠᠢᠷᠢᠱᠢᠭᠤᠯᠤᠯᠲᠠ᠎ᠵᠢ ᠱᠢᠯᠢᠳᠡᠭ᠌ᠵᠢᠭᠦᠯᠦᠨ᠎ᠡ᠃ ᠠᠵᠤ ᠦᠶ᠋ᠯᠡᠰ᠎ᠦᠨ ᠰᠠᠭᠤᠷᠢ ᠪᠠ ᠬᠠᠷᠢᠴᠠᠭᠤᠯᠤᠭ᠍ᠰᠠᠨ ᠳᠠᠪᠠᠭᠤᠯᠢᠭ᠎ᠲᠠᠶ ᠤᠶᠠᠯᠳᠤᠭᠤᠯᠤᠨ᠂ ᠭᠤᠤᠯᠳᠠᠯᠭ᠎ᠠ᠎ᠲᠠᠶ ᠭᠠᠵᠠᠷ ᠣᠷᠣᠨ᠎ᠤ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠠᠵᠤ ᠦᠶ᠋ᠯᠡᠰ᠎ᠢ ᠬᠥᠭ᠌ᠵᠢᠭᠦᠯᠬᠦ᠌᠎ᠶ᠋ᠢ ᠲᠥᠪᠯᠡᠷᠡᠭᠦᠯᠦᠨ ᠳᠡᠮᠵᠢᠵᠦ᠍᠂ ᠪᠥᠬᠥ᠌ ᠤᠯᠤᠰ᠎ᠲᠤ ᠨᠥᠯᠥᠭᠡ᠎ᠲᠡᠶ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠢᠷᠡᠭᠡᠳᠦᠶ᠎ᠶ᠋ᠢᠨ ᠠᠵᠤ ᠦᠶ᠋ᠯᠡᠰ᠎ᠦᠨ ᠲᠥᠪᠯᠡᠷᠡᠯ ᠭᠠᠵᠠᠷ᠎ᠢ ᠪᠣᠶ ᠪᠣᠯᠭᠠᠨ᠎ᠠ᠃ ᠳᠤᠮᠳᠠ ᠬᠡᠰᠡᠭ᠎ᠦᠨ ᠭᠠᠵᠠᠷ ᠣᠷᠣᠨ᠎ᠨᠤᠭᠤᠳ ᠬᠥᠬᠡᠬᠣᠲᠠ᠎ᠪᠠᠷ ᠭᠣᠣᠯᠳᠠᠯᠭ᠎ᠠ ᠪᠣᠯᠭᠠᠨ᠂ ᠠᠭᠤᠷ᠂ ᠪᠤᠬᠢᠷᠳᠤᠯ ᠦᠭᠡᠢ ᠴᠠᠬᠢᠯᠭᠠᠨ᠂ ᠪᠣᠳᠣᠯᠳᠠ ᠵᠢᠨ ᠬᠦᠴᠦᠨ᠂ ᠲᠦᠭᠦᠬᠡᠶ ᠮᠠᠲᠧᠷᠢᠶᠠᠯ ᠵᠡᠷᠭᠡ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠪᠦᠬᠦ᠌ ᠤᠯᠤᠰ᠎ᠲᠤ ᠲᠦᠷᠦᠭᠦᠯᠡᠬᠦ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠠᠵᠤ ᠦᠢᠯᠡᠰ᠎ᠦᠨ ᠬᠡᠪ ᠳᠠᠭᠤᠷᠢᠶᠠᠯ ᠬᠣᠲᠠ᠎ᠶ᠋ᠢ ᠪᠠᠢᠭᠤᠯᠤᠨ᠎ᠠ᠃ ᠵᠡᠭᠦᠨ ᠬᠡᠰᠡᠭ᠎ᠦᠨ ᠭᠠᠵᠠᠷ ᠣᠷᠣᠨ᠎ᠨᠤᠭᠤᠳ ᠬᠥᠯᠥᠨ ᠪᠤᠢᠷ᠂ ᠲᠦᠩᠯᠢᠶᠣᠤ᠂ ᠤᠯᠠᠭᠠᠨᠬᠠᠳᠠ᠂ ᠬᠢᠩᠭᠠᠨ ᠠᠢᠮᠠᠭ᠎ᠢᠶᠠᠷ ᠭᠣᠣᠯᠳᠠᠯᠭ᠎ᠠ ᠪᠣᠯᠭᠠᠨ᠂ ᠪᠠᠷᠠᠭᠤᠨ ᠬᠡᠰᠡᠭ᠎ᠦᠨ ᠭᠠᠵᠠᠷ ᠣᠷᠣᠨ᠎ᠨᠤᠭᠤᠳ ᠪᠠᠶᠠᠨᠨᠠᠭᠤᠷ᠎ᠢᠶᠠᠷ ᠭᠣᠣᠯᠳᠠᠯᠭ᠎ᠠ ᠪᠣᠯᠭᠠᠵᠤ᠂ ᠡᠷᠳᠡᠨᠢ ᠱᠢᠰᠢ᠎ᠶ᠋ᠢ ᠭᠦᠨᠵᠡᠭᠡᠶ ᠡᠳ᠋ᠱᠢᠭᠦᠯᠬᠦ᠌ ᠪᠠ ᠢᠰᠭᠡᠬᠦ᠌ ᠠᠵᠤ ᠦᠢᠯᠡᠰ᠎ᠦᠨ ᠳᠠᠪᠠᠭᠤᠯᠢᠭ᠎ᠢ ᠭᠦᠢᠴᠡᠳ ᠪᠠᠳᠠᠷᠠᠭᠤᠯᠤᠨ᠂ ᠠᠮᠢᠳᠤ ᠪᠣᠳᠠᠰ᠎ᠤᠨ ᠢᠳᠡᠭᠡᠨ᠂ ᠠᠮᠢᠳᠤ ᠪᠣᠳᠠᠰ᠎ᠤᠨ ᠡᠮ ᠦᠢᠯᠡᠳᠬᠦ᠌ ᠵᠡᠷᠭᠡ ᠠᠵᠤ ᠦᠢᠯᠡᠰ᠎ᠦᠨ ᠪᠦᠯᠦᠭ᠌ᠵᠢᠯ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃
(ᠠᠷᠪᠠᠨ ᠳᠥᠷᠪᠡ) ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠠᠵᠤ ᠠᠬᠤᠢᠯᠠᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯ᠎ᠤᠨ ᠠᠵᠤ ᠠᠬᠤᠢᠯᠠᠯ᠎ᠤᠨ ᠤᠷ᠎ᠠ ᠮᠡᠷᠭᠡᠱᠢᠯ᠎ᠢᠶᠡᠨ ᠳᠡᠭᠡᠭ᠌ᠰᠢᠯᠡᠭᠦᠯᠬᠦ᠌ ᠪᠠ ᠲᠥᠬᠥᠭᠡᠷᠦᠮᠵᠢ᠎ᠪᠡᠨ ᠥᠭᠡᠷᠡᠴᠢᠯᠡᠨ ᠱᠢᠨᠡᠳᠭᠡᠬᠦ᠌᠎ᠶ᠋ᠢ ᠳᠡᠮᠵᠢᠵᠦ᠍᠂ ᠨᠡᠢᠯᠡᠮᠡᠯ ᠠᠮᠢᠳᠤ ᠪᠣᠳᠠᠰ᠎ᠤᠨ ᠲᠦᠭᠦᠬᠡᠶ ᠮᠠᠲ᠋ᠧᠷᠢᠶᠠᠯ᠎ᠢ ᠭᠡᠷᠡᠴᠢᠯᠡᠬᠦ᠌ ᠲᠥᠷᠥᠯ᠎ᠦᠨ ᠲᠤᠷᠱᠢᠯᠲᠠ᠎ᠶ᠋ᠢᠨ ᠲᠠᠰᠤᠭ᠂ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠠᠪᠴᠠᠩ (ᠰᠠᠭᠤᠷᠢᠨ) ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ ᠪᠥᠭᠡᠮ ᠲᠠᠸᠠᠷ ᠤ᠋ᠨ ᠠᠷᠠᠯᠵᠢᠶᠠᠨ᠎ᠤ ᠦᠶ᠋ᠯᠡᠳᠬᠦᠨ᠎ᠢ ᠵᠠᠬ᠎ᠠ ᠳᠡᠯᠭᠡᠭᠦᠷ᠎ᠦᠨ ᠦᠵᠦᠭᠦᠷᠯᠢᠭ ᠦᠶ᠋ᠯᠡᠳᠬᠦᠨ ᠳᠠᠢᠰᠢ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠬᠦ᠌᠎ᠶ᠋ᠢ ᠵᠣᠷᠢᠭ᠍ᠵᠢᠭᠤᠯᠵᠤ᠂ ᠮᠠᠨ᠎ᠤ ᠣᠷᠣᠨ᠎ᠤ ᠠᠮᠢᠳᠤ ᠪᠣᠳᠠᠰ᠎ᠤᠨ ᠦᠶ᠋ᠯᠡᠳᠬᠦᠨ ᠦᠶ᠋ᠯᠡᠳᠬᠦ᠌ ᠣᠯᠠᠨ ᠤᠯᠤᠰ᠎ᠤᠨ ᠵᠠᠬ᠎ᠠ ᠳᠡᠯᠭᠡᠭᠦᠷ᠎ᠲᠡᠬᠢ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ᠃
