160 ᠲᠦᠮᠡᠨ ᠮᠦ᠍ ᠡᠴᠡ ᠳᠡᠭᠡᠭ᠌ᠰᠢ ᠪᠦᠲᠦᠭᠡᠨ ᠪᠠᠢᠭᠤᠯᠬᠤ ᠪᠠᠷ ᠲᠥᠯᠥᠪᠯᠡᠵᠦ᠍ ᠪᠠᠶᠠᠨᠨᠠᠭᠤᠷ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠠᠬᠢᠴᠠ ᠪᠠᠨ ᠲᠦᠷᠭᠡᠳᠪᠡ
2026-05-13 09:29:47
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

4 ᠰᠠᠷ᠎ᠠ ᠶ᠋ᠢᠨ 10 ᠤ᠋ ᠡᠳᠦᠷ᠂ ᠰᠤᠷᠪᠤᠯᠵᠢᠯᠠᠭ᠍ᠴᠢ ᠦᠶᠤᠸᠠᠨ ᠱᠢᠶᠠᠨ ᠤ᠋ ᠪᠠᠶᠠᠨᠲᠣᠬᠣᠢ ᠪᠠᠯᠭᠠᠰᠤ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠶ᠋ᠢᠨ ᠲᠤᠬᠠᠢ ᠶ᠋ᠢᠨ ᠲᠠᠯᠠᠪᠠᠢ ᠳ᠋ᠦ ᠬᠦᠷᠬᠦ ᠳ᠋ᠤ᠂ ᠤᠳᠬᠤᠭᠤᠷ ᠮᠠᠱᠢᠨ ᠰᠢᠷᠤᠢ ᠮᠠᠯᠳᠠᠵᠤ᠂ ᠱᠦᠢᠨᠢ ᠰᠠᠪᠠᠯᠠᠭᠰᠠᠨ ᠮᠠᠰᠢᠨ ᠬᠦᠷᠴᠢᠭᠢᠨᠡᠨ᠂ ᠠᠷᠪᠠᠨ ᠬᠡᠳᠦᠨ ᠠᠵᠢᠯᠴᠢᠨ ᠰᠤᠪᠠᠭ ᠤ᠋ᠨ ᠪᠠᠯ ᠳᠡᠭᠡᠷ᠎ᠡ ᠰᠠᠶᠢᠬᠠᠨ ᠴᠢᠳᠬᠤᠭᠰᠠᠨ ᠱᠦᠢᠨᠢ ᠵᠢ ᠰᠢᠪᠠᠵᠤ ᠶᠠᠭᠠᠷᠠᠨ᠎ᠠ᠃ 58 ᠨᠠᠰᠤᠲᠠᠢ ᠲᠣᠰᠭᠣᠨ ᠤ᠋ ᠠᠷᠠᠳ ᠸᠠᠩ ᠰᠢ ᠬᠦᠢ ᠤᠴᠤᠢᠨ ᠰᠠᠭᠤᠭᠠᠳ ᠰᠢᠷᠤᠢ ᠲᠦᠯᠬᠢᠬᠦ ᠮᠠᠰᠢᠨ ᠤ᠋ ᠬᠡᠰᠡᠭᠴᠢᠯᠡᠭᠰᠡᠨ ᠲᠠᠷᠢᠶᠠᠨ ᠭᠠᠵᠠᠷ ᠢ᠋ ᠵᠠᠯᠭᠠᠯᠳᠤᠭᠤᠯᠤᠨ ᠲᠡᠭᠰᠢᠯᠡᠬᠦ ᠵᠢ ᠨᠢᠳᠦ ᠴᠠᠪᠴᠢᠯ ᠦᠭᠡᠢ ᠬᠠᠷᠠᠵᠤ᠂ 《ᠦᠡᠭᠭᠡᠷᠡᠭᠰᠡᠨ ᠳ᠋ᠦ ᠮᠢᠨᠤ ᠲᠤᠯᠤᠭ᠎ᠠ ᠨᠠᠢ᠍ᠮᠠᠨ ᠮᠦ᠍ ᠲᠡᠷᠢᠶᠠᠨ ᠭᠠᠵᠠᠷ ᠬᠡᠳᠦᠨ ᠬᠡᠰᠡᠭ ᠲᠦ᠍ ᠬᠤᠪᠢᠶᠠᠭᠳᠠᠵᠤ᠂ ᠠᠵᠢᠯ ᠬᠢᠬᠦ ᠳ᠋ᠤ ᠵᠢᠭᠠᠬᠠᠨ ᠴᠤ᠌ ᠳᠥᠭᠥᠮ ᠦᠭᠡᠢ᠃ ᠤᠳᠤ ᠰᠠᠢ᠌ᠨ ᠪᠣᠯᠤᠯ᠎ᠠ᠂ ᠲᠠᠷᠢᠶᠠᠨ ᠭᠠᠵᠠᠷ ᠪᠦᠷ ᠨᠢᠭᠡ ᠳᠣᠣᠷ᠎ᠠ ᠲᠦᠪᠯᠡᠷᠡᠨ ᠵᠠᠯᠭᠠᠯᠳᠤᠵᠤ᠂ ᠲᠠᠷᠢᠶᠠᠯᠠᠩ ᠤ᠋ᠨ ᠮᠠᠱᠢᠨ ᠲᠠᠷᠢᠶᠠᠨ ᠦᠵᠦᠭᠦᠷ ᠲᠦ᠍ ᠭᠠᠷᠲᠠᠯ᠎ᠠ ᠠᠵᠢᠯᠯᠠᠵᠤ᠂ 〈ᠫᠠᠷᠲ᠋ᠢᠽᠠᠨ ᠳᠠᠢ᠌ᠨ ᠬᠢᠬᠦ᠌〉 ᠴᠢᠬᠤᠯᠠ ᠦᠭᠡᠢ ᠪᠣᠯᠵᠠᠢ》 ᠭᠡᠵᠦ᠍ ᠢᠨᠢᠶᠡᠮᠰᠦᠭ᠌ᠯᠡᠨ ᠶᠠᠷᠢᠵᠤ ᠪᠠᠢᠯ᠎ᠠ᠃

ᠡᠨᠡ ᠵᠢᠯ ᠦᠶᠤᠸᠠᠨ ᠱᠢᠶᠠᠨ 6.62 ᠳ᠋ᠦᠩᠱᠢᠭᠤᠷ ᠲᠥᠭᠥᠷᠢᠭ ᠤ᠋ᠨ ᠪᠡᠯᠡ ᠮᠦᠡᠭᠬᠦ ᠣᠷᠣᠭᠤᠯᠵᠤ᠂ 28.57 ᠲᠦᠮᠡᠨ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠬᠤ ᠪᠡᠷ ᠲᠦᠯᠦᠪᠯᠡᠵᠤ ᠪᠠᠢᠨ᠎ᠠ᠃ ᠲᠣᠰ ᠱᠢᠶᠠᠨ ᠤ᠋ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠦᠶ᠋ᠯᠡᠴᠢᠯᠡᠭᠡᠨ ᠤ᠋ ᠲᠥᠪ ᠤ᠋ᠨ ᠡᠷᠬᠢᠯᠡᠭ᠌ᠴᠢ ᠸᠠᠩ ᠵᠢᠶᠠᠨ᠄ 《ᠮᠥ᠍ ᠲᠤᠮᠳᠠᠴᠢ᠎ᠳᠤ 20 ᠪᠣᠰᠣᠭ᠎ᠠ ᠳᠥᠷᠪᠡᠯᠵᠢᠨ ᠮᠧᠲ᠋ᠷ ᠭᠠᠷᠤᠢ ᠤᠰᠤ ᠠᠷᠪᠢᠯᠠᠵᠤ᠂ ᠠᠮᠤ ᠪᠤᠳᠠᠭᠠᠨ ᠤ᠋ ᠤᠨᠠᠯᠲᠠ ᠵᠢ ᠨᠠᠭᠠᠳᠤ ᠵᠠᠬ᠎ᠠ ᠳ᠋ᠠᠭᠠᠨ 10% ᠪᠡᠷ ᠨᠡᠮᠡᠭᠳᠡᠬᠦᠯᠵᠤ᠂ ᠥᠪᠡᠷ ᠤ᠋ᠨ ᠥᠷᠲᠡᠭ ᠢ᠋ 100 ᠭᠠᠷᠤᠶ ᠲᠥᠭᠥᠷᠢᠭ ᠪᠠᠭᠤᠷᠠᠭᠤᠯᠵᠤ ᠲᠠᠢᠯᠤᠨ᠎ᠠ》 ᠭᠡᠵᠦ ᠲᠠᠨᠢᠯᠴᠠᠭᠤᠯᠤᠨ᠎ᠠ᠃

ᠳ᠋ᠸᠩᠺᠸᠤ ᠱᠢᠶᠠᠨ ᠤ᠋ ᠪᠠᠶᠠᠨᠲᠣᠬᠣᠢ ᠲᠠᠷᠢᠶᠠᠯᠠᠩ ᠤ᠋ᠨ ᠲᠠᠯᠠᠪᠠᠢ ᠳ᠋ᠦ᠂ 63 ᠨᠠᠰᠤᠲᠠᠢ ᠯᠢᠦ ᠸᠸᠨ ᠳ᠋ᠸ ᠰᠠᠶᠢᠬᠠᠨ ᠵᠠᠰᠠᠭ᠍ᠰᠠᠨ ᠬᠥᠭᠥᠷᠭᠡ ᠶ᠋ᠢᠨ ᠬᠠᠵᠠᠭᠤ ᠳ᠋ᠦ ᠵᠣᠭ᠍ᠰᠣᠨ ᠲᠤᠯᠢ ᠱᠢᠭ᠋ ᠲᠡᠭ᠌ᠰᠢᠬᠡᠨ ᠲᠠᠷᠢᠶᠠᠨ ᠭᠠᠵᠠᠷ ᠢ᠋ ᠬᠠᠷᠠᠭᠠᠳ᠄ 《ᠥᠩᠭᠡᠷᠡᠭ᠌ᠰᠡᠨ ᠳ᠋ᠤ ᠲᠤᠮᠤ ᠬᠡᠯᠪᠡᠷᠢ ᠶ᠋ᠢᠨ ᠬᠠᠳᠤᠵᠤ ᠬᠤᠷᠢᠶᠠᠬᠤ ᠮᠠᠱᠢᠨ ᠣᠷᠣᠵᠤ ᠳᠡᠢᠯᠬᠦ᠌ ᠦᠭᠡᠢ ᠪᠠᠢᠵᠠᠢ᠂ ᠤᠳᠤ ᠲᠠᠷᠢᠬᠤ ᠡᠴᠡ ᠠᠪᠤᠭᠠᠳ ᠬᠤᠷᠢᠶᠠᠬᠤ ᠬᠦᠷᠲᠡᠯ᠎ᠡ 〈ᠨᠢᠭᠡ ᠦᠷᠲᠡᠭᠡᠴᠢᠯᠡᠭᠰᠡᠨ ᠮᠠᠶᠢᠭ〉 ᠤ᠋ᠨ ᠦᠢᠯᠡᠴᠢᠯᠡᠭᠡ ᠵᠢ ᠡᠳ᠋ᠯᠡᠵᠦ ᠲᠡᠢᠯᠬᠦ ᠪᠤᠯᠵᠠᠢ》 ᠭᠡᠵᠦ ᠪᠠᠶᠠᠷᠯᠠᠭᠰᠠᠨ ᠰᠡᠳᠬᠢᠯᠭᠡ ᠪᠠᠨ ᠳᠠᠷᠤᠵᠤ ᠶᠠᠳᠠᠨ ᠬᠡᠯᠡᠵᠦ ᠪᠠᠢᠯ᠎ᠠ᠃ ᠣᠢᠯᠠᠭᠠᠭ᠍ᠰᠠᠨ ᠶ᠋ᠢᠡᠷ᠂ ᠳ᠋ᠧᠩᠺᠧᠦ ᠱᠢᠶᠠᠨ 4 ᠰᠠᠷ᠎ᠠ ᠶ᠋ᠢᠨ ᠰᠡᠭᠦᠯᠴᠢ ᠪᠡᠷ 2025 ᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠶ᠋ᠢᠨ ᠡᠭᠦᠷᠭᠡ ᠵᠢ ᠪᠡᠶᠡᠯᠡᠭᠦᠯᠬᠦ᠌ ᠶ᠋ᠢᠨ ᠬᠠᠮᠲᠤ 2026 ᠣᠨ ᠤ᠋ 30.75 ᠲᠦᠮᠡᠨ ᠮᠥ᠍ ᠶ᠋ᠢᠨ ᠲᠥᠷᠥᠯ ᠵᠦᠶ᠋ᠯ ᠤ᠋ᠨ ᠲᠦᠯᠦᠪᠵᠢᠭᠦᠯᠭᠡ ᠵᠢ ᠵᠢᠷᠤᠵᠤ ᠲᠥᠯᠥᠪᠯᠡᠬᠦ ᠠᠬᠢᠴᠠ ᠪᠠᠨ ᠲᠦᠷᠭᠡᠳᠭᠡᠵᠦ᠍᠂ ᠲᠥᠷᠥᠯ ᠵᠦᠶ᠋ᠯ ᠢ᠋ ᠡᠷᠲᠡᠬᠡᠨ ᠨᠠᠢᠳᠠᠪᠤᠷᠢᠵᠢᠭᠤᠯᠬᠤ ᠵᠢ ᠠᠬᠢᠭᠤᠯᠬᠤ ᠪᠣᠯᠤᠨ᠎ᠠ᠃

ᠠᠮᠤ ᠪᠤᠳᠠᠭᠠᠨ ᠤ᠋ ᠠᠮᠤᠷ ᠲᠦᠪᠱᠢᠨ ᠤ᠋ ᠦᠨᠳᠦᠰᠦ ᠰᠠᠭᠤᠷᠢ ᠨᠢ ᠲᠠᠷᠢᠶᠠᠨ ᠭᠠᠵᠠᠷ ᠲᠦ᠍ ᠪᠠᠢᠵᠤ᠂ ᠠᠮᠤ ᠪᠤᠳᠠᠭᠠᠨ ᠤ᠋ ᠦᠢᠯᠡᠳᠪᠦᠷᠢᠯᠡᠯ ᠢ᠋ ᠪᠠᠲᠤᠯᠠᠬᠤ ᠵᠢᠨ ᠲᠡᠷᠢᠭᠦᠨ ᠴᠢᠬᠤᠯᠠ ᠡᠭᠦᠷᠭᠡ ᠨᠢ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠲᠠᠷᠢᠶᠠᠨ ᠭᠠᠵᠠᠷ ᠤ᠋ᠨ ᠨᠥᠬᠥᠴᠡᠯ ᠢ᠋ ᠱᠢᠯᠢᠳᠡᠭ᠌ᠵᠢᠭᠦᠯᠬᠦ᠌ ᠶᠠᠪᠤᠳᠠᠯ ᠪᠤᠯᠬᠤ ᠶᠤᠮ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠪᠣᠯ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠵᠤ᠂ ᠲᠠᠷᠢᠶᠠᠯᠠᠩ ᠤ᠋ᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠤᠨ᠎ᠠ᠃ ᠡᠨᠡ ᠵᠢᠯ ᠪᠠᠶᠠᠨᠨᠠᠭᠤᠷ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ 160 ᠲᠦᠮᠡᠨ ᠮᠥ᠍ ᠡᠴᠡ ᠳᠡᠭᠡᠭᠰᠢ ᠪᠥᠲᠥᠭᠡᠨ ᠪᠠᠢᠭᠤᠯᠬᠤ ᠪᠠᠷ ᠲᠥᠯᠥᠪᠯᠡᠵᠦ᠍᠂ ᠵᠡᠷᠬᠡ ᠳ᠋ᠤᠨᠢ 20 ᠲᠦᠮᠡᠨ ᠮᠥ᠍ ᠬᠤᠵᠢᠷᠱᠢᠭ᠍ᠰᠠᠨ ᠲᠠᠷᠢᠶᠠᠨ ᠭᠠᠵᠠᠷ ᠢ᠋ ᠵᠠᠰᠠᠵᠤ᠂ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠡᠷ ᠠᠮᠤ ᠪᠤᠳᠠᠭᠠᠨ ᠤ᠋ ᠠᠮᠤᠷ ᠲᠦᠪᠱᠢᠨ ᠤ᠋ ᠰᠠᠭᠤᠷᠢ ᠵᠢ ᠤᠯᠠᠮ ᠪᠡᠬᠢᠵᠢᠭᠦᠯᠬᠦ ᠪᠡᠷ ᠪᠤᠢ᠃

ᠯᠢᠨ ᠾᠧ ᠲᠣᠭᠣᠷᠢᠭ ᠤ᠋ᠨ ᠴᠧᠩ ᠭᠤᠸᠠᠨ ᠪᠠᠯᠭᠠᠰᠤ ᠵᠢᠨ ᠰᠤᠬᠠᠢ ᠲᠣᠰᠭᠣᠨ ᠤ᠋ ᠲᠠᠷᠢᠶᠠᠨ ᠭᠠᠵᠠᠷ ᠲᠦ᠍᠂ ᠳᠣᠬᠢᠭᠤᠷ ᠲᠤᠯᠤᠭᠠᠨ ᠤᠳᠤ ᠵᠠᠮᠴᠢᠯᠠᠭ᠎ᠠ ᠶ᠋ᠢᠨ ᠱᠢᠰᠲ᠋ᠧᠮ ᠢ᠋ ᠤᠭᠰᠠᠷᠠᠭᠰᠠᠨ ᠲᠠᠷᠢᠶ᠎ᠠ ᠲᠠᠷᠢᠬᠤ ᠮᠠᠱᠢᠨ ᠤᠷᠢᠳᠴᠢᠯᠠᠨ ᠲᠣᠭ᠍ᠲᠠᠭᠠᠭ᠍ᠰᠠᠨ ᠵᠠᠮ ᠱᠤᠭᠤᠮ ᠶ᠋ᠢᠡᠷ ᠵᠢᠭ᠌ᠳᠡ ᠬᠤᠷᠳᠤᠴᠠ ᠪᠠᠷ ᠠᠵᠢᠯᠯᠠᠵᠤ᠂ ᠪᠤᠭᠤᠳᠠᠢ ᠶ᠋ᠢᠨ ᠦᠷ᠎ᠠ ᠵᠢ ᠤᠨᠤᠴᠠᠲᠠᠢ ᠬᠠᠶᠠᠨ᠎ᠠ᠃ ᠲᠡᠷᠭᠡᠨ ᠳᠡᠭᠡᠷ᠎ᠡ ᠵᠢᠯᠣᠭᠣᠴᠢ ᠦᠭᠡᠢ ᠪᠤᠯᠪᠠᠴᠤ ᠵᠠᠯᠠᠭᠤᠷ ᠨᠢ ᠬᠠᠷᠢᠨ ᠠᠶᠠᠨᠳᠠᠭᠠᠨ ᠠᠮᠢᠳᠤᠯᠢᠭ ᠡᠷᠭᠢᠯᠳᠦᠵᠦ᠍᠂ ᠠᠷᠤ ᠲᠠᠯ᠎ᠠ ᠶ᠋ᠢᠨ ᠲᠠᠷᠢᠶᠠᠨ ᠱᠠᠡᠭ ᠤ᠋ᠨ ᠵᠠᠶ ᠨᠢ ᠵᠢᠭ᠌ᠳᠡ᠂ ᠭᠦᠨᠴᠡ ᠶ᠋ᠢᠨ ᠬᠡᠮᠵᠢᠶ᠎ᠡ ᠨᠢ ᠴᠦ᠍ ᠠᠳᠠᠯᠢᠬᠠᠨ ᠪᠠᠢᠯ᠎ᠠ᠃ ᠳ᠋ᠠ ᠹᠸᠩ ᠲᠠᠷᠢᠶᠠᠯᠠᠩ ᠤ᠋ᠨ ᠮᠠᠱᠢᠨ ᠤ᠋ ᠲᠤᠰᠬᠠᠢ ᠬᠤᠷᠱᠢᠶ᠎ᠠ ᠶ᠋ᠢᠨ ᠬᠠᠷᠢᠭᠤᠴᠠᠯᠭᠠᠲᠠᠨ ᠶᠠᠨ ᠶᠦᠩ ᠵᠢᠶᠦ᠋ᠨ ᠭᠠᠷ ᠤᠲᠠᠰᠤ ᠪᠠᠨ ᠭᠠᠷᠭᠠᠨ ᠠᠵᠢᠯ ᠤ᠋ᠨ ᠵᠢᠮ ᠤ᠋ᠨ ᠵᠢᠷᠤᠭ ᠢ᠋ ᠵᠢᠭᠠᠭᠠᠳ ᠰᠤᠷᠪᠤᠯᠵᠢᠯᠠᠭ᠍ᠴᠢ ᠳ᠋ᠦ᠄ 《ᠥᠩᠭᠡᠷᠡᠭ᠌ᠰᠡᠨ ᠳ᠋ᠤ ᠲᠠᠷᠢᠶ᠎ᠠ ᠲᠠᠷᠢᠬᠤ ᠳ᠋ᠦ 