ᠰᠤᠷᠪᠤᠯᠵᠢᠯᠠᠭ᠍ᠴᠢ ᠣᠢᠷ᠎ᠠ᠎ᠳᠤ ᠤᠯᠠᠭᠠᠨᠴᠠᠪ ᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠤᠯᠠᠭᠠᠨᠴᠠᠪ ᠬᠣᠲᠠ ᠵᠢᠨ ᠬᠤᠲᠠ᠂ ᠱᠢᠶᠠᠨ ᠬᠣᠶᠠᠷ ᠱᠠᠲᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪᠴᠥᠮ 《ᠬᠦᠴᠢᠷ ᠶᠠᠪᠤᠳᠠᠯ ᠢ᠋ ᠰᠢᠢᠳᠪᠤᠷᠢᠯᠡᠬᠦ 》 ᠴᠣᠩᠬᠤᠪᠴᠢ ᠭᠠᠷᠭᠠᠭᠠᠳ᠂ ᠠᠵᠤ ᠠᠬᠤᠢᠯᠠᠯ ᠪᠠ ᠠᠷᠠᠳ᠎ᠲᠤ ᠠᠱᠢᠭ ᠬᠦᠷᠲᠡᠭᠡᠵᠦ ᠪᠤᠢ᠃
ᠲᠤᠰ ᠴᠤᠩᠬᠤᠪᠴᠢ ᠵᠢᠨ ᠬᠦᠯᠢᠶᠡᠨ ᠠᠪᠴᠤ᠌ ᠱᠢᠢᠳᠪᠦᠷᠢᠯᠡᠬᠦ᠌ ᠬᠡᠪᠴᠢᠶᠡᠨ᠎ᠳᠦ ᠡᠩ᠎ᠦᠨ ᠠᠷᠭ᠎ᠠ ᠵᠠᠮ᠎ᠳᠤ ᠲᠡᠪᠴᠢᠭ᠌ᠳᠡᠭ᠌ᠰᠡᠨ ᠭᠦᠢᠴᠡᠳᠭᠡᠵᠦ᠍ ᠳᠡᠢᠯᠬᠦ᠌ ᠦᠭᠡᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠂ ᠣᠯᠠᠨ ᠰᠠᠯᠠᠭ᠎ᠠ ᠮᠥᠴᠢᠷ᠎ᠲᠠᠢ ᠬᠣᠯᠪᠣᠭ᠍ᠳᠠᠵᠤ᠂ ᠲᠣᠳᠣᠷᠬᠠᠶ ᠬᠠᠷᠢᠭᠤᠯᠲᠠ ᠥᠬᠡᠶ᠂ ᠬᠡᠪ᠎ᠦᠨ ᠠᠯᠬᠤᠮ ᠲᠠᠷᠠᠭᠠᠯᠠᠯ ᠵᠢᠡᠷ ᠠᠬᠢᠭᠤᠯᠬᠤ᠎ᠶ᠋ᠢᠨ ᠠᠷᠭ᠎ᠠ ᠥᠬᠡᠶ ᠵᠦᠶ᠋ᠯᠡᠰ᠂ ᠠᠵᠤ ᠠᠬᠤᠢᠯᠠᠯ᠎ᠤᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠂ ᠲᠥᠷᠥᠯ ᠵᠦᠶ᠋ᠯ ᠲᠣᠭ᠍ᠲᠠᠭᠠᠨ ᠳᠠᠩᠰᠠᠯᠠᠬᠤ᠂ ᠭᠠᠵᠠᠷ ᠱᠢᠷᠣᠶ ᠬᠡᠷᠡᠭ᠌ᠯᠡᠬᠦ᠌ ᠲᠥᠯᠥᠪᠵᠢᠭᠦᠯᠭᠡ᠂ ᠦᠶ᠋ᠯᠡᠳᠪᠦᠷᠢᠯᠡᠯ ᠡᠵᠡᠩᠨᠡᠯᠲᠡ᠂ ᠬᠢᠷᠢ ᠬᠡᠮ ᠤ᠋ᠨ ᠭᠠᠷ ᠬᠦᠢᠴᠡᠳᠭᠡᠯ ᠵᠡᠷᠭᠡ ᠲᠠᠯ᠎ᠠ᠎ᠪᠠᠷ ᠬᠢ ᠲᠦᠭ᠌ᠵᠢᠷᠡᠯ ᠲᠠᠢ ᠲᠦᠪᠡᠭ᠌ᠲᠡᠶ ᠠᠰᠠᠭᠤᠳᠠᠯ᠂ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ᠎ᠳᠤ ᠲᠣᠬᠢᠶᠠᠯᠳᠤᠭ᠍ᠰᠠᠨ ᠠᠯᠬᠤᠮ ᠲᠠᠷᠠᠭᠠᠯᠠᠯ ᠤ᠋ᠨ ᠲᠦᠭ᠌ᠵᠢᠷᠡᠯ᠂ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠯᠴᠠᠭ᠎ᠠ ᠱᠢᠯᠤᠭᠤᠨ ᠪᠤᠰᠤ ᠵᠡᠷᠭᠡ ᠬᠦᠴᠢᠷ ᠲᠦᠪᠡᠭ᠌ᠲᠡᠶ ᠠᠰᠠᠭᠤᠳᠠᠯ ᠢ᠋ ᠪᠠᠭᠳᠠᠭᠠᠵᠠᠢ᠃ ᠲᠣᠰ ᠴᠤᠩᠬᠤᠪᠴᠢ《ᠡᠩ᠎ᠦᠨ ᠠᠷᠭ᠎ᠠ ᠵᠠᠮ᠎ᠢᠶᠠᠷ ᠱᠢᠶ᠋ᠳᠪᠦᠷᠢᠯᠡᠵᠦ᠍ ᠳᠡᠢᠯᠬᠦ᠌ ᠥᠬᠡᠶ ᠶᠠᠪᠤᠳᠠᠯ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ 《ᠱᠢᠶ᠋ᠳᠪᠦᠷᠢᠯᠡᠬᠦ᠌ ᠰᠡᠳᠭᠢᠬᠦᠶ》᠎ᠪᠠᠷ ᠭᠦᠶ᠋ᠴᠡᠳᠭᠡᠬᠦ᠌ᠠᠵᠢᠯ ᠶᠠᠪᠤᠳᠠᠯ᠎ᠤᠨ ᠬᠦᠴᠢᠷ ᠠᠰᠠᠭᠤᠳᠠᠯ ᠢ ᠱᠢᠶ᠋ᠳᠪᠦᠷᠢᠯᠡᠵᠦ᠍᠂ 《ᠠᠷᠠᠳ ᠡᠷᠢᠪᠡᠯ ᠪᠢ ᠬᠢᠵᠦ ᠦᠭᠬᠦ᠂ ᠠᠵᠤ ᠠᠬᠤᠢᠯᠠᠯ ᠬᠡᠷᠡᠭ᠌ᠴᠡᠭᠡ ᠪᠠᠢᠪᠠᠯ ᠪᠢ ᠱᠢᠶ᠋ᠳᠪᠦᠷᠢᠯᠡᠬᠦ᠌᠂ ᠭᠤᠶᠤᠴᠢᠯᠠᠯ ᠪᠠᠢᠪᠠᠯ ᠪᠢ ᠬᠠᠷᠢᠭᠤ ᠦᠭᠬᠦ᠂ ᠬᠦᠴᠢᠷ ᠶᠠᠪᠤᠳᠠᠯ ᠢ ᠪᠢ ᠱᠢᠶ᠋ᠳᠪᠦᠷᠢᠯᠡᠬᠦ᠌》 ᠬᠦᠴᠢᠷ ᠶᠠᠪᠤᠳᠠᠯ ᠢ᠋ ᠰᠢᠢᠳᠪᠤᠷᠢᠯᠡᠬᠦ ᠥᠪᠡᠷᠮᠢᠴᠡ ᠣᠨᠴᠠᠯᠢᠭ ᠪᠥᠬᠥᠶ ᠲᠦᠷᠦᠯ ᠲᠡᠮᠳᠡᠭ᠎ᠢ ᠪᠥᠬᠥ᠌ ᠬᠦᠴᠦᠨ᠎ᠢᠶᠡᠷ ᠴᠤᠭᠴᠠᠯᠠᠵᠤ ᠪᠤᠢ᠃
ᠤᠯᠠᠭᠠᠨᠴᠠᠪ ᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠦ ᠲᠣᠪᠴᠢᠶ᠎ᠠ᠎ᠶ᠋ᠢᠨ ᠳᠡᠳ᠋ ᠳᠠᠷᠤᠭ᠎ᠠ ᠦ᠋ ᠬᠠᠶ ᠶᠠᠩ᠄《ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 〈1571〉 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠬᠤ᠎ᠶ᠋ᠢᠨ ᠲᠥᠯᠥᠭᠡ᠂ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ᠎ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠪᠢᠳᠡ ᠥᠩᠭᠡᠷᠡᠭ᠌ᠰᠡᠨ᠎ᠦ ᠡᠢᠮᠦᠷᠬᠦᠤ ᠴᠣᠩᠬᠤᠪᠴᠢ᠎ᠶ᠋ᠢᠨ ᠠᠵᠢᠯ᠎ᠤᠨ ᠲᠤᠷᠱᠢᠯᠭ᠎ᠠ᠎ᠪᠠᠨ ᠳ᠋ᠦᠩᠨᠡᠬᠦ᠌᠎ᠶ᠋ᠢᠨ ᠬᠠᠮᠲᠤ ᠭᠤᠸᠠᠩᠵᠧᠦ᠂ ᠱᠧᠨᠵᠧᠨ᠂ ᠬᠠᠩᠵᠧᠦ ᠵᠡᠷᠭᠡ ᠭᠠᠵᠠᠷ᠎ᠵᠢᠡᠷ ᠱᠢᠨᠵᠢᠯᠡᠨ ᠪᠠᠢᠴᠠᠭᠠᠵᠤ ᠰᠤᠷᠤᠯᠴᠠᠨ᠂ ᠣᠯᠠᠨᠲᠠ ᠬᠤᠷᠠᠯ ᠬᠢᠵᠦ᠂〈ᠬᠡᠷᠡᠭ᠌ᠵᠢᠭᠦᠯᠬᠦ᠌ ᠰᠠᠨᠠᠯ〉 ᠢ᠋ ᠰᠤᠳᠤᠯᠤᠭ᠍ᠰᠠᠨᠤ ᠳᠠᠷᠠᠭ᠎ᠠ ᠤᠯᠠᠭᠠᠨᠴᠠᠪ ᠬᠣᠲᠠ᠎ᠶ᠋ᠢᠨ〈ᠬᠦᠴᠢᠷ ᠶᠠᠪᠤᠳᠠᠯ ᠢ᠋ ᠰᠢᠢᠳᠪᠤᠷᠢᠯᠡᠬᠦ〉 ᠴᠣᠩᠬᠤᠪᠴᠢ᠎ᠶ᠋ᠢ ᠪᠠᠢᠭᠤᠯᠵᠠᠢ᠃ ᠪᠢᠳᠡ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ ᠶᠡᠬᠡ ᠲᠢᠩᠬᠢᠮ᠎ᠳᠦ ᠬᠣᠲᠠ᠎ᠶ᠋ᠢᠨ ᠱᠠᠲᠤᠨ᠎ᠤ 〈ᠬᠦᠴᠢᠷ ᠶᠠᠪᠤᠳᠠᠯ᠎ᠢ ᠰᠢᠢᠳᠪᠤᠷᠢᠯᠡᠬᠦ 〉 ᠴᠣᠩᠬᠤᠪᠴᠢᠭᠠᠷᠭᠠᠬᠤ ᠵᠢᠨ ᠳᠠᠭᠠᠤ ᠡᠯ᠎ᠡ ᠬᠣᠱᠢᠭᠤ ᠱᠢᠶᠠᠨ ᠬᠣᠲᠠ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠲᠦ ᠵᠡᠷᠭᠡ᠎ᠪᠡᠷ ᠡᠢᠮᠦ᠍ ᠴᠣᠩᠬᠤᠪᠴᠢ ᠭᠠᠷᠭᠠᠵᠤ᠂ 〈ᠬᠣᠲᠠ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠂ ᠲᠤᠬᠠᠢ ᠵᠢᠨ ᠭᠠᠵᠠᠷ ᠭᠤᠤᠯ ᠬᠠᠷᠢᠭᠤᠴᠠᠯᠭ᠎ᠠ ᠡᠭᠦᠷᠭᠡᠯᠡᠬᠦ᠌᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ᠌〉ᠦᠶ᠋ᠯᠡᠴᠢᠯᠡᠭᠡᠨ᠎ᠦ ᠱᠢᠰᠲ᠋ᠧᠮ ᠢ᠋ ᠪᠠᠢᠭᠤᠯᠵᠤ᠂ ᠠᠵᠤ ᠠᠬᠤᠢᠯᠠᠯ ᠣᠯᠠᠨ ᠲᠦᠮᠡᠨ ᠬᠦᠴᠢᠷ ᠶᠠᠪᠤᠳᠠᠯ ᠢ 〈ᠣᠢᠷ᠎ᠠ ᠬᠠᠪᠢ᠎ᠳᠠᠭᠠᠨ ᠭᠦᠶ᠋ᠴᠡᠳᠭᠡᠵᠤ᠂ ᠬᠡᠷ ᠦᠨ ᠡᠭᠦᠳᠡᠨ᠎ᠳᠡᠭᠡᠨ ᠭᠦᠶ᠋ᠴᠡᠳᠭᠡᠵᠤ〉 ᠲᠡᠢᠯᠬᠦ ᠪᠤᠯᠤᠯ᠎ᠠ᠃ ᠡᠩ᠎ᠦᠨ ᠴᠣᠩᠬᠤᠪᠴᠢ᠎ᠲᠠᠶ ᠬᠠᠷᠢᠴᠠᠭᠤᠯᠪᠠᠯ᠂ ᠲᠤᠰ ᠴᠣᠩᠬᠤᠪᠴᠢ ᠵᠢᠨ ᠤᠴᠢᠷ ᠶᠠᠪᠤᠳᠠᠯ ᠱᠢᠶ᠋ᠳᠪᠦᠷᠢᠯᠡᠬᠦ᠌ ᠡᠷᠴᠢᠮ ᠨᠢ ᠨᠠᠩ ᠴᠢᠩᠭ᠎ᠠ ᠪᠠᠢᠵᠤ᠂ ᠲᠤᠬᠠᠶ᠎ᠶ᠋ᠢᠨ ᠲᠠᠯᠠᠪᠠᠢ᠎ᠳᠤ ᠲᠡᠷᠡ ᠲᠠᠷᠤᠢ ᠳ᠋ᠤᠨᠢ ᠱᠢᠶ᠋ᠳᠪᠦᠷᠢᠯᠡᠬᠦ᠌᠎ᠶ᠋ᠢ ᠱᠠᠭᠠᠷᠳᠠᠨ᠎ᠠ᠃ ᠬᠡᠷᠪᠡ ᠬᠦᠯᠢᠶᠡᠨ ᠠᠪᠴᠤ᠌ ᠱᠢᠢᠳᠪᠦᠷᠢᠯᠡᠬᠦ᠌ ᠤᠴᠢᠷ ᠶᠠᠪᠤᠳᠠᠯ᠎ᠨᠢ ᠣᠨᠴᠠᠭᠠᠢ ᠬᠦᠴᠢᠷ ᠪᠣᠯ ᠬᠤᠲᠠ᠎ᠶ᠋ᠢᠨ ᠵᠠᠰᠠᠭ᠎ᠤᠨ ᠤᠷᠳᠤᠨ᠎ᠤ ᠪᠠᠢᠩᠭᠤ᠎ᠶ᠋ᠢᠨ ᠬᠤᠷᠠᠯ ᠪᠤᠶᠤ ᠬᠤᠲᠠ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠳᠡᠭᠡᠷ᠎ᠡ ᠳᠡᠪᠱᠢᠭᠦᠯᠦᠭᠡᠳ ᠰᠤᠳᠤᠯᠤᠨ ᠱᠢᠢᠳᠪᠦᠷᠢᠯᠡᠭᠦᠯᠵᠦ᠍ ᠪᠣᠯᠤᠨ᠎ᠠ》 ᠬᠡᠵᠤ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃
ᠡᠢᠨ ᠬᠦ᠌ ᠥᠨᠳᠥᠷ ᠪᠦᠲᠦᠮᠵᠢᠲᠡᠶ ᠠᠵᠢᠯ᠎ᠤᠨ ᠦᠷ᠎ᠡ ᠪᠦᠲᠦᠮᠵᠢ ᠨᠢ ᠠᠵᠤ ᠠᠬᠤᠢᠯᠠᠯ ᠣᠯᠠᠨ ᠲᠦᠮᠡᠨ᠎ᠦ ᠮᠠᠭ᠍ᠲᠠᠭᠠᠯ ᠰᠠᠢᠱᠢᠶᠠᠯ᠎ᠢ ᠣᠯᠪᠠ᠃ ᠤᠯᠠᠭᠠᠨᠴᠠᠪ ᠬᠣᠲᠠ᠎ᠶ᠋ᠢᠨ《ᠬᠦᠴᠢᠷ ᠶᠠᠪᠤᠳᠠᠯ ᠢ᠋ ᠰᠢᠢᠳᠪᠤᠷᠢᠯᠡᠬᠦ》 ᠴᠣᠩᠬᠣᠪᠴᠢ᠎ᠶ᠋ᠢᠨ ᠭᠥᠯᠢᠶᠡᠨ ᠠᠪᠬᠤ ᠲᠠᠰᠤᠭ᠎ᠤᠨ ᠬᠡᠷᠡᠮ ᠳᠡᠭᠡᠷ᠎ᠡ ᠥᠪᠥᠷ ᠮᠣᠩᠭᠣᠯ᠎ᠤᠨ ᠲᠢᠶᠠᠨ ᠢᠦᠶ ᠳ᠋ᠡ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠵᠢᠨ ᠬᠦᠷᠭᠡᠭᠰᠡᠨ《ᠪᠥᠬᠥ᠌ ᠬᠦᠴᠦᠨ᠎ᠢᠶᠡᠷ᠎ᠢᠶᠡᠨ ᠬᠦᠴᠢᠷᠳᠡᠯ᠎ᠢ ᠱᠢᠶ᠋ᠳᠪᠦᠷᠢᠯᠡᠵᠦ᠍᠂ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠮᠤᠢ》 ᠬᠡᠰᠡᠨ ᠪᠢᠴᠢᠭᠡᠰᠤ ᠲᠠᠢ ᠬᠡᠮᠡᠷᠯᠢᠭ ᠲᠣᠭ᠎ᠢ ᠡᠯᠭᠦᠵᠦ᠍ ᠪᠠᠢᠯ᠎ᠠ᠃ ᠲᠤᠰ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠸᠠᠩ ᠸᠧᠢ᠄《ᠪᠢᠳᠡ ᠲᠦᠷᠦᠭᠦᠭᠡᠨ ᠡᡁᠸᠪᠸᠢ ᠵᠢᠨ ᠨᠢᠭᠡ ᠺᠣᠮᠫᠠᠨᠢ᠎ᠲᠠᠶ ᠵᠠᠭᠤᠷᠠᠭᠠᠨ᠎ᠲᠠᠶ ᠪᠤᠯᠤᠭᠠᠳ ᠡᠳ᠋ ᠬᠦᠷᠤᠩᠬᠡ ᠪᠢᠲᠡᠭᠦᠮᠵᠢᠯᠡᠭ᠌ᠳᠡᠨ᠂ ᠦᠢᠯᠡᠳᠪᠦᠷᠢᠯᠡᠯ ᠵᠣᠭ᠍ᠰᠣᠬᠤ ᠠᠶᠤᠯ᠎ᠳᠤ ᠲᠤᠯᠭᠠᠷᠠᠵᠠᠢ᠃ ᠢᠩᠭᠢᠭᠡᠳ ᠪᠢᠳᠡ ᠤᠯᠠᠭᠠᠨᠴᠠᠪ ᠬᠣᠲᠠ᠎ᠶ᠋ᠢᠨ〈ᠬᠦᠴᠢᠷ ᠶᠠᠪᠤᠳᠠᠯ᠎ᠢ ᠰᠢᠢᠳᠪᠤᠷᠢᠯᠡᠬᠦ〉 ᠴᠣᠩᠬᠤᠪᠴᠢ᠎ᠳᠤ ᠬᠦᠷᠴᠦ᠍᠂ ᠡᠳ᠋ ᠬᠥᠷᠥᠩᠭᠡ᠎ᠶ᠋ᠢᠨ ᠪᠢᠲᠡᠭᠦᠮᠵᠢᠯᠡᠯ᠎ᠢ ᠬᠦᠴᠦᠨ ᠦᠭᠡᠢ ᠪᠤᠯᠭᠠᠬᠤ ᠬᠦᠰᠡᠯ ᠬᠡᠷᠡᠭᠴᠡᠭᠡ᠎ᠪᠠᠨ ᠢᠯᠡᠳᠭᠡᠯᠠ᠃ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ᠂ ᠲᠠᠳᠠ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠢ᠋ ᠢᠳᠡᠪᠬᠢᠲᠡᠶ ᠵᠣᠬᠢᠴᠠᠭᠤᠯᠵᠤ᠂ ᠨᠢᠭᠡ ᠠᠵᠢᠯ᠎ᠤᠨ ᠡᠳᠦᠷ᠎ᠲᠦ ᠮᠠᠨ ᠤ᠋ ᠡᠳ᠋ ᠬᠥᠷᠥᠩᠭᠡ ᠵᠢᠨ ᠪᠢᠲᠡᠭᠦᠮᠵᠢᠯᠡᠯ ᠢ᠋ ᠬᠦᠴᠦᠨ ᠦᠭᠡᠢ ᠪᠤᠯᠭᠠᠨ᠂ ᠮᠠᠨ ᠤ᠋ ᠤᠢᠯᠡᠳᠪᠦᠷᠢᠯᠡᠯ ᠵᠢᠡᠨ ᠦᠷᠭᠦᠯᠵᠢᠯᠡᠭᠦᠯᠬᠦ ᠳ᠋ᠤ ᠲᠤᠰᠠᠯᠠᠵᠠᠢ》 ᠬᠡᠵᠤ ᠰᠤᠷᠪᠤᠯᠵᠢᠯᠠᠭᠴᠢ᠎ᠳᠤ ᠶᠠᠷᠢᠭᠰᠠᠨ ᠪᠠᠢᠨ᠎ᠠ᠃