(ᠠᠷᠪᠠᠨ ᠲᠠᠪᠤ) ᠬᠦᠷᠢᠶᠡᠯᠡᠩ ᠲᠣᠭᠣᠷᠢᠭ᠎ᠤᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠭᠡᠯᠵᠢᠡᠷ ᠭᠣᠣᠯᠯᠠᠭᠤᠯᠤᠭᠰᠠᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠢ ᠭᠣᠣᠯᠳᠠᠯᠭ᠎ᠠ᠎ᠲᠠᠶ ᠪᠠᠢᠭᠤᠯᠵᠤ᠂ ᠰᠠᠭᠤᠷᠢ ᠲᠦᠬᠦᠭᠡᠷᠦᠮᠵᠢ᠎ᠶ᠋ᠢ ᠨᠢ ᠲᠡᠭᠦᠯᠳᠡᠷᠵᠢᠭᠦᠯᠦᠨ᠂ ᠠᠵᠤ ᠦᠢᠯᠡᠳᠪᠦᠷᠢ᠎ᠶ᠋ᠢᠨ ᠪᠣᠬᠢᠷ ᠤᠰᠤ᠂ ᠬᠠᠲᠠᠭᠤ ᠪᠡᠶᠡᠲᠦ ᠪᠠᠺᠲᠸᠷᠢ᠎ᠶ᠋ᠢᠨ ᠱᠢᠭᠠᠷᠤ ᠵᠡᠷᠭᠡ᠎ᠶ᠋ᠢ ᠱᠢᠶ᠋ᠳᠪᠦᠷᠢᠯᠡᠬᠦ᠌ ᠱᠢᠰᠲᠧᠮ ᠢ᠋ ᠪᠦᠲᠦᠭᠡᠨ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠂ ᠮᠡᠳᠡᠭᠡ ᠵᠠᠩᠭᠢ᠂ ᠪᠠᠷᠠᠭ᠎ᠠ᠎ᠶ᠋ᠢᠨ ᠭᠦᠢᠯᠭᠡᠭᠡᠨ ᠵᠡᠷᠭᠡ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠠᠵᠤ ᠠᠬᠤᠢᠯᠠᠯ᠎ᠢ ᠲᠥᠪᠯᠡᠷᠡᠭᠦᠯᠦᠨ᠂ ᠡᠷᠳᠡᠨᠢ ᠱᠢᠰᠢ᠎ᠶ᠋ᠢᠨ ᠠᠮᠢᠳᠤ ᠪᠣᠳᠠᠰ ᠦᠢᠯᠡᠳᠬᠦ᠌ ᠠᠵᠤ ᠦᠢᠯᠡᠰ᠎ᠦᠨ ᠠᠮᠢ ᠠᠬᠤᠶ᠎ᠶ᠋ᠢᠨ ᠱᠢᠰᠲᠧᠮ ᠢ᠋ ᠴᠣᠭ᠍ᠴᠠᠯᠠᠨ ᠪᠠᠢᠭᠤᠯᠤᠨ᠎ᠠ᠃
ᠳᠣᠯᠣᠭ᠎ᠠ᠂ ᠮᠢᠬᠠᠨ ᠤ᠋ ᠦᠬᠡᠷ ᠮᠢᠬᠠᠨ ᠤ᠋ ᠬᠣᠨᠢᠨ᠎ᠤ ᠭᠠᠷᠤᠯᠲᠠ᠎ᠶ᠋ᠢ ᠨᠡᠮᠡᠭ᠌ᠳᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠎ᠡ
(ᠠᠷᠪᠠᠨ ᠵᠢᠷᠭᠤᠭ᠎ᠠ) ᠪᠤᠢᠵᠢᠭᠤᠯᠵᠦ ᠪᠣᠷᠳᠣᠬᠤ ᠬᠡᠪᠴᠢᠶ᠎ᠡ᠎ᠶ᠋ᠢ ᠥᠷᠭᠡᠳᠭᠡᠨ᠎ᠡ᠃ 《ᠵᠡᠭᠦᠨᠳᠡᠬᠢ ᠳ᠋ᠤ ᠦᠷᠡᠵᠢᠭᠦᠯᠵᠤ ᠪᠠᠷᠠᠭᠤᠨᠳᠡᠬᠢ ᠳ᠋ᠤ ᠪᠣᠢᠵᠢᠭᠤᠯᠬᠤ》᠂ 《ᠤᠮᠠᠷᠠᠳᠤ ᠳ᠋ᠤ ᠦᠷᠡᠵᠢᠭᠦᠯᠵᠤ ᠡᠮᠦᠨᠡᠳᠦ ᠳ᠋ᠤ ᠪᠣᠢᠵᠢᠭᠤᠯᠬᠤ》᠎ᠶ᠋ᠢ ᠵᠣᠷᠢᠭ᠍ᠵᠢᠭᠤᠯᠵᠤ᠂ ᠲᠡᠵᠢᠭᠡᠨ ᠦᠷᠡᠵᠢᠭᠦᠯᠬᠦ᠌ ᠲᠠᠯᠠᠪᠠᠶ ᠡᠷᠦᠬᠡ᠎ᠶ᠋ᠢᠨ ᠮᠢᠬᠠᠨ ᠤ᠋ ᠦᠬᠡᠷ ᠮᠢᠬᠠᠨ ᠤ᠋ ᠬᠣᠨᠢ ᠪᠣᠷᠳᠣᠵᠤ ᠲᠠᠷᠭᠤᠯᠠᠭᠤᠯᠬᠤ ᠠᠵᠤ ᠦᠶ᠋ᠯᠡᠰ ᠢ᠋ ᠬᠥᠭ᠌ᠵᠢᠭᠦᠯᠬᠦ᠌᠎ᠶ᠋ᠢ ᠳᠡᠮᠵᠢᠨ᠎ᠡ᠃ ᠵᠢᠯ ᠪᠦᠷᠢ 1 ᠡᠴᠡ 3 ᠬᠣᠱᠢᠭᠤ ᠱᠢᠶᠠᠨ᠎ᠤ ᠪᠦᠬᠦᠢᠯᠡ ᠱᠢᠶᠠᠨ᠎ᠢᠶᠠᠷ ᠨᠢ ᠲᠦᠬᠦᠭᠡᠷᠦᠮᠵᠢ᠎ᠳᠤ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠶ᠋ᠢ ᠳᠡᠮᠵᠢᠨ᠎ᠡ᠃ ᠮᠤᠵᠢ ᠠᠯᠤᠰᠯᠠᠨ ᠪᠣᠷᠳᠣᠵᠤ ᠲᠠᠷᠭᠤᠯᠠᠭᠤᠯᠬᠤ ᠠᠵᠤ ᠦᠶ᠋ᠯᠡᠰ᠎ᠦᠨ ᠬᠠᠮᠲᠤᠷᠠᠯᠴᠠᠭ᠎ᠠ ᠪᠠ ᠠᠱᠢᠭ ᠣᠯᠵᠠᠪᠤᠷᠢ᠎ᠶ᠋ᠢ ᠬᠤᠪᠢᠶᠠᠨ ᠭᠥᠷᠳᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠡᠬᠢ ᠪᠠᠶᠠᠯᠢᠭ᠎ᠢ ᠬᠠᠮᠲᠤ ᠪᠠᠷ ᠭᠥᠷᠳᠡᠬᠦ᠌᠂ ᠠᠵᠤ ᠦᠶ᠋ᠯᠡᠰ᠎ᠢ ᠬᠠᠮᠲᠤ ᠪᠠᠷ ᠪᠠᠢᠭᠤᠯᠬᠤ᠂ ᠠᠱᠢᠭ ᠲᠤᠰᠠ᠎ᠶ᠋ᠢ ᠬᠠᠮᠲᠤ ᠪᠠᠷ ᠭᠥᠷᠳᠡᠬᠦ᠌᠎ᠶ᠋ᠢ ᠪᠡᠶᠡᠯᠡᠭᠦᠯᠦᠨ᠎ᠡ᠃
(ᠠᠷᠪᠠᠨ ᠳᠣᠯᠣᠭ᠎ᠠ) ᠦᠬᠡᠷ ᠬᠣᠨᠢᠨ ᠮᠢᠬ᠎ᠠ᠎ᠶ᠋ᠢ ᠳᠡᠰ ᠬᠤᠪᠢᠶᠠᠬᠤ ᠪᠠᠷᠢᠮᠵᠢᠶ᠎ᠠ ᠪᠠ ᠮᠥᠷᠳᠡᠬᠦ ᠱᠢᠰᠲ᠋ᠧᠮ ᠢ᠋ ᠪᠠᠢᠭᠤᠯᠤᠨ᠎ᠠ᠃ ᠲᠠᠸᠠᠷ᠎ᠤᠨ ᠱᠢᠨᠵᠢ ᠪᠠᠢᠳᠠᠯ᠎ᠢᠶᠠᠷ ᠭᠤᠤᠯᠯᠠᠭᠤᠯᠤᠭᠰᠠᠨ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠎ᠶ᠋ᠢ ᠲᠠᠰ ᠬᠤᠪᠢᠶᠠᠬᠤ ᠪᠠᠷᠢᠮᠵᠢᠶ᠎ᠠ᠎ᠶ᠋ᠢ ᠲᠣᠭ᠍ᠲᠠᠭᠠᠵᠤ᠂ ᠦᠬᠡᠷ ᠬᠣᠨᠢ ᠢᠮᠠᠭ᠎ᠠ ᠡᠳ᠋ᠱᠢᠭᠦᠯᠬᠦ᠌ ᠠᠵᠤ ᠠᠬᠤᠢᠯᠠᠯ᠎ᠤᠨ ᠲᠠᠰ ᠬᠤᠪᠢᠶᠠᠬᠤ ᠪᠠᠷᠢᠮᠵᠢᠶ᠎ᠠ᠎ᠶ᠋ᠢ ᠵᠢᠷᠤᠮᠵᠢᠭᠤᠯᠤᠨ᠎ᠠ᠃ 《ᠦᠪᠦᠷ ᠮᠣᠩᠭᠣᠯ ᠢᠳᠡᠭᠡᠨ᠎ᠦ ᠬᠡᠯᠬᠢᠶᠡᠰᠦ》 ᠶ᠋ᠢᠨ ᠢᠳᠡᠭᠡᠨ᠎ᠦ ᠶᠠᠰᠤ ᠴᠢᠨᠠᠷ ᠤ᠋ᠨ ᠠᠮᠤᠷ ᠲᠦᠪᠱᠢᠨ᠎ᠢ ᠮᠦᠷᠳᠡᠬᠦ ᠲᠠᠪᠴᠠᠩ᠎ᠳᠤ ᠲᠦᠱᠢᠭ᠌ᠯᠡᠨ᠂ ᠲᠡᠵᠢᠭᠡᠨ ᠦᠷᠡᠵᠢᠭᠦᠯᠬᠦ᠌᠂ ᠨᠢᠲᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭ᠎ᠠ᠎ᠶ᠋ᠢᠨ ᠭᠦᠶ᠋ᠯᠭᠡᠭᠡᠨ᠎ᠦ ᠮᠦᠷᠳᠡᠬᠦ ᠱᠢᠰᠲ᠋ᠧᠮ᠎ᠢ ᠵᠣᠯᠭᠠᠭᠤᠯᠵᠤ᠂ ᠦᠬᠡᠷ ᠬᠣᠨᠢᠨ ᠮᠢᠬ᠎ᠠ᠎ᠶ᠋ᠢ 《ᠭᠤᠤᠯᠳᠠᠯᠭ᠎ᠠ᠎ᠲᠠᠶ ᠢᠳᠡᠭᠡᠨ᠎ᠦ ᠮᠦᠷᠳᠡᠬᠦ ᠭᠠᠷᠴᠠᠭ》 ᠤ᠋ᠨ ᠬᠥᠳᠡᠯᠦᠩᠭᠦᠶ ᠬᠠᠮᠢᠶᠠᠷᠤᠯᠲᠠ᠎ᠳᠤ ᠣᠷᠣᠭᠤᠯᠤᠨ᠂ ᠲᠡᠵᠢᠭᠡᠨ ᠦᠷᠡᠵᠢᠭᠦᠯᠬᠦ᠌᠎ᠡᠴᠡ ᠠᠪᠤᠭᠠᠳ ᠡᠴᠦᠰ᠎ᠦᠨ ᠪᠣᠷᠣᠯᠠᠭᠤᠯᠭ᠎ᠠ ᠬᠦᠷᠲᠡᠯᠡᠬᠢ ᠪᠥᠬᠥ᠌ ᠴᠤᠪᠤᠷᠠᠯ᠎ᠤᠨ ᠮᠦᠷᠳᠡᠬᠦ ᠱᠢᠰᠲ᠋ᠧᠮ ᠢ᠋ ᠪᠠᠢᠭᠤᠯᠤᠨ᠎ᠠ᠃
(ᠠᠷᠪᠠᠨ ᠨᠠᠶ᠋ᠮᠠ) ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠎ᠵᠢ ᠴᠢᠩᠭᠠᠳᠭᠠᠨ᠎ᠠ᠃ 《ᠠᠮᠢᠲᠠᠨ᠎ᠤ ᠡᠷᠡᠭᠦᠯ ᠡᠩᠬᠡ ᠠᠮᠢ ᠠᠬᠤᠶ᠎ᠶ᠋ᠢᠨ ᠬᠣᠩᠭᠢᠯ》 ᠢ᠋ ᠲᠥᠯᠦᠪᠵᠢᠭᠦᠯᠦᠨ ᠪᠠᠢᠭᠤᠯᠵᠤ᠂ ᠬᠥᠬᠡᠬᠣᠲᠠ᠎ᠶ᠋ᠢᠨ ᠪᠥᠬᠥ᠌ ᠤᠯᠤᠰ᠎ᠲᠤ ᠲᠦᠷᠦᠭᠦᠯᠡᠬᠦ ᠠᠮᠢᠲᠠᠨ᠎ᠤ ᠸᠠᠺᠼᠢᠨ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌ ᠰᠠᠭᠤᠷᠢᠨ ᠪᠠᠢᠭᠤᠯᠬᠤ᠎ᠶ᠋ᠢ ᠳᠡᠮᠵᠢᠨ᠎ᠡ᠃ ᠡᠪᠡᠳᠴᠢᠨ᠎ᠢᠶᠡᠷ ᠥᠭᠦᠭ᠌ᠰᠡᠨ ᠠᠮᠢᠲᠠᠨ᠎ᠢ ᠬᠤᠤᠷ ᠦᠭᠡᠢᠳᠡᠬᠦᠯᠦᠨ ᠱᠢᠶ᠋ᠳᠪᠦᠷᠢᠯᠡᠬᠦ᠌ ᠲᠠᠯᠠᠪᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ 《ᠡᠪᠡᠳᠴᠢᠨ᠎ᠢᠶᠡᠷ ᠥᠭᠦᠭ᠌ᠰᠡᠨ ᠮᠠᠯ᠎ᠢ ᠱᠢᠶ᠋ᠳᠪᠦᠷᠢᠯᠡᠬᠦ᠌ + ᠣᠷᠭᠠᠨᠢᠭ ᠪᠣᠷᠲᠣᠭᠣᠷ᠎ᠤᠨ ᠦᠶ᠋ᠯᠡᠳᠪᠦᠷᠢᠯᠡᠯ + ᠠᠮᠢᠲᠠᠨ᠎ᠤ ᠬᠢᠵᠢᠭ᠎ᠢ ᠰᠡᠷᠭᠡᠢᠯᠡᠬᠦ᠌》 ᠱᠢᠶ᠋ᠳᠪᠦᠷᠢᠯᠡᠬᠦ᠌ ᠵᠠᠭ᠍ᠪᠤᠷ᠎ᠢ ᠬᠡᠷᠡᠭ᠌ᠵᠢᠭᠦᠯᠵᠦ᠍᠂ 《ᠠᠮᠢ ᠠᠬᠤᠶ — ᠮᠠᠯ ᠠᠵᠤ ᠠᠬᠤᠶ — ᠬᠢᠵᠢᠭ᠎ᠢ ᠰᠡᠷᠭᠡᠢᠯᠡᠬᠦ᠌》 ᠶ᠋ᠢ ᠨᠢᠭᠡ ᠴᠤᠭ᠍ᠴᠠᠵᠢᠭᠤᠯᠤᠨ ᠵᠠᠰᠠᠬᠤ᠎ᠶ᠋ᠢ ᠠᠬᠢᠭᠤᠯᠤᠨ᠎ᠠ᠃ ᠪᠥᠬᠥ᠌ ᠣᠷᠣᠨ᠎ᠤ ᠠᠮᠢᠲᠠᠨ᠎ᠤ ᠬᠢᠵᠢᠭ ᠢ᠋ ᠪᠠᠢᠴᠠᠭᠠᠬᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠤ᠋ᠨ ᠪᠠᠢᠭᠤᠯᠤᠯᠲᠠ᠎ᠶ᠋ᠢ ᠠᠬᠢᠭᠤᠯᠤᠨ᠎ᠠ᠃
ᠨᠠᠶ᠋ᠮᠠ᠂ ᠲᠡᠵᠢᠭᠡᠯ ᠡᠪᠡᠰᠦ ᠪᠣᠷᠳᠣᠭ᠎ᠠ᠎ᠶ᠋ᠢᠨ ᠬᠠᠩᠭᠠᠯᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠎ᠡ
(ᠠᠷᠪᠠ ᠶᠢᠰᠦ) ᠴᠢᠨᠠᠷ ᠰᠠᠢᠲᠠᠶ ᠲᠡᠵᠢᠭᠡᠯ ᠡᠪᠡᠰᠦ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠴᠢᠨᠠᠷ ᠰᠠᠢᠲᠠᠶ ᠴᠠᠷᠭᠠᠰᠤ᠂ ᠲᠡᠵᠢᠭᠡᠯ ᠪᠣᠷᠳᠣᠭ᠎ᠠ᠎ᠳᠤ ᠬᠡᠷᠡᠭᠯᠡᠬᠦ᠌ ᠨᠣᠬᠠᠶ᠎ᠶ᠋ᠢᠨ ᠬᠣᠱᠢᠭᠤ᠎ᠶ᠋ᠢ ᠲᠥᠪᠯᠡᠷᠡᠭᠦᠯᠦᠨ ᠶᠡᠬᠡ ᠬᠡᠰᠡᠭ᠎ᠢᠶᠡᠷ ᠳᠠᠷᠢᠬᠤ᠎ᠶ᠋ᠢ ᠳᠡᠮᠵᠢᠵᠦ᠍᠂ ᠨᠥᠬᠥᠵᠦ᠍ ᠳᠠᠷᠢᠵᠤ ᠰᠠᠢᠵᠢᠷᠠᠭᠤᠯᠬᠤ᠂ ᠬᠥᠮᠦᠨ᠎ᠦ ᠬᠦᠴᠦ᠍᠎ᠪᠡᠷ ᠳᠠᠷᠢᠬᠤ ᠵᠡᠷᠭᠡ ᠠᠷᠭ᠎ᠠ ᠮᠠᠶᠢᠭ᠎ᠢ ᠠᠪᠴᠤ ᠬᠢᠶᠠᠭ ᠡᠪᠡᠰᠦ ᠳᠠᠷᠢᠬᠤ᠎ᠶ᠋ᠢ ᠥᠷᠨᠢᠭᠦᠯᠵᠦ᠍᠂ ᠤᠯᠤᠰ᠎ᠤᠨ ᠴᠢᠨᠠᠷ ᠰᠠᠢᠲᠠᠶ ᠲᠡᠵᠢᠭᠡᠯ ᠡᠪᠡᠰᠦ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ᠎ᠢ ᠪᠣᠶ ᠪᠣᠯᠭᠠᠨ᠎ᠠ᠃ 2030 ᠣᠨ ᠪᠣᠯᠬᠤ᠎ᠳᠤ ᠲᠡᠵᠢᠭᠡᠯ ᠡᠪᠡᠰᠦᠨ᠎ᠦ ᠭᠠᠷᠤᠯᠲᠠ᠎ᠶ᠋ᠢ 8000 ᠲᠦᠮᠡᠨ ᠲᠣᠨ᠎ᠳᠤ ᠬᠦᠷᠭᠡᠵᠦ᠂ ᠴᠢᠨᠠᠷ ᠰᠠᠢᠲᠠᠶ ᠲᠡᠵᠢᠭᠡᠯ ᠡᠪᠡᠰᠦ᠎ᠶ᠋ᠢ ᠥᠪᠡᠰᠦᠪᠡᠨ ᠬᠠᠩᠭᠠᠬᠤ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠨᠢᠭᠡᠳᠦᠭᠡᠷ ᠳᠡᠰ᠎ᠤᠨ ᠴᠢᠨᠠᠷ ᠰᠠᠢᠲᠠᠶ ᠴᠠᠷᠭᠠᠰᠤ᠎ᠶ᠋ᠢ ᠭᠠᠳᠠᠭᠠᠳᠤ᠎ᠡᠴᠡ ᠣᠷᠣᠭᠤᠯᠬᠤ᠎ᠳᠤ ᠲᠦᠱᠢᠭᠯᠡᠬᠦ᠌ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠨ᠎ᠡ᠃
(ᠬᠣᠷᠢ) ᠲᠡᠵᠢᠭᠡᠯ ᠡᠪᠡᠰᠦ ᠪᠣᠷᠳᠣᠭ᠎ᠠ᠎ᠶ᠋ᠢᠨ ᠡᠳ᠋ᠱᠢᠭᠦᠯᠦᠨ ᠨᠦᠬᠡᠴᠡᠯᠡᠵᠦ ᠲᠡᠭᠡᠭᠡᠪᠦᠷᠢᠯᠡᠬᠦ᠌ ᠱᠢᠰᠲᠧᠮ᠎ᠢ ᠪᠦᠷᠢᠨᠱᠢᠭᠦᠯᠦᠨ᠎ᠡ᠃ ᠲᠡᠵᠢᠭᠡᠯ ᠡᠪᠡᠰᠦ ᠪᠣᠷᠳᠣᠭᠠᠨ᠎ᠤ ᠠᠵᠤ ᠠᠬᠤᠢᠯᠠᠯ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠶ᠋ᠢ ᠬᠥᠲᠥᠯᠥᠨ ᠵᠢᠯᠣᠭᠣᠳᠴᠤ᠌᠂ ᠮᠡᠷᠭᠡᠵᠢᠯ ᠲᠣᠨᠣᠭ ᠲᠥᠬᠥᠭᠡᠷᠦᠮᠵᠢ᠎ᠶ᠋ᠢ ᠲᠠᠰ ᠳᠡᠪᠱᠢᠭᠦᠯᠬᠦ᠌᠂ ᠭᠠᠷ ᠤᠷᠠᠯᠠᠯ᠎ᠤᠨ ᠬᠤᠷᠠᠮᠠᠯ᠎ᠤᠨ ᠱᠢᠨ᠎ᠡ᠎ᠶ᠋ᠢ ᠡᠭᠦᠳᠬᠦ᠌᠂ ᠱᠢᠨ᠎ᠡ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌᠂ ᠪᠦᠬᠦᠯᠢ ᠡᠳᠦᠷ᠎ᠦᠨ ᠬᠣᠯᠢᠮᠠᠭ ᠠᠮᠤ ᠪᠤᠳᠠᠭ᠎ᠠ᠎ᠶ᠋ᠢ ᠳᠡᠯᠭᠡᠷᠡᠭᠦᠯᠬᠦ᠌᠂ ᠨᠥᠭᠡᠴᠡᠯᠡᠬᠦ᠌ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠵᠡᠷᠭᠡ᠎ᠶ᠋ᠢ ᠳᠡᠮᠵᠢᠵᠦ᠍᠂ ᠪᠥᠬᠥ᠌ ᠤᠯᠤᠰ᠎ᠤᠨ ᠬᠠᠮᠤᠭ᠎ᠤᠨ ᠶᠡᠬᠡ ᠲᠡᠵᠢᠭᠡᠯ ᠡᠪᠡᠰᠦ ᠪᠠ ᠬᠡᠪᠢᠬᠦ᠌ ᠪᠣᠷᠳᠣᠭᠠᠨ᠎ᠤ ᠰᠠᠭᠤᠷᠢᠨ᠎ᠢ ᠪᠣᠶ ᠪᠣᠯᠭᠠᠨ᠎ᠠ᠃ ᠰᠠᠭᠠᠯᠢ᠎ᠶ᠋ᠢᠨ ᠮᠠᠯ ᠲᠡᠵᠢᠭᠡᠨ ᠦᠷᠡᠵᠢᠭᠦᠯᠬᠦ᠌ ᠭᠤᠤᠯ ᠴᠣᠭ᠍ᠴᠠ᠎ᠶ᠋ᠢᠨ ᠬᠥᠬᠡ ᠳᠠᠷᠤᠰᠢ᠎ᠶ᠋ᠢᠨ ᠡᠷᠳᠡᠨᠢ ᠱᠢᠰᠢ᠎ᠶ᠋ᠢ ᠬᠣᠷᠢᠶᠠᠨ ᠬᠠᠳᠠᠭᠠᠯᠠᠵᠤ ᠠᠱᠢᠭ᠍ᠯᠠᠬᠤ᠎ᠳᠤ ᠦᠷᠭᠦᠯᠵᠢᠯᠡᠨ ᠨᠥᠬᠥᠪᠥᠷᠢ ᠣᠯᠭᠣᠨ᠎ᠠ᠃ ᠲᠡᠵᠢᠭᠡᠯ ᠡᠪᠡᠰᠦ᠎ᠶ᠋ᠢ ᠨᠥᠭᠡᠴᠡᠯᠡᠵᠦ᠍ ᠱᠢᠯᠵᠢᠭᠦᠯᠦᠨ ᠲᠡᠭᠡᠭᠡᠪᠦᠷᠢᠯᠡᠬᠦ᠌᠎ᠶ᠋ᠢ ᠦᠷᠨᠢᠬᠦᠯᠬᠦ ᠵᠢ ᠳᠡᠮᠵᠢᠵᠦ᠍᠂ ᠵᠢᠯ ᠪᠦᠷᠢ᠎ᠶ᠋ᠢᠨ ᠡᠪᠦᠯᠵᠢᠬᠦ᠌ ᠬᠠᠪᠤᠷ᠎ᠤᠨ ᠲᠡᠵᠢᠭᠡᠯ ᠡᠪᠡᠰᠦ᠎ᠶ᠋ᠢ 1000 ᠲᠦᠮᠡᠨ ᠲᠣᠨ᠎ᠡᠴᠡ ᠳᠡᠭᠡᠭ᠌ᠰᠢ ᠨᠥᠭᠡᠴᠡᠯᠡᠬᠦ᠌᠎ᠶ᠋ᠢ ᠪᠠᠲᠤᠯᠠᠨ᠎ᠠ᠃
ᠶᠢᠰᠦ᠂ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠎ᠡ
(ᠬᠣᠷᠢᠨ ᠨᠢᠭᠡ) ᠪᠦᠬᠦ᠌ ᠤᠯᠤᠰ᠎ᠤᠨ ᠬᠦᠢᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠦᠢᠯᠡᠳᠪᠦᠷᠢᠯᠡᠯ᠎ᠦᠨ ᠰᠠᠭᠤᠷᠢᠨ᠎ᠢ ᠪᠠᠢᠭᠤᠯᠤᠨ᠎ᠠ᠃ ᠳᠤᠮᠳᠠ ᠳᠡᠭᠡᠳᠦ ᠲᠠᠰ᠎ᠤᠨ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠭᠤᠯᠤᠨ᠂ 《ᠥᠪᠥᠷ ᠮᠣᠩᠭᠣᠯ᠎ᠤᠨ ᠰᠠᠭᠤᠷᠢᠨ + ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ》᠎ᠤ᠋ᠨ ᠱᠢᠭᠤᠳ ᠬᠤᠷᠢᠶᠠᠵᠦ ᠱᠢᠭᠤᠳ ᠪᠣᠷᠣᠯᠠᠭᠤᠯᠬᠤ᠎ᠶ᠋ᠢ ᠬᠥᠭ᠌ᠵᠢᠭᠦᠯᠵᠦ᠍᠂ ᠲᠠᠷᠢᠮᠠᠯ᠎ᠤᠨ ᠰᠠᠭᠤᠷᠢᠨ᠎ᠤ᠋ ᠣᠷᠣᠨ᠎ᠤ ᠭᠠᠳᠠᠨᠠᠬᠢ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠂ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠲᠠᠯᠠᠪᠠᠢ ᠬᠠᠮ ᠳᠡᠯᠭᠡᠭᠦᠷ ᠵᠡᠷᠭᠡ᠎ᠶ᠋ᠢ ᠵᠤᠯᠭᠠᠭᠤᠯᠤᠨ ᠵᠠᠬᠢᠶᠠᠯᠠᠭ᠎ᠠ᠎ᠪᠠᠷ ᠳᠠᠷᠢᠬᠤ᠎ᠶ᠋ᠢ ᠳᠡᠮᠵᠢᠵᠦ᠍᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠵᠡᠷᠭᠡᠳ᠋ᠦ ᠪᠣᠷᠣᠯᠠᠭᠤᠯᠬᠤ ᠵᠠᠬ᠎ᠠ ᠳᠡᠯᠭᠡᠭᠦᠷ᠎ᠢ ᠥᠷᠭᠡᠳᠭᠡᠨ᠎ᠡ᠃ ᠲᠦᠬᠦᠭᠡᠷᠦᠮᠵᠢᠲᠦ ᠬᠠᠰᠢᠶ᠎ᠠ ᠰᠠᠷᠠᠪᠴᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠨᠡᠷᠡᠨ ᠭᠡᠷᠡᠯ᠎ᠦᠨ ᠬᠦᠯᠡᠮᠵᠢ᠂ ᠭᠠᠳᠠᠷ ᠳᠤᠯᠠᠭᠠᠯᠠᠮᠵᠢ᠎ᠵᠢᠨ ᠬᠥᠪᠥᠩ ᠬᠥᠨᠵᠢᠯᠡ᠎ᠶ᠋ᠢᠨ ᠲᠣᠮᠣ ᠰᠠᠷᠠᠪᠴᠢ᠂ ᠬᠦᠢᠲᠡᠨ ᠰᠠᠷᠠᠪᠴᠢ ᠵᠢ ᠱᠢᠨ᠎ᠡ᠎ᠪᠡᠷ ᠪᠠᠢᠭᠤᠯᠬᠤ᠎ᠶ᠋ᠢ ᠳᠠᠮᠵᠢᠵᠤ᠂ ᠬᠠᠭᠤᠴᠢᠨ ᠲᠦᠬᠦᠭᠡᠷᠦᠮᠵᠢ᠎ᠶ᠋ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠢᠳᠡᠱᠢᠨ ᠨᠣᠭᠣᠭ᠎ᠠ ᠬᠠᠩᠭᠠᠬᠤ ᠦᠶᠡᠯᠡᠯ᠎ᠦᠨ ᠬᠤᠭᠤᠴᠠᠭ᠎ᠠ᠎ᠶ᠋ᠢ ᠤᠷᠲᠤᠳᠭᠠᠨ᠎ᠠ᠃ 2030 ᠣᠨ ᠪᠣᠯᠬᠤ᠎ᠳᠤ ᠪᠥᠬᠥ᠌ ᠣᠷᠣᠨ᠎ᠤ ᠬᠦᠶ᠋ᠲᠡᠨ ᠰᠡᠷᠢᠭᠦᠨ ᠢᠳᠡᠱᠢᠨ ᠨᠣᠭᠣᠭ᠎ᠠ ᠦᠶ᠋ᠯᠡᠳᠪᠦᠷᠢᠯᠡᠬᠦ᠌ ᠲᠠᠯᠠᠪᠠᠶ᠎ᠶ᠋ᠢ 350 ᠲᠦᠮᠡᠨ ᠮᠤ᠌᠎ᠳᠦ ᠬᠦᠷᠭᠡᠵᠦ ᠵᠢᠯ᠎ᠳᠦ 1000 ᠲᠦᠮᠡᠨ ᠲᠣᠨ᠎ᠡᠴᠡ ᠳᠡᠭᠡᠭ᠌ᠰᠢ ᠪᠣᠬᠢᠷᠲᠤᠯ ᠥᠬᠡᠶ ᠴᠢᠨᠠᠷ ᠰᠠᠢᠲᠠᠶ ᠢᠳᠡᠱᠢᠨ ᠨᠣᠭᠣᠭ᠎ᠠ ᠦᠶ᠋ᠯᠡᠳᠪᠦᠷᠢᠯᠡᠨ᠎ᠡ᠃
(ᠬᠣᠷᠢᠨ ᠬᠣᠶᠠᠷ) ᠭᠠᠷᠤᠯᠲᠠ᠎ᠶ᠋ᠢᠨ ᠭᠠᠵᠠᠷ᠎ᠤᠨ ᠢᠵᠢ ᠪᠥᠷᠢᠳᠦᠭᠦᠯᠬᠦ᠌ ᠦᠶ᠋ᠯᠡᠴᠢᠯᠡᠭᠡ᠎ᠶ᠋ᠢ ᠲᠡᠭᠦᠯᠳᠡᠷᠵᠢᠭᠦᠯᠦᠨ᠎ᠡ᠃ ᠣᠶᠤᠨᠴᠢᠯᠠᠭ᠍ᠰᠠᠨ ᠡᠷᠴᠢᠮᠵᠢᠭᠦᠯᠦᠭ᠌ᠰᠡᠨ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢᠨ ᠴᠢᠬᠢ ᠪᠣᠢᠵᠢᠭᠤᠯᠬᠤ ᠲᠥᠪ᠎ᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠬᠤ᠎ᠶ᠋ᠢ ᠳᠡᠮᠵᠢᠵᠦ᠍᠂ ᠵᠢᠯ᠎ᠳᠦ 5 ᠳ᠋ᠦᠩᠱᠢᠭᠤᠷ ᠰᠠᠭᠤᠷᠢ᠎ᠡᠴᠡ ᠳᠡᠭᠡᠭ᠌ᠰᠢ ᠦᠷᠡᠵᠢᠨ ᠴᠢᠬᠢ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ 2030 ᠣᠨ ᠪᠣᠯᠬᠤ᠎ᠳᠤ ᠴᠢᠨᠠᠷ ᠰᠠᠢᠲᠠᠶ ᠦᠷᠡᠵᠢᠨ ᠴᠢᠬᠢ᠎ᠶ᠋ᠢᠨ ᠥᠪᠡᠷ᠎ᠢ᠎ᠪᠡᠨ ᠬᠠᠩᠭᠠᠬᠤ ᠨᠣᠷᠮ᠎ᠠ᠎ᠶ᠋ᠢ 75% ᠳ᠋ᠤ ᠬᠦᠷᠭᠡᠨ᠎ᠡ᠃ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠎ᠶ᠋ᠢ ᠬᠦᠶ᠋ᠲᠡᠨ᠎ᠢᠶᠡᠷ ᠬᠠᠳᠠᠭᠠᠯᠠᠵᠤ ᠱᠢᠨ᠎ᠡ ᠰᠣᠷᠭᠣᠭ ᠪᠠᠢᠯᠭᠠᠬᠤ᠂ ᠴᠡᠪᠡᠷᠯᠡᠨ ᠰᠣᠩᠭᠣᠵᠤ ᠲᠠᠰ ᠬᠤᠪᠢᠶᠠᠬᠤ᠂ ᠢᠯᠭᠠᠨ ᠪᠣᠭᠣᠳᠠᠯᠯᠠᠬᠤ ᠵᠡᠷᠭᠡ ᠢᠵᠢ ᠪᠥᠷᠢᠳᠦᠭᠦᠯᠬᠦ᠌ ᠦᠶ᠋ᠯᠡᠴᠢᠯᠡᠭᠡᠨ᠎ᠦ ᠲᠦᠬᠦᠭᠡᠷᠦᠮᠵᠢ ᠪᠠᠢᠭᠤᠯᠬᠤ᠎ᠶ᠋ᠢ ᠳᠡᠮᠵᠢᠵᠦ᠍᠂ ᠭᠠᠷᠤᠯᠲᠠ᠎ᠶ᠋ᠢᠨ ᠣᠷᠣᠨ᠎ᠤ ᠲᠠᠸᠠᠷᠴᠢᠯᠠᠨ ᠱᠢᠶ᠋ᠳᠪᠦᠷᠢᠯᠡᠬᠦ᠌ ᠲᠦᠪᠰᠢᠨ᠎ᠢ ᠳᠡᠭᠡᠭ᠌ᠰᠢᠯᠡᠭᠦᠯᠦᠨ᠎ᠡ᠃
ᠠᠷᠪᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠶ ᠡᠳ᠋ᠱᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠎ᠡ
(ᠬᠣᠷᠢᠨ ᠭᠤᠷᠪᠠ) ᠡᠳ᠋ᠱᠢᠭᠦᠯᠬᠦ᠌ ᠠᠵᠤ ᠠᠬᠤᠢᠯᠠᠯ᠎ᠢ ᠬᠥᠲᠥᠯᠥᠨ ᠪᠣᠢᠵᠢᠭᠤᠯᠵᠤ ᠪᠤᠵᠠᠭᠠᠢᠷᠠᠭᠤᠯᠤᠨ᠎ᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠡᠳ᠋ᠱᠢᠭᠦᠯᠬᠦ᠌ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠳᠡᠮᠵᠢᠵᠦ᠍᠂ ᠬᠡᠪᠴᠢᠶᠡᠵᠢᠭ᠌ᠰᠡᠨ ᠦᠷ᠎ᠡ ᠠᠱᠢᠭ᠎ᠲᠠᠶ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠢ ᠶᠡᠬᠡ ᠪᠡᠷ ᠬᠥᠲᠥᠯᠥᠨ ᠵᠢᠯᠣᠭᠣᠳᠴᠤ᠌ ᠪᠣᠢᠵᠢᠭᠤᠯᠤᠨ᠎ᠠ᠃ ᠠᠵᠤ ᠠᠬᠤᠢᠯᠠᠯ᠎ᠤᠨ ᠤᠯᠤᠰ᠎ᠤᠨ ᠲᠠᠰ᠎ᠤᠨ ᠲᠠᠷᠢᠶᠠᠯᠠᠩ᠎ᠤᠨ ᠠᠵᠤ ᠦᠢᠯᠡᠰᠵᠢᠭ᠌ᠰᠡᠨ ᠭᠤᠤᠯᠳᠠᠯᠭ᠎ᠠ᠎ᠲᠠᠶ ᠳᠠᠭᠠᠭᠤᠯᠤᠭᠴᠢ ᠠᠵᠤ ᠠᠬᠤᠢᠯᠠᠯ ᠵᠢᠡᠷ ᠭᠤᠶᠤᠴᠢᠯᠠᠨ ᠮᠡᠳᠡᠭᠦᠯᠵᠦ᠍ ᠮᠠᠭᠠᠳᠯᠠᠨ ᠲᠣᠭ᠍ᠲᠠᠭᠠᠯᠭᠠᠬᠤ᠎ᠶ᠋ᠢ ᠵᠣᠷᠢᠭ᠍ᠵᠢᠭᠤᠯᠤᠨ᠎ᠠ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠡᠳ᠋ᠱᠢᠭᠦᠯᠬᠦ᠌ ᠠᠵᠢᠯ ᠲᠥᠷᠥᠯ᠎ᠦᠨ ᠳᠠᠮ ᠬᠦᠦ᠍ ᠲᠠᠢ ᠵᠢᠭᠡᠯᠡᠯᠭᠡ᠎ᠪᠡᠷ ᠳᠡᠮᠵᠢᠬᠦ᠌ ᠡᠷᠴᠢᠮ᠎ᠢ ᠨᠡᠮᠡᠭ᠌ᠳᠡᠭᠦᠯᠦᠨ᠎ᠡ᠃ 2030 ᠣᠨ ᠪᠣᠯᠬᠤ᠎ᠳᠤ ᠨᠢᠭᠡ ᠪᠦᠯᠦᠭ ᠵᠢᠯ᠎ᠦᠨ ᠪᠣᠷᠣᠯᠠᠭᠤᠯᠤᠯᠲᠠ᠎ᠶ᠋ᠢᠨ ᠣᠷᠣᠯᠭ᠎ᠠ ᠨᠢ ᠮᠢᠩᠭᠠᠨ ᠳ᠋ᠦᠩᠱᠢᠭᠤᠷ᠂ ᠵᠠᠭᠤᠨ ᠳ᠋ᠦᠩᠱᠢᠭᠤᠷ᠂ ᠠᠷᠪᠠᠨ ᠳ᠋ᠦᠩᠱᠢᠭᠤᠷ᠎ᠤᠨ ᠠᠵᠤ ᠠᠬᠤᠢᠯᠠᠯ᠎ᠢ ᠱᠢᠨ᠎ᠡ᠎ᠪᠡᠷ ᠪᠣᠢᠵᠢᠭᠤᠯᠬᠤ᠎ᠪᠠᠷ ᠴᠢᠷᠮᠠᠢᠨ᠎ᠠ᠃
(ᠬᠣᠷᠢᠨ ᠳᠥᠷᠪᠡ) ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠨ᠎ᠠ᠃ ᠪᠡᠯᠡᠨ ᠢᠳᠡᠭᠡᠨ᠂ ᠰᠤᠯᠠ ᠢᠳᠡᠭᠡᠨ᠂ ᠳᠥᠭᠥᠮ ᠢᠳᠡᠭᠡᠨ᠂ ᠴᠢᠳᠠᠮᠵᠢᠲᠤ ᠢᠳᠡᠭᠡᠨ᠂ ᠡᠩᠬᠦᠷᠡᠶ ᠠᠮᠢᠲᠠᠨ᠎ᠤ ᠢᠳᠡᠭᠡᠨ ᠵᠡᠷᠭᠡ᠎ᠶ᠋ᠢ ᠨᠠᠷᠢᠯᠢᠭ ᠭᠦᠨᠵᠡᠭᠡᠶ ᠡᠳ᠋ᠱᠢᠭᠦᠯᠬᠦ᠌᠎ᠶ᠋ᠢ ᠶᠡᠬᠡ ᠪᠡᠷ ᠬᠥᠭ᠌ᠵᠢᠭᠦᠯᠵᠦ᠍᠂ ᠠᠵᠤ ᠠᠬᠤᠢᠯᠠᠯ᠎ᠤᠨ ᠮᠡᠷᠭᠡᠵᠢᠯ᠎ᠦᠨ ᠥᠭᠡᠷᠡᠴᠢᠯᠡᠯᠲᠡ᠂ ᠲᠣᠨᠣᠭ ᠲᠥᠬᠥᠭᠡᠷᠦᠮᠵᠢ᠎ᠶ᠋ᠢ ᠳᠡᠰ ᠳᠡᠪᠱᠢᠭᠦᠯᠬᠦ᠌᠂ ᠦᠢᠯᠡᠳᠪᠦᠷᠢᠯᠡᠬᠦ᠌ ᠴᠢᠳᠠᠪᠤᠷᠢ᠎ᠶ᠋ᠢ ᠨᠡᠢᠳᠭᠡᠬᠦ ᠵᠡᠷᠭᠡ᠎ᠶ᠋ᠢ ᠳᠡᠮᠵᠢᠨ᠎ᠡ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠲᠤᠰᠠᠯᠠᠬᠤ ᠪᠦᠲᠦᠭᠡᠭ᠌ᠳᠡᠬᠦᠨ᠎ᠦ ᠶᠡᠷᠦᠩᠬᠡᠢᠯᠡᠭ᠌ᠰᠡᠨ ᠠᠱᠢᠭ᠍ᠯᠠᠯᠲᠠ᠎ᠶ᠋ᠢ ᠠᠬᠢᠭᠤᠯᠤᠨ᠎ᠠ᠃ 《ᠨᠤᠲᠤᠭ᠎ᠤᠨ ᠣᠨᠴᠠ ᠭᠠᠷᠤᠯᠲᠠ》 ᠵᠢᠨ ᠠᠵᠢᠯ᠎ᠢ ᠰᠠᠢᠲᠤᠷ ᠬᠢᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ 《ᠪᠠᠭ᠎ᠠ ᠡᠭᠦᠯᠳᠡᠷ᠂ ᠲᠤᠮᠤ ᠠᠵᠤ ᠦᠢᠯᠡᠰ》 ᠢ᠋ ᠬᠥᠭ᠌ᠵᠢᠭᠦᠯᠦᠨ᠎ᠡ᠃
(ᠬᠣᠷᠢᠨ ᠲᠠᠪᠤ) ᠤᠳᠤ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠤᠯᠤᠰ᠎ᠤᠨ ᠳᠠᠪᠠᠭᠤᠯᠢᠭᠲᠦ ᠣᠨᠴᠠᠯᠢᠭ᠍ᠲᠤ ᠠᠵᠤ ᠦᠢᠯᠡᠰ᠎ᠦᠨ ᠪᠦᠯᠦᠭᠵᠢᠯ ᠪᠣᠯᠤᠨ ᠣᠳᠣ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠢ ᠲᠦᠷᠭᠡᠳᠭᠡᠨ ᠪᠠᠢᠭᠤᠯᠵᠤ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠶ ᠡᠳ᠋ᠱᠢᠭᠦᠯᠬᠦ᠌ ᠠᠵᠤ ᠠᠬᠤᠢᠯᠠᠯ᠎ᠢ ᠬᠦᠷᠢᠶᠡᠯᠡᠩ ᠲᠣᠭᠣᠷᠢᠭ ᠲᠡᠢᠰᠢ ᠲᠥᠪᠯᠡᠷᠡᠭᠦᠯᠦᠨ᠎ᠡ᠃ ᠮᠠᠯ ᠠᠵᠤ ᠠᠬᠤᠢ ᠲᠠᠷᠢᠶᠠᠯᠠᠩ᠎ᠤᠨ ᠠᠵᠤ ᠦᠶ᠋ᠯᠡᠰ᠎ᠦᠨ ᠬᠦᠴᠦᠷᠬᠡᠭ ᠪᠠᠯᠭᠠᠰᠤ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠲᠦᠭᠦᠬᠡᠶ ᠮᠠᠲ᠋ᠧᠷᠢᠶᠠᠯ᠎ᠤᠨ ᠰᠠᠭᠤᠷᠢᠨ᠂ ᠬᠥᠮᠥᠷᠭᠡᠯᠡᠨ ᠬᠠᠳᠠᠭᠠᠯᠠᠵᠤ ᠱᠢᠨ᠎ᠡ ᠰᠣᠷᠭᠣᠭ ᠪᠠᠢᠯᠭᠠᠬᠤ᠂ ᠡᠳ᠋ᠱᠢᠭᠦᠯᠵᠦ᠍ ᠡᠵᠡᠩᠨᠡᠨ ᠪᠣᠷᠣᠯᠠᠭᠤᠯᠬᠤ ᠵᠡᠷᠭᠡ ᠳᠤᠲᠠᠭᠤᠳᠠᠯ᠎ᠢ ᠨᠥᠬᠥᠪᠥᠷᠢᠯᠡᠨ᠂ ᠪᠠᠯᠭᠠᠰᠤ᠎ᠶ᠋ᠢᠨ ᠣᠷᠣᠨ ᠪᠦᠰᠡ᠎ᠶ᠋ᠢᠨ ᠭᠤᠤᠯᠯᠠᠬᠤ ᠠᠵᠤ ᠦᠶ᠋ᠯᠡᠰ᠎ᠦᠨ ᠥᠷᠢᠰᠥᠯᠳᠦᠬᠦ᠌ ᠬᠦᠴᠦᠨ ᠪᠠ ᠲᠠᠷᠢᠶᠠᠯᠠᠬᠤ ᠡᠷᠦᠬᠡ ᠲᠠᠢ ᠬᠣᠯᠪᠣᠭᠠᠯᠠᠨ ᠲᠠᠷᠢᠶᠠᠴᠢᠨ᠎ᠢ ᠳᠠᠢᠴᠢᠯᠠᠬᠤ ᠲᠦᠪᠱᠢᠨ᠎ᠢ ᠳᠡᠭᠡᠭ᠌ᠰᠢᠯᠡᠭᠦᠯᠦᠨ᠎ᠡ᠃
ᠠᠷᠪᠠᠨ ᠨᠢᠭᠡ᠂ ᠲᠥᠷᠥᠯ ᠲᠡᠮᠳᠡᠭ᠌᠎ᠢ ᠪᠣᠢᠵᠢᠭᠤᠯᠬᠤ ᠪᠠ ᠠᠷᠠᠯᠵᠢᠶᠠᠯᠠᠬᠤ ᠲᠠᠪᠴᠠᠩ᠎ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ
(ᠬᠣᠷᠢᠨ ᠵᠢᠷᠭᠤᠭ᠎ᠠ) ᠥᠪᠥᠷ ᠮᠣᠩᠭᠣᠯ᠎ᠤᠨ ᠲᠥᠷᠥᠯ ᠲᠡᠮᠳᠡᠭ᠌᠎ᠢ ᠬᠦᠴᠦᠷᠬᠡᠭ᠌ᠵᠢᠭᠦᠯᠦᠨ᠎ᠡ᠃ 《ᠥᠪᠥᠷ ᠮᠣᠩᠭᠣᠯ》 ᠦᠰᠦᠭ᠌ᠲᠦ ᠲᠡᠮᠳᠡᠭ᠎ᠢ ᠭᠡᠷᠡᠴᠢᠯᠡᠵᠦ᠍ ᠳᠡᠯᠭᠡᠷᠡᠭᠦᠯᠬᠦ᠌᠎ᠶ᠋ᠢ ᠴᠢᠩᠭᠠᠷᠠᠭᠤᠯᠤᠨ᠂ ᠪᠣᠬᠢᠷᠲᠤᠯ ᠦᠭᠡᠶ ᠣᠷᠭᠠᠨᠢᠭ ᠲᠥᠷᠥᠯ ᠲᠡᠮᠳᠡᠭ᠌᠎ᠢ ᠪᠣᠶ ᠪᠣᠯᠭᠠᠵᠤ᠂ 《ᠥᠪᠥᠷ ᠮᠣᠩᠭᠣᠯ᠎ᠤᠨ ᠦᠬᠡᠷ᠎ᠦᠨ ᠮᠢᠬ᠎ᠠ》᠂ 《ᠥᠪᠥᠷ ᠮᠣᠩᠭᠣᠯ᠎ᠤᠨ ᠬᠣᠨᠢᠨ ᠮᠢᠬ᠎ᠠ》᠂ 《ᠥᠪᠥᠷ ᠮᠣᠩᠭᠣᠯ᠎ᠤᠨ ᠪᠢᠱᠢᠯᠠᠭ》᠂ 《ᠥᠪᠥᠷ ᠮᠣᠩᠭᠣᠯ᠎ᠤᠨ ᠢᠳᠡᠱᠢᠨ ᠨᠣᠭᠣᠭ᠎ᠠ》᠂ 《ᠥᠪᠥᠷ ᠮᠣᠩᠭᠣᠯ᠎ᠤᠨ ᠡᠯᠳᠡᠪ ᠠᠮᠤ》 ᠵᠡᠷᠭᠡ 5 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌᠎ᠢ ᠬᠦᠴᠦᠷᠬᠡᠭ᠌ᠵᠢᠭᠦᠯᠦᠨ᠎ᠡ᠃ ᠠᠵᠤ ᠠᠬᠤᠢᠯᠠᠯ᠎ᠢ ᠬᠥᠲᠥᠯᠥᠨ ᠵᠢᠯᠣᠭᠣᠳᠴᠤ᠌ ᠲᠦᠷᠦᠯ ᠲᠡᠮᠳᠡᠭ᠌᠎ᠢ ᠱᠢᠯᠢᠳᠡᠭ᠌ᠵᠢᠭᠦᠯᠦᠨ᠂ ᠪᠦᠬᠦ᠌ ᠪᠥᠮᠪᠥᠷᠴᠡᠭ᠎ᠲᠦ ᠨᠥᠯᠥᠭᠡᠯᠡᠬᠦ᠌ ᠬᠦᠴᠦᠨ᠎ᠲᠡᠶ ᠲᠦᠷᠦᠯ ᠲᠡᠮᠳᠡᠭ᠌᠎ᠢ ᠳᠠᠬᠢᠨ 3 ᠡᠴᠡ 5 ᠶ᠋ᠢ ᠪᠣᠢᠵᠢᠭᠤᠯᠬᠤ᠎ᠪᠠᠷ ᠴᠢᠷᠮᠠᠢᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ᠎ᠵᠢ ᠨᠢᠭᠡ ᠴᠣᠭ᠍ᠴᠠᠵᠢᠭᠤᠯᠤᠨ ᠬᠢᠨᠠᠨ ᠬᠡᠮᠵᠢᠬᠦ ᠪᠠ ᠵᠠᠭᠠᠯᠳᠤᠵᠤ ᠢᠯᠡᠴᠢᠯᠡᠨ ᠮᠡᠳᠡᠭᠦᠯᠬᠦ᠌ ᠲᠣᠭ᠍ᠲᠠᠴᠠ᠎ᠶ᠋ᠢ ᠪᠠᠢᠭᠤᠯᠤᠨ᠂ ᠲᠦᠷᠦᠯ ᠲᠡᠮᠳᠡᠭ᠌᠎ᠤᠨ ᠤᠯᠠᠨ᠎ᠢ ᠢᠲᠡᠭᠡᠭᠦᠯᠬᠦ᠌ ᠬᠦᠴᠦᠨ᠎ᠢ ᠬᠣᠬᠢᠷᠠᠭᠤᠯᠬᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠭᠦᠨ᠎ᠡ᠃
(ᠬᠣᠷᠢᠨ ᠳᠣᠯᠣᠭ᠎ᠠ) ᠪᠤᠳᠠᠳᠤ ᠴᠤᠭᠴᠠᠵᠢᠨ ᠵᠠᠬ᠎ᠠ ᠳᠡᠯᠭᠡᠭᠦᠷ᠎ᠦᠨ ᠠᠷᠭ᠎ᠠ ᠵᠠᠮ᠎ᠢ ᠥᠷᠭᠡᠳᠭᠡᠨ᠎ᠡ᠃ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠦᠢᠯᠡᠳᠪᠦᠷᠢᠯᠡᠬᠦ᠌ ᠠᠵᠤ ᠠᠬᠤᠢᠯᠠᠯ᠎ᠤᠨ ᠱᠧᠨᠵᠧᠨ᠎ᠦ ᠬᠠᠶ ᠵᠢᠶ ᠱᠢᠩ᠂ ᠱᠠᠩᠬᠠᠶ᠎ᠶ᠋ᠢᠨ ᠵᠢᠶᠠᠩ ᠴᠢᠶᠣᠤ᠂ ᠪᠡᠭᠡᠵᠢᠩ᠎ᠦᠨ ᠱᠢᠨ ᠹᠠ ᠳ᠋ᠢ ᠵᠡᠷᠭᠡ ᠲᠠᠷᠢᠶᠠᠯᠠᠩᠠᠷᠠᠯᠵᠢᠶᠠᠨᠤ ᠵᠠᠬ᠎ᠠ ᠳᠡᠯᠭᠡᠭᠦᠷ᠎ᠲᠦ ᠨᠢᠭᠡᠳᠦᠯᠲᠡᠶ ᠪᠠᠷᠢᠮᠵᠢᠶᠠᠲᠤ ᠪᠣᠷᠣᠯᠠᠭᠤᠯᠭ᠎ᠠ᠎ᠶ᠋ᠢᠨ ᠳᠡᠯᠭᠡᠬᠦᠷ ᠪᠠᠢᠭᠤᠯᠵᠤ᠂ ᠦᠵᠦᠭᠦᠷᠯᠢᠭ᠎ᠦᠨ ᠪᠣᠷᠣᠯᠠᠭᠤᠯᠭ᠎ᠠ᠎ᠶ᠋ᠢᠨ ᠲᠣᠣᠷ᠎ᠤᠨ ᠨᠥᠯᠥᠭᠡᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠭᠣᠣᠯ ᠪᠣᠷᠣᠯᠠᠭᠤᠯᠭ᠎ᠠ᠎ᠶ᠋ᠢᠨ ᠭᠠᠵᠠᠷ᠎ᠢ ᠬᠠᠮᠤᠷᠤᠭ᠍ᠰᠠᠨ ᠪᠣᠷᠣᠯᠠᠭᠤᠯᠭ᠎ᠠ᠎ᠶ᠋ᠢᠨ ᠲᠣᠣᠷ᠎ᠢ ᠠᠯᠬᠤᠮ ᠠᠯᠬᠤᠮ᠎ᠢᠶᠠᠷ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠭᠤᠸᠠᠩᠳᠦ᠋ᠩ ᠥᠪᠥᠷ ᠮᠣᠩᠭᠣᠯ᠎ᠤᠨ ᠬᠠᠮᠲᠤᠷᠠᠯᠴᠠᠭ᠎ᠠ ᠵᠡᠷᠭᠡ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠥᠬᠥ᠌ ᠤᠯᠤᠰ᠎ᠤᠨ ᠭᠤᠤᠯ ᠬᠡᠷᠡᠭ᠌ᠯᠡᠭᠡᠨ᠎ᠦ ᠭᠠᠵᠠᠷ᠎ᠲᠤ ᠣᠷᠣᠬᠤ᠎ᠶ᠋ᠢ ᠠᠬᠢᠭᠤᠯᠤᠨ᠎ᠠ᠃ ᠭᠠᠳᠠᠭᠠᠳᠤ᠎ᠳᠠᠬᠢ ᠵᠠᠬ᠎ᠠ ᠳᠡᠯᠭᠡᠭᠦᠷ᠎ᠢ ᠢᠳᠡᠪᠬᠢᠲᠡᠢ᠎ᠪᠡᠷ ᠥᠷᠭᠡᠳᠭᠡᠨ᠎ᠡ᠃ ᠣᠷᠣᠨ᠎ᠤ ᠭᠠᠳᠠᠨᠠᠬᠢ ᠤᠷᠢᠳᠠᠴᠢ ᠬᠥᠮᠥᠷᠭᠡ᠂ ᠣᠷᠣᠨ᠎ᠤ ᠳᠣᠲᠣᠷᠠᠬᠢ ᠲᠥᠪᠯᠡᠷᠡᠩᠭᠦᠶ ᠬᠥᠮᠥᠷᠭᠡ᠎ᠶ᠋ᠢ ᠲᠦᠷᠭᠡᠳᠭᠡᠨ ᠪᠠᠢᠷᠢᠱᠢᠭᠤᠯᠵᠤ᠂ ᠪᠠᠷᠠᠭᠠᠨ᠎ᠤ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠤᠨ᠂ ᠳᠣᠭᠢᠷᠠᠭᠤᠯᠤᠨ ᠬᠦᠷᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠲᠠᠷᠢᠶᠠᠯᠠᠩ᠎ᠤᠨ ᠰᠣᠶᠣᠯ ᠵᠢᠭᠤᠯᠴᠢᠯᠠᠯ᠎ᠤᠨ ᠪᠦᠲᠦᠭᠡᠯᠴᠢ ᠲᠠᠸᠠᠷ᠎ᠢ ᠢᠳᠡᠪᠬᠢᠲᠡᠶ ᠨᠡᠭᠡᠭᠡᠨ ᠬᠥᠭ᠌ᠵᠢᠭᠦᠯᠵᠦ᠍᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠢᠭᠤᠯᠴᠢᠯᠠᠯ᠎ᠤᠨ ᠦᠵᠡᠮᠵᠢ᠎ᠶ᠋ᠢᠨ ᠭᠠᠵᠠᠷ᠎ᠲᠤ ᠣᠷᠣᠬᠤ᠎ᠶ᠋ᠢ ᠳᠡᠮᠵᠢᠨ᠎ᠡ᠃
(ᠬᠣᠷᠢᠨ ᠨᠠᠶ᠋ᠮᠠ) ᠦᠬᠡᠷ ᠬᠣᠨᠢᠨ᠎ᠤ ᠠᠷᠠᠯᠵᠢᠶᠠᠨ᠎ᠤ ᠲᠥᠪ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ᠃ ᠥᠪᠥᠷ ᠮᠣᠩᠭᠣᠯ᠎ᠤᠨ ᠦᠬᠡᠷ ᠬᠣᠨᠢᠨ᠎ᠤ ᠠᠷᠠᠯᠵᠢᠶᠠᠨ᠎ᠤ ᠲᠥᠪ᠎ᠢ ᠥᠨᠳᠥᠷ ᠪᠠᠷᠢᠮᠵᠢᠶ᠎ᠠ᠎ᠪᠠᠷ ᠪᠠᠢᠭᠤᠯᠵᠤ᠂ ᠲᠥᠮᠥᠰᠥ᠍᠂ ᠢᠮᠠᠭᠠᠨ ᠨᠣᠤᠯᠤᠭ᠋ᠤᠷ ᠵᠡᠷᠭᠡ ᠳᠠᠪᠠᠭᠤᠯᠢᠭ ᠦᠶ᠋ᠯᠡᠳᠬᠦᠨ᠎ᠢ ᠣᠷᠣᠭᠤᠯᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠᠵᠢᠨ ᠠᠷᠠᠯᠵᠢᠶᠠᠯᠠᠬᠤ ᠬᠡᠪᠴᠢᠶ᠎ᠡ᠎ᠶ᠋ᠢ ᠥᠷᠭᠡᠳᠭᠡᠨ᠎ᠡ᠃ ᠭᠤᠤᠯ ᠡᠵᠡᠩᠨᠡᠯᠲᠡ᠎ᠶ᠋ᠢᠨ ᠦᠶ᠋ᠯᠡᠳᠬᠦᠨ᠎ᠦ ᠲᠣᠭ᠎ᠠ ᠪᠠᠷᠢᠮᠲᠠ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠦᠶ᠋ᠯᠡᠳᠬᠦᠨ᠎ᠦ ᠦᠶ᠋ᠯᠡᠳᠪᠦᠷᠢᠯᠡᠯ᠎ᠦᠨ ᠶᠠᠪᠤᠴᠠ᠎ᠳᠠᠬᠢ ᠶᠠᠰᠤ ᠴᠢᠨᠠᠷ᠎ᠢ ᠡᠵᠡᠮᠳᠡᠵᠦ᠍ ᠳᠡᠢᠯᠬᠦ᠌᠂ ᠠᠷᠠᠯᠵᠢᠶᠠᠨ᠎ᠤ ᠲᠣᠭ᠎ᠠ ᠪᠠᠷᠢᠮᠲᠠ᠎ᠶ᠋ᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠢᠬᠤ᠎ᠶ᠋ᠢ ᠠᠬᠢᠭᠤᠯᠤᠨ᠎ᠠ᠃
ᠠᠷᠪᠠᠨ ᠬᠣᠶᠠᠷ᠂ ᠪᠠᠲᠤᠯᠠᠭ᠎ᠠ᠎ᠶ᠋ᠢᠨ ᠠᠷᠭ᠎ᠠ ᠬᠡᠮᠵᠢᠢ᠎ᠡ
ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠵᠣᠬᠢᠶᠠᠨ ᠪᠠᠢᠭᠤᠯᠵᠦ ᠤᠳᠤᠷᠢᠳᠬᠤ᠎ᠪᠠᠨ ᠴᠢᠩᠭᠠᠳᠭᠠᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠱᠢᠶ᠋ᠳᠪᠦᠷᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠨᠠᠷᠢᠯᠢᠭᠵᠢᠭᠤᠯᠤᠭᠰᠠᠨ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠢᠴᠢᠭ ᠮᠠᠲᠧᠷᠢᠶᠠᠯ ᠲᠣᠭ᠍ᠲᠠᠭᠠᠬᠤ ᠬᠡᠷᠡᠭ᠌ᠲᠡᠶ᠃ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠮᠠᠯ ᠠᠵᠤ ᠠᠬᠤᠶ᠎ᠲᠠᠷᠢᠶᠠᠯᠠᠩ᠎ᠤᠨ ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢ ᠡᠩ ᠲᠡᠷᠢᠭᠦᠨ᠎ᠳᠦ ᠪᠠᠲᠤᠯᠠᠵᠤ᠂ ᠡᠳ᠋᠎ᠦᠨ ᠵᠠᠰᠠᠭ ᠬᠢᠭᠡᠳ ᠮᠥᠩᠭᠥᠨ ᠭᠦᠢᠯᠭᠡᠭᠡᠨ᠎ᠦ ᠬᠠᠮᠲᠤᠷᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠥ᠌᠂ ᠪᠠᠳᠤᠯᠠᠨ ᠳᠠᠭᠠᠭᠠᠬᠤ᠂ ᠳᠠᠭᠠᠳᠭᠠᠯ᠂ ᠳᠠᠮ ᠬᠦᠦ ᠮᠥᠩᠭᠥ᠌᠂ ᠵᠢᠭᠡᠯᠡᠯᠭᠡ᠎ᠶ᠋ᠢᠨ ᠲᠡᠮᠳᠡᠭᠳᠦ ᠵᠡᠷᠭᠡ ᠵᠢᠨ ᠦᠢᠯᠡᠳᠦᠯ᠎ᠢ ᠨᠢᠭᠡᠳᠦᠯᠲᠡᠶ ᠲᠥᠯᠥᠪᠵᠢᠭᠦᠯᠦᠨ ᠪᠠᠳᠠᠷᠠᠭᠤᠯᠤᠨ᠎ᠠ᠃ ᠵᠠᠰᠠᠭ ᠪᠠᠩᠬᠢ ᠠᠵᠤ ᠠᠬᠤᠢᠯᠠᠯ᠎ᠢ ᠵᠣᠯᠭᠠᠭᠤᠯᠬᠤ ᠠᠵᠢᠯ ᠢ ᠪᠠᠢᠩᠭᠤᠵᠢᠭᠤᠯᠤᠨ ᠥᠷᠨᠢᠭᠦᠯᠵᠦ᠍᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠵᠢᠭᠡᠯᠡᠯᠭᠡ ᠲᠠᠯᠪᠢᠬᠤ ᠡᠷᠴᠢᠮ᠎ᠢ ᠴᠢᠩᠭᠠᠷᠠᠭᠤᠯᠤᠨ᠎ᠠ᠃ ᠲᠤᠲᠤᠷᠭ᠎ᠠ᠂ ᠪᠤᠭᠤᠳᠠᠢ᠂ ᠡᠷᠳᠡᠨᠢ ᠱᠢᠰᠢ ᠪᠠ ᠱᠢᠷ᠎ᠠ ᠪᠤᠷᠴᠠᠭ᠎ᠤᠨ ᠪᠦᠷᠢᠨ ᠥᠪᠡᠷ᠎ᠦᠨ ᠦᠷᠲᠡᠭ᠎ᠳᠦ ᠳᠠᠭᠠᠳᠭᠠᠯ ᠵᠢᠴᠢ ᠲᠠᠷᠢᠮᠠᠯ᠎ᠤᠨ ᠣᠷᠣᠯᠭ᠎ᠠ᠎ᠶ᠋ᠢᠨ ᠳᠠᠭᠠᠳᠭᠠᠯ᠎ᠢ ᠯᠠᠪᠳᠠᠭᠤᠨ᠎ᠢᠶᠠᠷ ᠳᠡᠯᠭᠡᠷᠡᠭᠦᠯᠵᠦ᠍᠂ ᠲᠠᠷᠢᠶᠠᠯᠠᠩ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠳᠠᠭᠠᠳᠭᠠᠯ᠎ᠤᠨ ᠪᠦᠲᠦᠭᠡᠭ᠌ᠳᠡᠬᠦᠨ᠎ᠦ ᠨᠡᠮᠡᠭ᠌ᠳᠡᠯ᠎ᠦᠨ ᠬᠡᠪᠴᠢᠶ᠎ᠡ᠎ᠶ᠋ᠢ ᠥᠷᠭᠡᠳᠭᠡᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠡᠳ᠋᠎ᠦᠨ ᠵᠠᠰᠠᠭ᠎ᠤᠨ ᠪᠡᠯᠡ ᠮᠥᠩᠭᠥ᠎ᠪᠡᠷ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠱᠢᠭᠤᠳ ᠬᠦᠷᠬᠦ᠌ ᠲᠣᠭ᠍ᠲᠠᠴᠠ᠎ᠶ᠋ᠢ ᠰᠠᠢᠲᠤᠷ ᠬᠡᠷᠡᠭ᠌ᠯᠡᠨ᠎ᠡ᠃ ᠱᠠᠯᠠᠪᠳᠠᠭᠤᠯᠤᠨ ᠪᠠᠢᠴᠠᠭᠠᠵᠤ ᠬᠢᠨᠠᠨ ᠱᠢᠯᠭᠠᠬᠤ᠎ᠪᠠᠨ ᠴᠢᠩᠭᠠᠳᠭᠠᠨ᠂ ᠠᠵᠢᠯ᠎ᠤᠨ ᠦᠷ᠎ᠡ ᠪᠦᠲᠦᠮᠵᠢ᠎ᠪᠡᠷ ᠲᠣᠪᠣᠢᠮ᠎ᠠ ᠭᠠᠵᠠᠷ ᠣᠷᠣᠨ᠎ᠳᠤ ᠳᠠᠷᠠᠭ᠎ᠠ ᠵᠢᠯ᠎ᠦᠨ ᠲᠥᠷᠥᠯ ᠵᠦᠢᠯ᠂ ᠪᠡᠯᠡ ᠮᠥᠩᠭᠥ᠌ ᠵᠡᠷᠭᠡ ᠲᠠᠯ᠎ᠠ᠎ᠪᠠᠷ ᠬᠡᠯᠪᠡᠢᠬᠦ ᠳᠡᠮᠵᠢᠯᠭᠡ ᠦᠵᠡᠭᠦᠯᠦᠨ᠎ᠡ᠃