ᠲᠦᠷᠦᠬᠦᠬᠡᠨ᠂ ᠤᠯᠤᠰ᠎ᠤᠨ ᠶᠡᠷᠦᠩᠬᠡᠢ ᠴᠣᠭᠴᠠ᠎ᠶᠢᠨ ᠠᠮᠤᠷ ᠲᠦᠪᠰᠢᠨ᠎ᠦ ᠦᠵᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠦ ᠤᠬᠠᠮᠰᠠᠷ ᠪᠠ ᠬᠡᠪ ᠪᠣᠯᠪᠠᠰᠤᠷᠠᠯ᠎ᠢ ᠴᠢᠩᠭᠠᠳᠬᠠᠬᠤ᠎ᠶᠢᠨ ᠲᠥᠯᠥᠭᠡ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠥᠪᠥᠷ ᠮᠣᠩᠭᠣᠯ ᠤᠨ ᠠᠷᠠᠯᠵᠢᠶ᠎ᠠ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠦ ᠬᠥᠮᠦᠵᠢᠯ᠎ᠢ ᠰᠤᠷᠭᠠᠭᠤᠯᠢ᠎ᠶᠢᠨ ᠬᠦᠷᠢᠶᠡᠨ᠎ᠳᠦ ᠤᠷᠤᠭᠤᠯᠬᠤ ᠠᠵᠢᠯᠯᠠᠭ᠎ᠠ ᠥᠷᠨᠢᠭᠦᠯᠪᠡ᠃
ᠲᠣᠰ ᠠᠵᠢᠯᠯᠠᠭ᠎ᠠ᠎ᠳᠤ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠮᠡᠬᠡᠯᠡᠯ᠎ᠢ ᠡᠰᠡᠷᠭᠦᠴᠡᠬᠦ ᠲᠥᠪ᠎ᠦᠨ ᠬᠣᠶᠠᠳᠤᠭᠠᠷ ᠳᠡᠰ᠎ᠤᠨ ᠴᠠᠭᠳᠠᠭᠠᠨ ᠳᠠᠷᠤᠭ᠎ᠠ ᠵᠠᠩ ᠸᠧᠢ᠎ᠶᠢ ᠤᠷᠢᠵᠤ 《ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠵᠦ ᠠᠮᠤᠭᠤᠯᠠᠩᠲᠦ ᠡᠶ᠎ᠡ ᠵᠣᠬᠢᠴᠠᠩᠭᠤᠢ ᠰᠤᠷᠭᠠᠭᠤᠯᠢ᠎ᠶᠢᠨ ᠬᠦᠷᠢᠶ᠎ᠡ᠎ᠶᠢ ᠬᠠᠮᠲᠤ᠎ᠪᠠᠷ ᠪᠠᠢᠭᠤᠯᠤᠶ᠎ᠠ》 ᠭᠡᠬᠦ ᠭᠣᠣᠯ ᠰᠡᠳᠦᠪᠲᠦ ᠲᠠᠢᠯᠤᠮᠵᠢ ᠬᠢᠯᠭᠡᠵᠡᠢ᠃ ᠴᠠᠬᠲᠠᠭ᠎ᠠ ᠵᠠᠩ ᠸᠧᠢ ᠣᠯᠠᠨ ᠵᠢᠯ᠎ᠦᠨ ᠡᠮᠦᠨ᠎ᠡ ᠹᠷᠣᠨᠲ᠎ᠤᠨ ᠬᠡᠷᠡᠭ ᠰᠢᠢᠳᠪᠦᠷᠢᠯᠡᠭᠰᠡᠨ ᠦᠢᠯᠡᠳᠦᠯᠭᠡ᠎ᠲᠠᠢ ᠪᠠᠨ ᠤᠶᠠᠯᠳᠤᠭᠤᠯᠤᠨ᠂ ᠣᠳᠣᠬᠠᠨ᠎ᠤ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠨᠡᠢᠲᠡᠯᠢᠭ ᠵᠢᠱ᠌ᠢᠶ᠎ᠡ᠂ ᠣᠯᠠᠨ ᠡᠭᠦᠰᠲᠡᠭ ᠬᠡᠷᠡᠭ᠎ᠦᠨ ᠵᠢᠱ᠌ᠢᠶ᠎ᠡ ᠵᠡᠷᠭᠡ ᠠᠭᠤᠯᠭ᠎ᠠ᠎ᠶᠢᠨ ᠲᠣᠭᠣᠷᠢᠨ᠎ᠳᠤ ᠭᠦᠨᠵᠡᠭᠡᠢ ᠲᠠᠢᠯᠪᠤᠷᠢᠯᠠᠯᠲᠠ ᠬᠢᠵᠦ᠂ ᠵᠠᠯᠠᠭᠤᠴᠤᠳ᠂ ᠢᠯᠠᠩᠭᠤᠶ᠎ᠠ ᠰᠤᠷᠤᠭ᠍ᠴᠢᠳ ᠲᠸ᠋ ᠵᠣᠷᠢᠭᠤᠯᠤᠭᠰᠠᠨ ᠲᠠᠨᠢᠯ ᠬᠥᠮᠥᠨ᠎ᠢᠶᠡᠷ ᠣᠪᠯᠠᠬᠤ᠂ ᠲᠣᠭᠯᠠᠭᠠᠮ᠎ᠤᠨ ᠳᠠᠩᠰᠠᠨ ᠨᠣᠮᠧᠷ᠎ᠢᠶᠡᠷ ᠠᠷᠠᠯᠵᠢᠶᠠᠯᠠᠬᠤ᠂ ᠰᠦᠯᠵᠢᠶᠡᠨ᠎ᠦ ᠵᠢᠭᠡᠯᠡᠯᠭᠡ ᠠᠪᠬᠤ ᠵᠡᠷᠭᠡ ᠮᠡᠬᠡᠯᠡᠯ᠎ᠦᠨ ᠠᠷᠭ᠎ᠠ ᠪᠠᠷᠢᠯ᠎ᠢ ᠭᠣᠣᠯᠳᠠᠯᠭ᠎ᠠ ᠲᠠᠢ ᠵᠠᠳᠠᠯᠤᠨ ᠰᠢᠨᠵᠢᠯᠡᠵᠦ᠂ ᠦᠨᠡᠨ ᠪᠣᠳᠠᠲᠠᠢ ᠬᠡᠷᠡᠭ᠎ᠦᠨ ᠵᠢᠱ᠌ᠢᠶ᠎ᠡ᠎ᠪᠡᠷ ᠮᠡᠬᠡᠯᠡᠬᠦ ᠶᠠᠪᠤᠴᠠ᠎ᠶᠢ ᠵᠠᠳᠠᠯᠵᠦ᠂ ᠶᠠᠯ᠎ᠠ ᠬᠢᠬᠦ ᠠᠷᠭ᠎ᠠ ᠪᠠᠷᠢᠯ᠎ᠢ ᠢᠯᠡᠷᠡᠭᠦᠯᠦᠨ᠂ ᠪᠠᠭ᠍ᠰᠢ ᠰᠤᠷᠤᠭ᠍ᠴᠢᠳ᠎ᠲᠤ ᠰᠦᠯᠵᠢᠶᠡᠨ᠎ᠦ ᠮᠡᠬᠡᠯᠡᠯ᠎ᠦᠨ ᠬᠣᠣᠷ ᠬᠥᠨᠥᠭᠡᠯᠳᠦ ᠴᠢᠨᠠᠷ᠎ᠢ ᠰᠢᠭᠤᠳ ᠲᠠᠨᠢᠭᠤᠯᠬᠤ᠎ᠶᠢᠨ ᠬᠠᠮᠲᠤ᠂ ᠮᠡᠬᠡᠯᠡᠯ᠎ᠢ ᠰᠡᠷᠭᠡᠢᠯᠡᠬᠦ ᠪᠣᠳᠠᠲᠤ ᠬᠡᠷᠡᠭᠯᠡᠭᠡᠨ᠎ᠦ ᠤᠷ᠎ᠠ ᠮᠡᠷᠭᠡᠵᠢᠯ ᠵᠢᠴᠢ ᠮᠡᠬᠡᠯᠡᠯ᠎ᠳᠦ ᠤᠴᠠᠷᠠᠭᠰᠠᠨ᠎ᠤ ᠳᠠᠷᠠᠭᠠᠬᠢ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠶᠠᠪᠤᠴᠠ᠂ ᠡᠷᠬᠡ᠎ᠪᠡᠨ ᠬᠠᠮᠠᠭᠠᠯᠠᠬᠤ ᠠᠷᠭ᠎ᠠ ᠵᠠᠮ ᠵᠡᠷᠭᠡ᠎ᠶᠢ ᠵᠢᠭᠠᠨ ᠵᠢᠯᠤᠭᠤᠳᠪᠠ᠃
ᠲᠠᠢᠯᠤᠮᠵᠢ᠎ᠶᠢ ᠰᠣᠨᠣᠰᠬᠤ᠎ᠪᠠᠷ ᠳᠠᠮᠵᠢᠨ᠂ ᠰᠤᠷᠤᠭ᠍ᠴᠢᠳ᠎ᠤᠨ ᠮᠡᠬᠡᠯᠡᠯ᠎ᠢ ᠲᠠᠨᠢᠬᠤ᠂ ᠮᠡᠬᠡᠯᠡᠯ᠎ᠢ ᠰᠡᠷᠭᠡᠢᠯᠡᠬᠦ᠂ ᠮᠡᠬᠡᠯᠡᠯ᠎ᠢ ᠡᠰᠡᠷᠭᠦᠴᠡᠬᠦ ᠤᠬᠠᠮᠰᠠᠷ᠎ᠢ ᠶᠡᠬᠡᠪᠡᠷ ᠳᠡᠭᠡᠭᠰᠢᠯᠡᠬᠦᠯᠵᠦ᠂ ᠰᠤᠷᠤᠭ᠍ᠴᠢᠳ᠎ᠤᠨ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ ᠲᠠᠯ᠎ᠠ᠎ᠪᠠᠷ ᠬᠢ ᠢᠯᠭᠠᠨ ᠲᠠᠨᠢᠬᠤ᠂ ᠤᠷᠢᠳᠴᠢᠯᠠᠨ ᠰᠡᠷᠡᠮᠵᠢᠯᠡᠭᠦᠯᠬᠦ᠂ ᠥᠪᠡᠷ᠎ᠢ᠎ᠪᠡᠨ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠩᠭᠤᠢ ᠰᠤᠷᠭᠠᠭᠤᠯᠢ᠎ᠶᠢᠨ ᠬᠦᠷᠢᠶᠡᠨ᠎ᠦ ᠣᠷᠴᠢᠨ ᠨᠥᠬᠥᠴᠡᠯ᠎ᠢ ᠪᠣᠶ ᠪᠣᠯᠭᠠᠪᠠ᠃