2 ᠬᠥᠮᠦᠨ ᠬᠠᠷᠠᠬᠤ ᠴᠢᠬᠤᠯᠠᠲᠠᠢ᠂ ᠤᠳᠤ ᠨᠢᠭᠡ ᠰᠠᠭᠤᠷᠢ ᠮᠠᠱᠢᠨ ᠡᠳᠦᠷ᠎ᠲᠦ 100 ᠮᠦ᠍ ᠲᠠᠷᠢᠶ᠎ᠠ ᠲᠠᠷᠢᠵᠤ᠂ ᠴᠠᠭ ᠲᠦ᠍ ᠠᠷᠪᠢᠲᠠᠢ ᠮᠥᠷᠲᠡᠭᠡᠨ ᠬᠥᠮᠦᠨ ᠤ᠋ ᠬᠦᠴᠦᠨ ᠤ᠋ ᠥᠪᠡᠷ ᠤ᠋ᠨ ᠦᠷᠳᠡᠭ ᠢ᠋ ᠴᠦ᠍ ᠠᠷᠪᠢᠯᠠᠪᠡ》 ᠭᠡᠵᠦ ᠬᠡᠯᠡᠨ᠎ᠠ᠃

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠠᠮᠤ ᠪᠤᠳᠠᠭᠠᠨ ᠤ᠋ ᠦᠶ᠋ᠯᠡᠳᠪᠦᠷᠢᠯᠡᠯ ᠤ᠋ᠨ 《ᠬᠠᠲᠠᠭᠤ ᠲᠣᠨᠣᠭ ᠤ᠋ᠨ ᠰᠠᠭᠤᠷᠢ》 ᠭᠡᠵᠦ᠍ ᠬᠡᠯᠡᠬᠦ ᠳ᠋ᠤ ᠭᠦᠷᠪᠡᠯ᠂ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠠᠮᠤ ᠪᠤᠳᠠᠭᠠᠨ ᠤ᠋ ᠤᠨᠠᠯᠲᠠ ᠵᠢ ᠨᠡᠮᠡᠭ᠌ᠳᠡᠭᠦᠯᠬᠦ᠌ 《ᠣᠶᠤᠨ ᠤ᠋ ᠬᠥᠳᠡᠯᠭᠡᠭᠦᠷ》 ᠪᠤᠯᠤᠨ᠎ᠠ᠃ ᠪᠠᠶᠠᠨᠨᠠᠭᠤᠷ ᠬᠣᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠠᠮᠤ ᠪᠤᠳᠠᠭᠠᠨ ᠤ᠋ ᠲᠠᠷᠢᠮᠠᠯ ᠤ᠋ᠨ ᠡᠯ᠎ᠡ ᠭᠣᠭ᠍ᠴᠣᠭ᠎ᠠ ᠳ᠋ᠦ ᠠᠭᠤᠰᠤᠯᠴᠠᠭᠤᠯᠵᠤ᠂ ᠣᠶᠤᠨᠴᠢ ᠲᠠᠷᠢᠶᠠᠯᠠᠩ ᠤ᠋ᠨ ᠮᠠᠱᠢᠨ ᠪᠠ ᠲᠡᠷᠢᠭᠦᠨ ᠤ᠋ ᠲᠸᠭᠨᠢᠭ ᠮᠡᠷᠭᠡᠵᠢᠯ ᠶ᠋ᠢᠡᠷ ᠲᠠᠷᠢᠶᠠᠯᠠᠭ᠎ᠠ ᠵᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠨ᠂ ᠠᠮᠤ ᠪᠤᠳᠠᠭᠠᠨ ᠤ᠋ ᠦᠶ᠋ᠯᠡᠳᠪᠦᠷᠢᠯᠡᠯ ᠢ᠋ 《ᠲᠤᠷᠱᠢᠯᠭ᠎ᠠ ᠳ᠋ᠦ ᠲᠦᠱᠢᠭ᠌ᠯᠡᠵᠦ᠍》 ᠪᠠᠢᠭ᠍ᠰᠠᠨ ᠡᠴᠡ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠳ᠋ᠤ ᠲᠦᠱᠢᠭ᠌ᠯᠡᠬᠦ᠌》 ᠲᠡᠢᠰᠢ ᠬᠤᠪᠢᠷᠠᠭᠤᠯᠬᠤ ᠵᠢ ᠠᠬᠢᠭᠤᠯᠪᠠ᠃ ᠣᠳᠣᠬᠠᠨ ᠳ᠋ᠦ ᠪᠥᠬᠥ᠌ ᠬᠣᠲᠠ ᠪᠡᠷ ᠵᠢᠡᠨ 6100 ᠭᠠᠷᠤᠶ ᠰᠠᠭᠤᠷᠢ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶ᠋ᠢᠨ ᠬᠠᠪᠰᠤᠷᠤᠨ ᠵᠢᠯᠤᠭᠤᠳᠬᠤ ᠰᠢᠰᠲᠸᠮ ᠎ᠳᠤ ᠤᠭᠰᠠᠷᠠᠭᠰᠠᠨ ᠲᠠᠷᠢᠶᠠᠯᠠᠩ ᠤ᠋ᠨ ᠮᠠᠱᠢᠨ ᠢ᠋ ᠠᠰᠢᠭᠯᠠᠯᠲᠠ ᠳ᠋ᠦ ᠤᠷᠤᠭᠤᠯᠵᠤ᠂ ᠵᠢᠱ᠌ᠢᠯᠲᠡ ᠪᠡᠷ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶ᠋ᠢᠨ ᠬᠠᠪᠰᠤᠷᠤᠨ ᠵᠢᠯᠤᠭᠤᠳᠬᠤ ᠰᠢᠰᠲᠸᠮ ᠢ᠋ ᠤᠭᠰᠠᠷᠠᠭᠰᠠᠨ ᠲᠠᠷᠢᠶᠠᠯᠠᠩ ᠤ᠋ᠨ ᠮᠠᠱᠢᠨ ᠶ᠋ᠢᠡᠷ ᠲᠠᠷᠢᠬᠤ ᠲᠠᠷᠢᠮᠠᠯ ᠤ᠋ᠨ ᠲᠠᠯᠠᠪᠠᠶ ᠨᠢ 380 ᠲᠦᠮᠡᠨ ᠮᠥ᠍ ᠵᠢ ᠳᠠᠪᠠᠬᠤ ᠪᠣᠯᠤᠨ᠎ᠠ᠃

《ᠯᠢᠦ ᠪᠠᠭ᠍ᠰᠢ ᠡ᠂ ᠮᠢᠨᠦ᠍ ᠡᠨᠡ ᠪᠤᠭᠤᠳᠠᠢ ᠶ᠋ᠢᠨ ᠰᠠᠭᠤᠷᠢ ᠪᠣᠷᠳᠣᠭᠤᠷ ᠢ᠋ ᠬᠡᠳᠦᠢ ᠣᠷᠣᠭᠤᠯᠪᠠᠯ ᠵᠣᠬᠢᠬᠤ ᠪᠤᠢ? 》᠂ 《 ᠡᠷᠳᠡᠨᠢ ᠱᠢᠰᠢ ᠵᠢ ᠨᠢᠭ᠍ᠲᠠ ᠲᠠᠷᠢᠬᠤ ᠳ᠋ᠦ ᠰᠠᠭᠤᠷᠢ ᠶ᠋ᠢᠨ ᠬᠤᠭᠤᠷᠤᠨᠳᠤᠬᠢ ᠵᠠᠶ ᠵᠢ ᠬᠡᠷᠬᠢᠨ ᠡᠵᠡᠮᠳᠡᠬᠦ᠌ ᠪᠣᠶ? 》 ᠁ ᠬᠠᠩᠭᠢᠨ ᠬᠣᠢᠲᠤ ᠬᠣᠱᠢᠭᠤᠨ ᠤ᠋ ᠳᠧᠦ ᠳ᠋ᠤᠤ ᠴᠢᠶᠣᠤ ᠪᠠᠯᠭᠠᠰᠤ ᠵᠢᠨ ᠲᠠᠷᠢᠶᠠᠨ ᠭᠠᠵᠠᠷ ᠤ᠋ᠨ ᠬᠢᠴᠢᠶᠡᠯ ᠤ᠋ᠨ ᠲᠠᠩᠬᠢᠮ ᠳ᠋ᠦ ᠲᠤᠬᠠᠢ ᠶ᠋ᠢᠨ ᠭᠠᠵᠠᠷ ᠤ᠋ᠨ ᠲᠠᠷᠢᠶᠠᠴᠢᠳ ᠪᠠᠶᠠᠨᠨᠠᠭᠤᠷ ᠬᠤᠳᠠ ᠶ᠋ᠢᠨ ᠤᠳᠤ ᠦᠶ᠎ᠡ ᠶ᠋ᠢᠨ ᠲᠠᠷᠢᠶᠠᠯᠠᠩ ᠮᠠᠯ ᠠᠵᠤ ᠠᠬᠤᠢ ᠶ᠋ᠢᠨ ᠦᠢᠯᠡᠰ ᠤ᠋ᠨ ᠬᠥᠭ᠌ᠵᠢᠯᠲᠡ ᠶ᠋ᠢᠨ ᠲᠥᠪ ᠤ᠋ᠨ ᠳᠡᠭᠡᠳᠦ ᠵᠡᠷᠭᠡ ᠶ᠋ᠢᠨ ᠲᠠᠷᠢᠶᠠᠯᠠᠩ ᠤ᠋ᠨ ᠮᠡᠷᠭᠡᠵᠢᠯᠲᠡᠨ ᠯᠢᠦ ᠵᠢᠶ᠍ᠸ ᠵᠢ ᠬᠦᠷᠢᠶᠡᠯᠠᠵᠤ ᠠᠪᠤᠭᠠᠳ ᠲᠠᠯ᠎ᠠ ᠲᠠᠯ᠎ᠠ ᠡᠴᠡ ᠨᠢ ᠠᠰᠠᠭᠤᠨ᠎ᠠ᠃ ᠯᠢᠦ ᠵᠢᠶ᠍ᠸ ᠬᠦᠷᠵᠡ ᠠᠳᠬᠤᠨ ᠬᠥᠷᠥᠰᠥ ᠵᠢ ᠮᠠᠯᠲᠠᠵᠤ᠂ ᠴᠢᠭᠢᠭ ᠤ᠋ᠨ ᠪᠠᠢᠳᠠᠯ ᠢ᠋ ᠪᠠᠢᠴᠠᠭᠠᠵᠤ ᠦᠵᠡᠭ᠌ᠰᠡᠨ ᠤ᠋ ᠳᠠᠷᠠᠭ᠎ᠠ᠄ 《ᠲᠠ ᠨᠠᠷ ᠦᠵᠡ᠂ ᠭᠠᠵᠠᠷ ᠤ᠋ᠨ ᠢᠯᠴᠢ ᠨᠢᠭᠡᠨᠲᠡ ᠳᠡᠭᠡᠭᠰᠢᠯᠡᠴᠢᠬᠡᠵᠡᠢ᠂ ᠤᠰᠤ ᠪᠤᠷᠳᠤᠭᠤᠷ ᠢ᠋ ᠨᠢᠭᠡ ᠴᠤᠬ᠍ᠴᠠᠵᠢᠭᠤᠯᠬᠤ ᠠᠵᠢᠯ ᠢ᠋ ᠰᠠᠢᠲᠤᠷ ᠬᠢᠬᠦ᠌ ᠬᠡᠷᠡᠭ᠌ᠲᠡᠢ᠂ ᠡᠮᠦᠨᠡᠬᠢ ᠬᠤᠭᠤᠴᠠᠭᠠᠨ ᠳ᠋ᠦ ᠤᠰᠤᠯᠠᠯᠲᠠ ᠶ᠋ᠢᠨ ᠬᠡᠮᠵᠢᠶ᠎ᠡ ᠵᠢ ᠡᠵᠡᠮᠳᠡᠵᠦ᠍᠂ ᠬᠣᠢᠨᠠᠬᠢ ᠬᠤᠭᠤᠴᠠᠭᠠᠨ ᠳ᠋ᠦ ᠳᠡᠮᠲᠡᠢ᠎ᠨᠥᠬᠥᠪᠥᠷᠢᠯᠡᠪᠠᠯ 30% ᠪᠡᠷ ᠤᠰᠤ ᠠᠷᠪᠢᠯᠠᠵᠤ ᠳᠡᠢᠯᠬᠦ ᠮᠦᠷᠲᠡᠭᠡᠨ ᠤᠨᠠᠯᠲᠠ ᠵᠢ ᠪᠠᠰᠠ ᠵᠤᠬᠢᠬᠤ ᠬᠡᠮᠵᠢᠶ᠎ᠠ ᠪᠡᠷ ᠲᠠᠬᠡᠭᠰᠢᠯᠡᠬᠦᠯᠵᠤ ᠲᠠᠢᠯᠤᠨ᠎ᠠ》 ᠭᠡᠵᠦ ᠶᠠᠷᠢᠵᠤ ᠪᠠᠢᠯ᠎ᠠ᠃

ᠲᠣᠰᠭᠣᠨ ᠤ᠋ ᠠᠷᠠᠳ ᠪᠠᠢᠨ ᠳᠠᠬᠢᠨ ᠲᠣᠯᠣᠭᠠᠶ ᠳᠣᠬᠢᠵᠤ᠂ 《ᠥᠩᠭᠡᠷᠡᠭ᠌ᠰᠡᠨ ᠳ᠋ᠤ ᠲᠠᠷᠢᠶ᠎ᠠ ᠲᠠᠷᠢᠬᠤ ᠳ᠋ᠦ ᠬᠡᠵᠢᠶ᠎ᠡ ᠤᠰᠤᠯᠠᠬᠤ᠂ ᠬᠡᠳᠦᠶ ᠪᠣᠷᠳᠣᠭᠤᠷ ᠤᠷᠤᠭᠤᠯᠬᠤ ᠵᠢ ᠴᠥᠮ ᠲᠤᠷᠰᠢᠯᠭ᠎ᠠ ᠳ᠋ᠠᠭᠠᠨ ᠲᠦᠰᠢᠨ ᠬᠢᠵᠤ ᠪᠠᠢᠵᠠᠢ᠃ ᠣᠳᠣ ᠲᠤᠰᠭᠠᠶ ᠮᠡᠷᠭᠡᠵᠢᠯᠲᠡᠨ ᠤ᠋ ᠲᠤᠬᠠᠶ ᠶ᠋ᠢᠨ ᠲᠠᠯᠠᠪᠠᠢ ᠳ᠋ᠦ ᠲᠤᠷᠰᠢᠯᠲᠠ ᠬᠢᠵᠦ ᠦᠵᠡᠭᠦᠯᠦᠭᠰᠡᠨ ᠢ᠋ ᠰᠠᠢᠨ ᠤᠢᠯᠠᠭᠠᠯ᠎ᠠ᠂ ᠤᠨᠠᠯᠲᠠ ᠵᠢ ᠲᠠᠬᠡᠭᠰᠢᠯᠡᠬᠦᠯᠬᠦ ᠳ᠋ᠤ ᠬᠠᠰᠢᠯᠠ ᠱᠢᠨᠵᠢᠯᠡᠬᠦ᠌ ᠤᠬᠠᠭᠠᠨ ᠳ᠋ᠦ ᠲᠦᠰᠢᠭᠯᠡᠬᠦ ᠬᠡᠷᠡᠭ ᠲᠡᠢ ᠶᠤᠮ》 ᠭᠡᠵᠦ ᠠᠬᠠᠮᠠᠳ ᠲᠠᠷᠢᠶᠠᠴᠢᠨ ᠵᠠᠩ ᠹᠦ᠋ ᠾᠧᠦ ᠬᠡᠯᠡᠨ᠎ᠡ᠃ ᠬᠠᠪᠤᠷ ᠤᠷᠤᠭᠰᠠᠨ ᠡᠴᠡ ᠨᠠᠭᠠᠰᠢ ᠡᠢᠮᠦᠷᠬᠦᠦ ᠪᠣᠯᠪᠠᠰᠤᠷᠠᠯ ᠢ᠋ ᠨᠢᠭᠡᠨᠲᠡ 16 ᠤᠳᠠᠭ᠎ᠠ ᠡᠷᠭᠢᠯᠡᠵᠦ᠍᠂ 70 ᠭᠠᠷᠤᠶ ᠤᠳᠠᠭ᠎ᠠ ᠵᠢᠨ ᠲᠠᠷᠢᠶᠠᠨ ᠭᠠᠵᠠᠷ ᠲᠦ᠍ ᠬᠦᠷᠴᠦ ᠵᠢᠯᠤᠭᠤᠳᠤᠯᠭ᠎ᠠ ᠬᠢᠬᠦ ᠠᠵᠢᠯᠯᠠᠭ᠎ᠠ ᠦᠷᠨᠢᠭᠦᠯᠵᠦ᠂ 1800 ᠭᠠᠷᠤᠢ ᠲᠠᠷᠢᠶᠠᠴᠢᠨ ᠳ᠋ᠦ ᠨᠢᠭᠤᠷᠳᠠᠨ ᠵᠢᠭᠠᠨ ᠵᠢᠯᠤᠭᠤᠳᠤᠯᠭ᠎ᠠ ᠬᠦᠷᠲᠡᠭᠡᠪᠡ᠃

