ᠲᠤᠮᠳᠠᠳᠦ ᠡᠧᠦ᠋ᠷᠦᠫᠠ᠎ᠶᠢᠨ ᠭᠠᠷ ᠤᠷᠠᠯᠠᠯ᠎ᠤᠨ ᠤᠬᠢ ᠰᠤᠳᠤ — ᠫᠠᠯᠠᠨ ᠡᠳ᠋ᠯᠡᠯ
2026-05-13 10:13:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠮᠦᠽᠧᠶ ᠪᠣᠯᠤᠨ ᠭᠤᠸᠠᠩᠳᠦ᠋ᠩ ᠮᠤᠵᠢ᠎ᠶ᠋ᠢᠨ ᠮᠦᠽᠧᠶ᠎ᠶ᠋ᠢᠨ ᠬᠠᠮᠲᠤᠷᠠᠨ ᠡᠷᠭᠢᠯᠡᠭ᠌ᠰᠡᠨ《ᠭᠤᠸ᠎ᠠ ᠦᠵᠡᠰᠬᠦᠯᠡᠩ᠎ᠤᠨ ᠤᠬᠢ — ᠭᠤᠸᠠᠩᠳᠦ᠋ᠩ᠎ᠤᠨ ᠫᠠᠯᠠᠨ ᠡᠳ᠋ᠯᠡᠯ᠎ᠤᠨ ᠣᠨᠴᠠ ᠦᠵᠡᠬᠦᠯᠬᠡ》 ᠬᠥᠬᠡᠬᠣᠲᠠ᠎ᠶ᠋ᠢᠨ ᠮᠦᠽᠧᠶ᠎ᠳᠦ ᠦᠷᠬᠦᠯᠵᠢᠯᠡᠵᠦ᠂ ᠳᠤᠮᠳᠠᠳᠤ ᠡᠧᠦ᠋ᠷᠦᠫᠠ᠎ᠶᠢᠨ ᠭᠠᠷ ᠤᠷᠠᠯᠠᠯ ᠠᠭᠤᠰᠤᠯᠴᠠᠭ᠍ᠰᠠᠨ ᠭᠤᠤ᠎ᠠ ᠵᠦᠶ᠎ᠶ᠋ᠢᠨ ᠦᠵᠡᠰᠬᠦᠯᠡᠩ ᠬᠦᠮᠦᠰ᠎ᠤᠨ ᠪᠠᠬ᠎ᠠ᠎ᠵᠢ ᠳᠠᠳᠠᠨ᠎ᠠ᠃ 


58649d33-69d4-4209-993b-f8eca8fe215c.png


ᠲᠣᠰ ᠤᠳᠠᠭᠠᠨ᠎ᠤ ᠦᠵᠡᠬᠦᠯᠬᠡ ᠎ᠳᠦ ᠬᠠᠭᠠᠨ᠎ᠤ ᠣᠷᠳᠣᠨ᠎ᠤ ᠡᠳ᠋ᠯᠡᠯ᠂ ᠠᠷᠠᠳ᠎ᠤᠨ ᠳᠤᠮᠳᠠᠬᠢ ᠡᠳ᠋ᠯᠡᠯ ᠵᠢᠴᠢ ᠭᠠᠳᠠᠭᠠᠳᠦ᠎ᠳᠦ ᠭᠠᠷᠭᠠᠭᠰᠠᠨ ᠡᠳ᠋ᠯᠡᠯ ᠵᠡᠷᠭᠡ 3 ᠲᠥᠷᠥᠯ᠎ᠦᠨ ᠭᠤᠸᠠᠩᠳᠦ᠋ᠩ᠎ᠤᠨ ᠫᠠᠯᠠᠨ ᠡᠳ᠋ᠯᠡᠯ᠎ᠢ 114 ᠵᠠᠬ᠎ᠠ (ᠢᠵᠢ) ᠦᠵᠡᠬᠦᠯᠵᠦ᠂ ᠦᠵᠡᠭᠦᠯᠭᠡ᠎ᠶ᠋ᠢᠨ ᠪᠣᠳᠠᠰ᠎ᠲᠤ ᠵᠡᠰ ᠬᠡᠪ ᠲᠠᠢ ᠫᠠᠯᠠᠨ ᠵᠢᠷᠤᠭᠳᠦ ᠡᠳ᠋᠂ ᠰᠢᠳᠠᠭᠠᠨ ᠦᠩᠭᠡᠯᠡᠭᠰᠡᠨ ᠫᠠᠯᠠᠨ ᠵᠡᠷᠭᠡ ᠣᠯᠠᠨ ᠵᠦᠶ᠋ᠯ᠎ᠦᠨ ᠭᠠᠷ ᠤᠷᠠᠯᠠᠯ᠎ᠢ ᠦᠵᠡᠬᠦᠯᠵᠦ᠂ ᠤᠷᠠᠨ ᠨᠠᠷᠢᠨ ᠬᠡ ᠤᠭᠠᠯᠵᠠ᠂ ᠥᠩᠭᠡ ᠢᠯᠭᠠᠷᠠᠮ᠎ᠠ ᠫᠠᠯᠠᠨ ᠪᠤᠳᠤᠭ᠂ ᠬᠡᠬᠡᠨᠴᠢᠷ ᠴᠡᠮᠴᠡᠭᠡᠷ ᠬᠢᠴᠡ ᠤᠷᠠᠯᠠᠯ ᠨᠢ ᠭᠤᠸᠠᠩᠳᠦ᠋ᠩ᠎ᠤᠨ ᠫᠠᠯᠠᠨ ᠡᠳ᠋ᠯᠡᠯ᠎ᠤᠨ ᠥᠪᠡᠷᠮᠢᠴᠡ ᠭᠤᠸ᠎ᠠ ᠰᠠᠢᠬᠠᠨ᠎ᠢ ᠬᠠᠷᠠᠭᠤᠯᠵᠠᠢ᠃ ᠭᠤᠸᠠᠩᠳᠦ᠋ᠩ᠎ᠤᠨ ᠫᠠᠯᠠᠨ ᠡᠳ᠋ᠯᠡᠯ ᠪᠣᠯ ᠴᠢᠩ ᠤᠯᠤᠰ᠎ᠤᠨ ᠦᠶ᠎ᠡ᠎ᠶ᠋ᠢᠨ ᠳᠤᠮᠳᠠᠳᠤ ᠡᠧᠦ᠋ᠷᠦᠫᠠ᠎ᠶᠢᠨ ᠰᠣᠶᠣᠯ᠎ᠤᠨ ᠰᠣᠯᠢᠯᠴᠠᠭᠠᠨ᠎ᠤ ᠤᠷᠠᠯᠢᠭ᠎ᠤᠨ ᠲᠠᠯᠠᠰᠲᠤ ᠮᠥᠨ᠂ ᠥᠷᠥᠨᠡᠳᠠᠬᠢᠨ᠎ᠤ ᠫᠠᠯᠠᠨ᠎ᠤ ᠮᠡᠷᠭᠡᠵᠢᠯ ᠪᠠ ᠳᠤᠮᠳᠠᠳᠤ ᠤᠯᠤᠰ᠎ᠤᠨ ᠤᠯᠠᠮᠵᠢᠯᠠᠯᠲᠤ ᠭᠠᠷ ᠤᠷᠠᠯᠠᠯ᠎ᠤᠨ ᠣᠬᠢ ᠰᠣᠳᠣ᠎ᠶ᠋ᠢ ᠠᠭᠤᠰᠬᠠᠵᠦ᠂ ᠣᠯᠠᠨ ᠠᠯᠬᠤᠮ᠎ᠤᠨ ᠦᠢᠯᠡᠳᠬᠡᠯ᠎ᠢ ᠳᠠᠮᠵᠢᠨ ᠣᠯᠠᠨ ᠤᠳᠠᠭ᠎ᠠ ᠱᠢᠲᠠᠭᠠᠨ ᠪᠦᠲᠦᠭᠡᠭ᠌ᠰᠡᠨ᠎ᠢᠶᠡᠷ ᠴᠢᠩ ᠤᠯᠤᠰ᠎ᠤᠨ ᠦᠶ᠎ᠡ᠎ᠶ᠋ᠢᠨ ᠬᠠᠭᠠᠨ᠎ᠤ ᠣᠷᠳᠣᠨ᠎ᠤ ᠬᠣᠪᠣᠷ ᠨᠠᠨᠳᠢᠨ ᠡᠳ᠋ ᠪᠣᠯᠤᠭᠰᠠᠨ᠎ᠢᠶᠡᠷ ᠪᠠᠷᠠᠬᠤ ᠥᠬᠡᠶ᠂ ᠪᠠᠰᠠ ᠴᠤ᠌ ᠭᠠᠳᠠᠭᠠᠳᠤ᠎ᠳᠤ ᠪᠣᠷᠣᠯᠠᠭᠤᠯᠭ᠎ᠠ ᠰᠠᠢᠲᠠᠶ ᠱᠢᠯᠢᠳᠡᠭ ᠪᠦᠲᠦᠭᠡᠭᠳᠡᠬᠦᠨ ᠪᠠᠢᠵᠦ᠂ ᠣᠲᠣ ᠭᠤᠧᠠᠩᠳᠦ᠋ᠩ ᠮᠤᠵᠢ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ ᠪᠣᠯᠵᠠᠶ᠃ ᠲᠣᠰ ᠤᠳᠠᠭᠠᠨ᠎ᠤ ᠣᠨᠴᠠ ᠦᠵᠡᠭᠦᠯᠭᠡ᠎ᠨᠢ ᠦᠵᠡᠭ᠌ᠴᠢᠳ᠎ᠲᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠭᠤᠤ᠎ᠠ ᠰᠠᠢᠬᠠᠨ᠎ᠢ ᠣᠢᠯᠠᠭᠠᠭᠤᠯᠤᠭ᠍ᠰᠠᠨ ᠎ᠢᠶᠠᠷ ᠪᠠᠷᠠᠬᠤ ᠥᠬᠡᠶ᠂ ᠨᠠᠩ ᠴᠤ᠌ ᠡᠮᠦᠨᠡᠲᠦ ᠤᠮᠠᠷᠠᠲᠤ᠎ᠶ᠋ᠢᠨ ᠰᠣᠶᠣᠯ᠎ᠤᠨ ᠰᠣᠯᠢᠯᠴᠠᠭᠠᠨ᠎ᠤ ᠬᠥᠭᠥᠷᠭᠡ᠎ᠶ᠋ᠢ ᠪᠠᠢᠭᠤᠯᠵᠤ᠂ ᠭᠤᠷᠪᠠᠨ ᠵᠠᠭᠤᠨ ᠵᠢᠯ᠎ᠦᠨ ᠫᠠᠯᠠᠨ᠎ᠤ ᠭᠠᠢᠬᠠᠮᠱᠢᠭ᠎ᠢ ᠦᠵᠡᠬᠦᠯᠵᠡᠢ᠃ ᠦᠵᠡᠬᠦᠯᠬᠡ ᠨᠢ 8 ᠰᠠᠷ᠎ᠠ᠎ᠶ᠋ᠢᠨ 25 ᠎ᠤ ᠡᠳᠦᠷ ᠪᠣᠯᠲᠠᠯ᠎ᠠ ᠶᠠᠪᠤᠭᠳᠠᠨ᠎ᠠ᠃


cd8d56c4-7a59-41dc-87d3-55306aebb136.png


b12fd603-1b58-456d-acb4-6f29b3dd5350.png


d0d9909b-099e-4dda-b3b4-9f68250af496.png


848d08b1-fa2d-44ca-82e5-42a80a05c397.png


45e6d16b-1884-4733-883f-cdde32549a8c.png


13cb7086-e21e-4582-87b8-3f99b2bf20a9.png


8fde1a20-5f4e-4bfc-884a-59f0f06b8a26.png


71654060-a2a3-4d25-821e-afa97caeb5e9.png


9811e5bd-5197-4430-88e7-118a045c654c.png

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号