ᠪᠣᠯᠪᠠᠰᠤᠷᠠᠯ ᠨᠢ ᠮᠡᠷᠭᠡᠵᠢᠯ ᠤᠯᠠᠮᠵᠢᠯᠠᠬᠤ ᠮᠥᠷᠲᠡᠭᠡᠨ ᠪᠠᠰᠠ ᠣᠢᠯᠠᠭᠠᠭ᠍ᠳᠠᠬᠤᠨ ᠢ᠋ ᠲᠤᠳᠤᠷᠬᠠᠢ ᠵᠢᠭᠠᠵᠤ ᠦᠭᠴᠠᠢ᠃ ᠤᠷᠠᠳ ᠤ᠋ᠨ ᠡᠮᠦᠨᠡᠲᠦ ᠬᠣᠱᠢᠭᠤᠨ ᠤ᠋ ᠶᠡᠬᠡ ᠰᠢᠭᠡᠭᠲᠡᠢ ᠪᠠᠯᠭᠠᠰᠤᠨ ᠳ᠋ᠦ ᠲᠠᠷᠢᠶᠠᠯᠠᠩ ᠤ᠋ᠨ ᠮᠡᠷᠭᠡᠵᠢᠯᠲᠡᠨ ᠲᠠᠷᠢᠶᠠᠴᠢᠳ ᠢ᠋ ᠳᠠᠭᠠᠭᠤᠯᠤᠨ ᠲᠤᠬᠠᠢ ᠶ᠋ᠢᠨ ᠲᠠᠯᠠᠪᠠᠢ ᠳ᠋ᠦ ᠳᠣᠬᠢᠭᠤᠷ ᠲᠤᠯᠤᠭᠠᠨ ᠤᠳᠤ ᠵᠠᠮᠴᠢᠯᠠᠭ᠎ᠠ ᠶ᠋ᠢᠨ ᠰᠢᠰᠲᠸᠮ ᠤ᠋ᠨ ᠲᠥᠬᠥᠭᠡᠷᠦᠮᠵᠢ ᠵᠢ ᠲᠤᠬᠢᠷᠠᠭᠤᠯᠤᠨ ᠲᠤᠷᠱᠢᠵᠤ᠂ ᠤᠯᠠᠨ ᠳ᠋ᠦ ᠭᠠᠷ ᠤᠲᠠᠰᠤᠨ ᠳᠡᠭᠡᠷᠡᠬᠢ ᠠᠵᠢᠯ ᠤ᠋ᠨ ᠲᠣᠭ᠎ᠠ ᠪᠠᠷᠢᠮᠲᠠ ᠵᠢ ᠬᠡᠷᠬᠢᠨ ᠦᠵᠡᠬᠦ ᠵᠢ ᠵᠢᠭᠠᠵᠤ ᠦᠭᠭᠦᠨ᠎ᠡ᠃ 《ᠮᠠᠨ ᠤ᠋ ᠲᠠᠷᠢᠶᠠᠴᠢᠳ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠠᠰᠢᠭᠯᠠᠬᠤ ᠪᠤᠯᠵᠠᠢ》 ᠭᠡᠵᠦ ᠲᠠᠷᠢᠶᠠᠴᠢᠨ ᠸᠠᠩ ᠯᠧᠢ ᠪᠠᠶᠠᠷᠲᠠᠶ ᠬᠡᠯᠡᠨ᠎ᠡ᠃

《ᠲᠤᠷᠱᠢᠯᠭ᠎ᠠ ᠳ᠋ᠦ ᠲᠦᠱᠢᠭ᠌ᠯᠡᠬᠦ᠌》 ᠡᠴᠡ 《ᠲᠣᠭ᠎ᠠ ᠪᠠᠷᠢᠮᠲᠠ ᠳ᠋ᠦ ᠲᠦᠱᠢᠭ᠌ᠯᠡᠬᠦ᠌》 ᠬᠦᠷᠲᠡᠯ᠎ᠡ᠂ 《ᠲᠠᠷᠢᠶ᠎ᠠ ᠲᠠᠷᠢᠬᠤ》 ᠡᠴᠡ 《ᠣᠶᠤᠨᠴᠢ᠎ᠪᠠᠷ ᠲᠠᠷᠢᠶ᠎ᠠ ᠲᠠᠷᠢᠬᠤ》 ᠬᠦᠷᠲᠡᠯ᠎ᠡ᠂ ᠪᠠᠶᠠᠨᠨᠠᠭᠤᠷ ᠬᠤᠳᠠ ᠶᠠᠭ ᠠᠮᠤ ᠪᠤᠳᠠᠭᠠᠨ ᠤ᠋ ᠠᠮᠤᠷ ᠲᠦᠪᠱᠢᠨ ᠤ᠋ ᠬᠠᠷᠢᠭᠤᠴᠠᠯᠭ᠎ᠠ ᠵᠢ ᠲᠠᠷᠢᠶᠠᠴᠢᠳ ᠤ᠋ᠨ ᠰᠡᠳᠭᠢᠯ ᠳ᠋ᠤ ᠬᠠᠳᠠᠩᠱᠢᠭᠤᠯᠵᠤ᠂ ᠲᠠᠷᠢᠶᠠᠨ ᠭᠠᠵᠠᠷ ᠪᠦᠬᠦᠨ ᠳ᠋ᠦ ᠨᠠᠢᠳᠠᠪᠤᠷᠢᠵᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号