ᠸᠠᠩ ᠸᠧᠶ ᠵᠥᠩ ᠪᠠᠶᠠᠨᠨᠠᠭᠤᠷ ᠬᠣᠲᠠ᠎ᠳᠤ ᠪᠠᠢᠴᠠᠭᠠᠨ ᠰᠤᠳᠤᠯᠤᠯᠲᠠ ᠬᠢᠭ᠌ᠰᠡᠨ ᠪᠥᠭᠡᠳ ᠰᠤᠷᠪᠤᠯᠵᠢᠯᠠᠷ᠎ᠠ ᠢᠷᠡᠭ᠌ᠰᠡᠨ ᠣᠯᠠᠨ ᠲᠦᠮᠡᠨ᠎ᠢ ᠭᠥᠯᠢᠶᠡᠨ ᠠᠪᠤᠪᠠ
2026-05-13 10:10:37
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 11 ᠡᠴᠡ 12 ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠪᠠᠶᠠᠨᠨᠠᠭᠤᠷ ᠬᠤᠳᠠ᠎ᠳᠤ ᠭᠦᠨᠵᠡᠭᠡᠢᠷᠡᠨ ᠪᠠᠢᠴᠠᠭᠠᠨ ᠰᠤᠳᠤᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠵᠠᠰᠠᠭ ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠬᠦᠴᠦᠯᠡᠨ ᠴᠡᠭ᠌ᠴᠡᠯᠡᠨ ᠵᠠᠰᠠᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠳᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠤᠷᠠᠳ᠎ᠤᠨ ᠳᠤᠮᠳᠠᠳᠤ ᠬᠣᠱᠢᠭᠤᠨ᠎ᠤ 《ᠵᠢᠨ ᠱᠢ ᠵᠢᠶᠤᠤ》 ᠠᠭᠤᠰᠤᠯᠴᠠᠨ ᠰᠢᠨ᠎ᠡ ᠵᠢ ᠡᠭᠦᠳᠬᠦ᠌ ᠲᠦᠷᠦᠯ ᠲᠡᠮᠳᠡᠭ᠌ᠳᠤ ᠵᠡᠭᠡᠯᠢ᠎ᠶ᠋ᠢᠨ ᠲᠥᠷᠥᠯ ᠵᠦᠶ᠋ᠯ᠎ᠨᠢ ᠦᠨᠳᠦᠰᠦᠲᠡᠨ᠎ᠨᠦᠭᠦᠳ᠎ᠤᠨ ᠬᠠᠮᠲᠤ ᠪᠡᠷ ᠦᠮᠴᠢᠯᠡᠵᠦ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ᠎ᠢ ᠭᠦᠨᠵᠡᠭᠡᠶ ᠠᠭᠤᠳᠠᠯᠵᠤ᠂ ᠥᠪᠡᠷᠮᠢᠴᠡ ᠣᠨᠴᠠᠯᠢᠭ ᠪᠥᠬᠥᠶ ᠦᠨᠳᠦᠰᠦᠲᠡᠨ᠎ᠦ ᠭᠠᠷ ᠤᠷᠠᠯᠠᠯ᠎ᠤᠨ ᠦᠶ᠋ᠯᠡᠳᠬᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠭᠤᠯᠪᠠ᠃ ᠸᠠᠩ ᠸᠧᠶ ᠵᠥᠩ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠂ ᠭᠠᠷ ᠤᠷᠠᠯᠢᠭ᠍ᠴᠢᠨ᠂ ᠳᠡᠯᠭᠡᠭᠦᠷ᠎ᠦᠨ ᠡᠵᠡᠨ᠎ᠲᠡᠶ ᠳᠣᠲᠣᠨᠣ᠎ᠪᠠᠷ ᠶᠠᠷᠢᠯᠴᠠᠵᠤ᠂ ᠦᠨᠳᠦᠰᠦᠲᠡᠨ᠎ᠦ ᠭᠠᠷ ᠤᠷᠠᠯᠠᠯ᠎ᠤᠨ ᠦᠶ᠋ᠯᠡᠳᠬᠦᠨ᠎ᠦ ᠪᠦᠲᠦᠭᠡᠯᠴᠢ ᠵᠢᠷᠤᠭ ᠲᠥᠯᠥᠪᠯᠡᠭᠡ᠂ ᠮᠠᠲ᠋ᠧᠷᠢᠶᠠᠯ ᠎ᠤᠨ ᠢᠷᠡᠯᠲᠡ᠂ ᠲᠦᠷᠦᠯ ᠲᠡᠮᠳᠡᠭ᠌᠎ᠤᠨ ᠡᠭᠦᠳᠦᠨ ᠪᠠᠢᠭᠤᠯᠤᠯᠲᠠ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠪᠣᠷᠣᠯᠠᠭᠤᠯᠭ᠎ᠠ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠣᠯᠠᠨ᠎ᠢ ᠮᠠᠨ᠎ᠤ ᠣᠷᠣᠨ᠎ᠤ ᠡᠯᠪᠡᠭ ᠪᠠᠶᠠᠯᠢᠭ ᠲᠡᠦᠬᠡ ᠰᠣᠶᠣᠯ᠎ᠤᠨ ᠡᠬᠢ ᠪᠠᠶᠠᠯᠢᠭ ᠎ᠢ ᠭᠦᠨᠵᠡᠭᠡᠶ ᠠᠭᠤᠳᠠᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠱᠢᠨ᠎ᠡ᠎ᠶ᠋ᠢ ᠡᠭᠦᠳᠦᠨ ᠤᠯᠠᠮᠵᠢᠯᠠᠨ ᠵᠠᠯᠭᠠᠮᠵᠢᠯᠠᠵᠤ᠂ ᠦᠶ᠋ᠯᠡᠳᠬᠦᠨ ᠪᠠ ᠡᠵᠡᠩᠨᠡᠨ ᠪᠣᠷᠣᠯᠠᠭᠤᠯᠬᠤ ᠵᠠᠭ᠍ᠪᠤᠷ᠎ᠤᠨ ᠲᠠᠰ ᠳᠡᠪᠱᠢᠬᠦ᠌ ᠎ᠶ᠋ᠢ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠠᠬᠢᠭᠤᠯᠤᠭᠠᠷᠠᠢ ᠭᠡᠵᠦ ᠵᠣᠷᠢᠭ᠍ᠵᠢᠭᠤᠯᠪᠠ᠃ ᠲᠡᠷᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠢ ᠦᠨᠳᠦᠰᠦᠲᠡᠨ᠎ᠦ ᠭᠠᠷ ᠤᠷᠠᠯᠠᠯ᠎ᠤᠨ ᠦᠶ᠋ᠯᠡᠳᠬᠦᠨ᠎ᠢ ᠦᠶ᠋ᠯᠡᠳᠬᠦ᠌ ᠵᠡᠷᠭᠡ ᠰᠣᠶᠣᠯ ᠎ᠤᠨ ᠠᠵᠤ ᠦᠶ᠋ᠯᠡᠰ᠎ᠦᠨ ᠬᠥᠭ᠌ᠵᠢᠯᠲᠡ ᠎ᠶ᠋ᠢ ᠳᠡᠮᠵᠢᠬᠦ᠌ ᠡᠷᠴᠢᠮ ᠎ᠢᠶᠡᠨ ᠴᠢᠩᠭᠠᠷᠠᠭᠤᠯᠵᠤ᠂ ᠦᠨᠳᠦᠰᠦᠲᠡᠨ᠎ᠨᠦᠭᠦᠳ ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯᠤᠨ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠨᠠᠩ ᠰᠠᠢᠲᠤᠷ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃


QQ20260513-104213.png


 5 ᠰᠠᠷ᠎ᠠ᠎ᠶ᠋ᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠭᠠᠭ᠍ᠴᠠᠮᠤᠳᠤ ᠬᠢᠯᠢ᠎ᠶ᠋ᠢᠨ ᠪᠣᠭᠣᠮᠲᠠ᠎ᠳᠤ ᠨᠤᠤ ᠡᠯ ᠵᠦᠩ ᠬᠤᠢ AGV(ᠠᠦ᠋ᠲ᠋ᠣ᠋ ᠬᠦᠳᠦᠯᠦᠨ ᠳᠠᠭᠠᠭᠤᠯᠬᠤ ᠲᠡᠷᠭᠡ)ᠬᠢᠯᠢ ᠵᠢᠨ ᠪᠣᠭᠣᠮᠲᠠ᠎ᠶ᠋ᠢᠨ ᠬᠢᠨᠠᠨ ᠬᠠᠮᠢᠶᠠᠷᠤᠯᠲᠠ᠎ᠶ᠋ᠢᠨ ᠲᠠᠯᠠᠪᠤᠷ ᠭᠠᠵᠠᠷ ᠎ᠢ  ᠪᠠᠢᠴᠠᠭᠠᠨ ᠦᠵᠡᠵᠦ᠍᠂ ᠵᠢᠯᠣᠭᠣᠴᠢ ᠦᠭᠡᠢ ᠬᠢᠯᠢ ᠠᠯᠤᠰᠯᠠᠭ᠍ᠰᠠᠨ ᠲᠡᠭᠡᠭᠡᠪᠦᠷᠢ ᠵᠢᠨ ᠪᠠᠢᠳᠠᠯ᠎ᠢ ᠤᠢᠯᠠᠭᠠᠪᠠ᠃    

 ᠲᠤᠰ ᠰᠤᠨᠢᠨ᠎ᠤ ᠰᠤᠷᠪᠤᠯᠵᠢᠯᠠᠭᠴᠢ   ᠮᠠ ᠵᠢᠶᠠᠨ ᠪᠢᠩ  ᠰᠡᠭᠦᠳᠡᠷᠯᠡᠪᠡ


 ᠭᠠᠭ᠍ᠴᠠᠮᠤᠳᠤ ᠬᠢᠯᠢ᠎ᠶ᠋ᠢᠨ ᠪᠣᠭᠣᠮᠲᠠ᠎ᠳᠤ᠂ ᠸᠠᠩ ᠸᠧᠢ ᠵᠦᠩ ᠨᠤᠤ ᠡᠯ ᠵᠦᠩ ᠬᠤᠢ AGV(ᠠᠦ᠋ᠲ᠋ᠣ᠋ ᠬᠦᠳᠦᠯᠦᠨ ᠳᠠᠭᠠᠭᠤᠯᠬᠤ ᠲᠡᠷᠭᠡ) ᠬᠢᠯᠢ ᠵᠢᠨ ᠪᠣᠭᠣᠮᠲᠠ᠎ᠶ᠋ᠢᠨ ᠬᠢᠨᠠᠨ ᠬᠠᠮᠢᠶᠠᠷᠤᠯᠲᠠ᠎ᠶ᠋ᠢᠨ ᠲᠠᠯᠠᠪᠤᠷ ᠭᠠᠵᠠᠷ ᠪᠣᠯᠤᠨ ᠬᠢᠯᠢ ᠵᠢᠨ ᠪᠣᠭᠣᠮᠲᠠ᠎ᠪᠠᠷ ᠥᠩᠭᠡᠷᠡᠬᠦ᠌ ᠤᠶᠤᠨᠴᠢ ᠬᠠᠮᠢᠶᠠᠷᠤᠨ ᠡᠵᠡᠮᠳᠡᠬᠦ᠌ ᠲᠥᠪ ᠲᠤ᠌ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠵᠦ᠍᠂ ᠬᠢᠯᠢ᠎ᠶ᠋ᠢᠨ ᠪᠣᠭᠣᠮᠲᠠ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠂ ᠵᠢᠯᠣᠭᠣᠴᠢ ᠦᠭᠡᠢ ᠬᠢᠯᠢ ᠠᠯᠤᠰᠯᠠᠭ᠍ᠰᠠᠨ ᠲᠡᠭᠡᠭᠡᠪᠦᠷᠢ᠂ ᠬᠢᠯᠢ ᠵᠢᠨ ᠪᠣᠭᠣᠮᠲᠠ᠎ᠪᠠᠷ ᠥᠩᠭᠡᠷᠡᠬᠦ᠌᠎ᠶ᠋ᠢ ᠬᠠᠮᠢᠶᠠᠷᠤᠨ ᠡᠵᠡᠮᠳᠡᠬᠦ᠌᠂ ᠭᠠᠳᠠᠭᠠᠳᠤ ᠠᠷᠠᠯᠵᠢᠶ᠎ᠠ ᠵᠡᠷᠭᠡ ᠪᠠᠢᠳᠠᠯ᠎ᠤᠨ ᠲᠠᠨᠢᠯᠴᠠᠭᠤᠯᠭ᠎ᠠ᠎ᠶ᠋ᠢ ᠰᠣᠨᠣᠰᠪᠠ᠃ ᠲᠡᠷᠡ᠂ ᠲᠡᠷᠢᠭᠦᠨ᠎ᠦ ᠭᠠᠵᠠᠷ ᠣᠷᠣᠨ᠎ᠤ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠯᠲᠠ᠎ᠶ᠋ᠢᠨ ᠲᠤᠷᠱᠢᠯᠭ᠎ᠠ᠎ᠶ᠋ᠢ ᠰᠤᠷᠤᠯᠴᠠᠵᠤ᠂ ᠤᠶᠤᠨᠴᠢ ᠬᠢᠯᠢ᠎ᠶ᠋ᠢᠨ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠬᠢᠯᠢ ᠎ᠶ᠋ᠢᠨ ᠪᠣᠭᠣᠮᠲᠠ ᠎ᠶ᠋ᠢᠨ ᠦᠢᠯᠡᠳᠦᠯ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠬᠢᠯᠢ ᠵᠢᠨ ᠪᠣᠭᠣᠮᠲᠠ ᠎ᠪᠠᠷ ᠥᠩᠭᠡᠷᠡᠬᠦ᠌ ᠳᠥᠭᠥᠮ ᠦᠵᠡᠬᠦᠯᠬᠦ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠶ᠃ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠭᠠᠳᠠᠭᠠᠳᠤ ᠡᠴᠡ ᠣᠷᠣᠭᠤᠯᠬᠤ ᠡᠬᠢ ᠪᠠᠶᠠᠯᠢᠭ᠎ᠢ ᠡᠳ᠋ᠱᠢᠭᠦᠯᠬᠦ᠌ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂《ᠲᠡᠮᠵᠢᠯᠭ᠎ᠠ ᠵᠢᠨ ᠠᠵᠤ ᠠᠬᠤᠢ》 ᠡᠴᠡ 《ᠰᠠᠭᠤᠷᠢᠰᠢᠯ ᠠᠵᠤ ᠠᠬᠤᠢ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠪᠠᠶᠠᠨᠨᠠᠭᠤᠷ᠎ᠤᠨ ᠽᠢ ᠵᠢᠨ ᠥᠩᠭᠡᠲᠦ ᠲᠡᠮᠦᠷᠯᠢᠭ᠎ᠦᠨ ᠬᠢᠵᠠᠭᠠᠷᠲᠤ ᠺᠣᠮᠫᠠᠨᠢ᠎ᠳᠤ᠂ ᠸᠠᠩ ᠸᠧᠢ ᠵᠦᠩ ᠠᠵᠤ ᠠᠬᠤᠢᠯᠠᠯ ᠎ᠤᠨ ᠪᠠᠢᠳᠠᠯ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠠᠵᠤ ᠠᠬᠤᠢᠯᠠᠯ ᠎ᠤᠨ ᠬᠢᠨ ᠎ᠢ ᠤᠶᠤᠨᠴᠢᠯᠠᠭᠰᠠᠨ᠂ ᠪᠣᠬᠢᠷᠲᠤᠯ ᠦᠭᠡᠢ᠂ ᠠᠭᠤᠰᠤᠯᠴᠠᠭᠰᠠᠨ ᠬᠥᠭ᠌ᠵᠢᠭᠦᠯᠬᠦ᠌ ᠴᠢᠭ᠌ᠯᠡᠯ ᠎ᠢ ᠪᠠᠷᠢᠮᠲᠠᠯᠠᠵᠤ᠂ ᠡᠬᠢ ᠪᠠᠶᠠᠯᠢᠭ᠎ᠢ ᠠᠷᠪᠢᠲᠠᠢ ᠡᠷᠴᠢᠮᠵᠢᠭᠦᠯᠦᠨ ᠠᠱᠢᠭ᠍ᠯᠠᠬᠤ᠎ᠶ᠋ᠢ ᠴᠢᠩᠭᠠᠳᠭᠠᠵᠤ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠵᠤ ᠦᠢᠯᠡᠰ᠎ᠦᠨ ᠬᠡᠯᠬᠢᠶ᠎ᠡ ᠦᠷᠳᠡᠭ᠎ᠦᠨ ᠬᠡᠯᠬᠢᠶ᠎ᠡ᠎ᠶ᠋ᠢᠨ ᠳᠡᠭᠡᠳᠦ ᠲᠡᠰ ᠲᠡᠢᠰᠢ ᠬᠦᠭᠵᠢᠬᠦᠯᠤᠭᠡᠷᠡᠢ ᠭᠡᠵᠦ᠍ ᠵᠣᠷᠢᠭ᠍ᠵᠢᠭᠤᠯᠪᠠ᠃

  ᠣᠳᠣᠬᠠᠨ᠎ᠳᠤ ᠶᠠᠭ ᠲᠠᠷᠢᠶᠠᠯᠠᠭ᠎ᠠ ᠵᠢᠨ ᠠᠵᠢᠯ᠎ᠤᠨ ᠶᠠᠭᠠᠷᠠᠤ ᠴᠠᠭ ᠬᠦᠷᠴᠦ ᠢᠷᠡᠵᠡᠢ᠂ ᠸᠠᠩ ᠸᠧᠢ ᠵᠦᠩ ᠯᠢᠨ ᠾᠧ ᠲᠣᠭᠣᠷᠢᠭ᠎ᠤᠨ ᠬᠤᠶᠠᠷ ᠪᠤᠭᠲᠠ ᠠᠭᠤᠯᠠ ᠪᠠᠯᠭᠠᠰᠤᠨ᠎ᠤ ᠱᠢᠩ ᠹᠦ᠋ ᠲᠣᠰᠭᠣᠨ᠎ᠳᠤ ᠬᠦᠷᠴᠦ᠍᠂ ᠲᠠᠷᠢᠶᠠᠨ ᠭᠠᠵᠠᠷ᠎ᠲᠤ ᠭᠦᠨᠵᠡᠭᠡᠢᠷᠡᠨ ᠬᠠᠲᠠᠭᠤᠯᠢᠭ ᠪᠤᠭᠤᠳᠠᠢ ᠵᠡᠷᠭᠡ ᠲᠠᠷᠢᠮᠠᠯ᠎ᠤᠨ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠲᠠᠷᠢᠶᠠᠯᠠᠬᠤ ᠴᠠᠭ᠎ᠢ ᠠᠮᠵᠢᠨ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠂ ᠲᠠᠷᠢᠶᠠᠨ ᠭᠠᠵᠠᠷ᠎ᠤᠨ ᠬᠠᠮᠢᠶᠠᠷᠤᠯᠲᠠ ᠪᠠ ᠮᠡᠷᠭᠡᠵᠢᠯ᠎ᠦᠨ ᠵᠢᠯᠤᠭᠤᠳᠤᠯᠭ᠎ᠠ᠎ᠶ᠋ᠢ ᠰᠠᠢᠲᠤᠷ ᠠᠳᠭᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠬᠠᠮᠢᠶᠠᠷᠤᠯᠲᠠ ᠬᠠᠮᠠᠭᠠᠯᠠᠯᠲᠠ᠎ᠶ᠋ᠢ ᠰᠠᠢᠲᠤᠷ ᠠᠳᠭᠤᠵᠤ᠂ ᠠᠮᠤ ᠪᠤᠳᠠᠭᠠᠨ ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃ ᠤᠷᠠᠳ᠎ᠤᠨ ᠬᠣᠢᠲᠤ ᠬᠣᠱᠢᠭᠤᠨ᠎ᠤ ᠤᠦ ᠵᠢᠨ ᠪᠤᠯᠠᠭ ᠰᠤᠮᠤ᠎ᠶ᠋ᠢᠨ ᠲᠦᠮᠡᠨ ᠲᠤᠯᠤᠭᠠᠢ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠰᠠᠭᠤᠷᠢᠨ᠎ᠳᠤ᠂ ᠲᠡᠷᠡ ᠲᠡᠵᠢᠭᠡᠨ ᠦᠷᠡᠵᠢᠭᠦᠯᠬᠦ᠌ ᠲᠤᠨᠤᠭ ᠲᠥᠬᠥᠭᠡᠷᠦᠮᠵᠢ᠂ ᠡᠭᠦᠯᠳᠡᠷ᠎ᠤᠨ ᠢᠷᠡᠯᠲᠡ᠂ ᠲᠡᠵᠢᠭᠡᠯ ᠪᠣᠷᠳᠣᠭ᠎ᠠ ᠪᠠ ᠥᠪᠡᠷ᠎ᠦᠨ ᠥᠷᠲᠡᠭ ᠦᠷ᠎ᠡ ᠠᠱᠢᠭ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ᠎ᠤᠨ ᠬᠢᠨ᠎ᠢ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠲᠥᠷᠥᠯ ᠲᠡᠮᠳᠡᠭ᠎ᠦᠨ ᠪᠠᠢᠭᠤᠯᠤᠯᠲᠠ᠂ ᠨᠠᠷᠢᠯᠢᠭ ᠡᠳ᠋ᠱᠢᠭᠦᠯᠬᠦ᠌ ᠪᠠ ᠵᠠᠬ᠎ᠠ ᠳᠡᠯᠭᠡᠭᠦᠷ᠎ᠢ ᠨᠡᠭᠡᠭᠡᠬᠦ᠌᠎ᠪᠡᠨ ᠴᠢᠩᠭᠠᠳᠬᠠᠵᠤ᠂ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ᠎ᠢ ᠲᠠᠢᠴᠢᠯᠠᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ᠎ᠦᠨ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠭᠦ ᠵᠢ ᠵᠤᠷᠢᠭᠵᠢᠭᠤᠯᠪᠠ᠃

 ᠸᠠᠩ ᠸᠧᠶ ᠵᠥᠩ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠪᠡ᠃ ᠲᠡᠷᠡ ᠭᠤᠸᠠᠩᠮᠢᠩ ᠲᠣᠰᠭᠣᠨ᠎ᠤ ᠲᠣᠰᠭᠣᠨ᠎ᠤ ᠠᠷᠠᠳ᠎ᠤᠨ ᠵᠥᠪᠯᠡᠯ᠎ᠳᠦ ᠬᠦᠷᠴᠦ᠍ ᠦᠨᠳᠦᠰᠦᠨ ᠱᠠᠲᠤᠨ᠎ᠤ ᠺᠠᠳ᠋ᠷ᠎ᠲᠠᠶ ᠬᠥᠳᠡᠭᠡ ᠲᠣᠰᠭᠣᠨ᠎ᠤ ᠬᠠᠮᠲᠤ᠎ᠶ᠋ᠢᠨ《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》ᠤ᠋ᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠡᠷᠭᠡ ᠪᠠᠢᠳᠠᠯ᠎ᠢ ᠭᠦᠨᠵᠡᠭᠡᠶ ᠶᠠᠷᠢᠯᠴᠠᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠨᠢ ᠣᠯᠠᠨ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠣᠬᠢᠷᠠᠭᠤᠯᠵᠤ᠂ ᠨᠠᠮ᠎ᠤᠨ ᠲᠥᠷᠥ᠍ ᠪᠠᠷᠢᠬᠤ ᠰᠠᠭᠤᠷᠢ᠎ᠶ᠋ᠢ ᠭᠤᠢᠪᠢᠯᠵᠠᠭᠤᠯᠵᠤ᠂ ᠦᠨᠳᠦᠰᠦᠨ ᠱᠠᠲᠤᠨ᠎ᠤ ᠤᠯᠤᠰ ᠲᠥᠷᠥ᠎ᠶ᠋ᠢᠨ ᠠᠮᠢ ᠠᠬᠤᠶ ᠪᠣᠯᠤᠨ ᠨᠡᠢᠭᠡᠮ᠎ᠦᠨ ᠡᠷᠬᠡ ᠲᠡᠭ᠌ᠰᠢ᠎ᠶ᠋ᠢ ᠡᠪᠳᠡᠬᠦ᠌᠎ᠪᠤᠯᠬᠤᠷ ᠡᠷᠬᠡᠪᠰᠢ  ᠬᠠᠳᠠᠭᠤ ᠠᠷᠭ᠎ᠠ ᠬᠡᠮᠵᠢᠶ᠎ᠡ᠂ ᠵᠤᠷᠰᠢᠯ᠎ᠡᠴᠡ ᠳᠠᠪᠠᠭ᠍ᠰᠠᠨ ᠠᠷᠭ᠎ᠠ ᠬᠡᠮᠵᠢᠶ᠎ᠡ ᠠᠪᠴᠤ᠌ ᠴᠢᠩᠭ᠎ᠠ ᠴᠡᠭ᠌ᠴᠡᠯᠡᠨ ᠵᠠᠰᠠᠬᠤ ᠬᠡᠷᠡᠭ᠌ᠲᠡᠶ᠃ ᠡᠯ᠎ᠡ ᠱᠠᠲᠤᠨ᠎ᠤ᠎ᠬᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂《4 + 10》 ᠴᠡᠭ᠌ᠴᠡᠯᠡᠨ ᠵᠠᠰᠠᠬᠤ ᠡᠭᠦᠷᠭᠡ ᠪᠣᠯᠤᠨ ᠥᠪᠡᠷᠲᠡᠭᠡᠨ ᠵᠠᠰᠠᠬᠤ ᠣᠷᠣᠨ᠎ᠤ 3 ᠭᠤᠤᠯᠳᠠᠯᠭ᠎ᠠ᠎ᠲᠠᠶ ᠪᠤᠭᠤᠮᠲᠠ ᠱᠢᠪᠲᠤᠯᠬᠤ ᠲᠥᠷᠥᠯ ᠵᠦᠶ᠋ᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠪᠤᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠪᠥᠬᠥ᠌ ᠲᠠᠯ᠎ᠠ᠎ᠪᠠᠷ ᠲᠡᠮᠡᠴᠡᠨ ᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

 12 ᠎ᠤ᠋ᠨ ᠦᠳᠡ᠎ᠶ᠋ᠢᠨ ᠬᠣᠢᠨ᠎ᠠ᠂ ᠸᠠᠩ ᠸᠧᠶ ᠵᠥᠩ ᠯᠢᠨ ᠾᠧ ᠲᠣᠭᠣᠷᠢᠭ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ ᠬᠦᠷᠴᠦ᠍᠂ ᠰᠤᠷᠪᠤᠯᠵᠢᠯᠠᠷ᠎ᠠ ᠢᠷᠡᠭ᠌ᠰᠡᠨ ᠣᠯᠠᠨ ᠲᠦᠮᠡᠨ᠎ᠢ ᠲᠤᠬᠠᠶ᠎ᠶ᠋ᠢᠨ ᠲᠠᠯᠠᠪᠠᠶ᠎ᠳᠤ ᠭᠥᠯᠢᠶᠡᠨ ᠠᠪᠴᠤ᠌᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠨᠢᠭᠤᠷᠲᠠᠨ ᠣᠢᠯᠠᠭᠠᠵᠤ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠲᠡᠶ ᠱᠢᠶ᠋ᠳᠪᠦᠷᠢᠯᠡᠬᠦ᠌ ᠠᠷᠭ᠎ᠠ᠎ᠶ᠋ᠢ ᠵᠥᠪᠳᠡᠯᠴᠡᠵᠦ᠍᠂ ᠲᠤᠬᠠᠶ᠎ᠶ᠋ᠢᠨ ᠭᠠᠵᠠᠷ᠎ᠤᠨ᠎ᠬᠢᠨ᠎ᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠡᠶ ᠤᠶᠠᠯᠳᠤᠭᠤᠯᠤᠨ᠂ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠤ ᠣᠯᠠᠨ ᠲᠦᠮᠡᠨ᠎ᠦ ᠲᠤᠰᠭᠠᠭ᠍ᠰᠠᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠸᠠᠩ ᠸᠧᠶ ᠵᠥᠩ᠂ ᠡᠯ᠎ᠡ ᠱᠠᠲᠤᠨ᠎ᠤ᠎ᠬᠢᠨ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ《ᠹᠸᠩᠴᠢᠶᠣᠤ᠎ᠶ᠋ᠢᠨ ᠲᠤᠷᠱᠢᠯᠭ᠎ᠠ》ᠶ᠋ᠢ ᠪᠠᠷᠢᠮᠲᠠᠯᠠᠨ ᠬᠥᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠭᠤᠤᠯ ᠤᠳᠤᠷᠢᠳᠤᠯᠭ᠎ᠠ ᠬᠡᠷᠡᠭ᠎ᠢ ᠳᠠᠭᠠᠭᠠᠨ ᠠᠪᠬᠤ᠎ᠪᠠᠷ ᠪᠠᠷᠠᠬᠤ ᠥᠬᠡᠶ ᠪᠠᠰᠠ ᠬᠡᠷᠡᠭ᠎ᠢ ᠱᠢᠶ᠋ᠳᠪᠦᠷᠢᠯᠡᠵᠦ᠍᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠠᠬᠢᠳᠠᠯ ᠰᠤᠷᠪᠤᠯᠵᠢᠯᠠᠯ᠎ᠤᠨ ᠪᠠᠢᠭᠤᠯᠤᠮᠵᠢ᠂ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ᠎ᠬᠢᠨ ᠴᠦᠮ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠰᠠᠨᠠᠭᠠᠴᠢᠯᠠᠭ᠎ᠠ᠎ᠡᠴᠡ᠎ᠪᠠᠨ ᠭᠠᠷᠳᠠᠨ ᠱᠢᠶ᠋ᠳᠪᠦᠷᠢᠯᠡᠵᠦ᠍᠂ ᠢᠯᠠᠩᠭᠤᠶ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠬᠦ᠌ ᠬᠡᠷᠡᠭ᠌ᠲᠡᠶ᠃ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠲᠣᠬᠢᠲᠠᠶ ᠱᠢᠶ᠋ᠳᠪᠦᠷᠢᠯᠡᠵᠦ᠍᠂ ᠱᠠᠯᠠᠪᠳᠠᠭᠤᠯᠤᠨ ᠱᠢᠶ᠋ᠳᠪᠦᠷᠢᠯᠡᠬᠦᠯᠬᠦ ᠲᠣᠭ᠍ᠲᠠᠴᠠ᠎ᠶ᠋ᠢ ᠪᠦᠷᠢᠨᠱᠢᠬᠦᠯᠵᠤ᠂ ᠮᠥᠷᠳᠡᠨ ᠳᠠᠭᠠᠵᠤ ᠦᠷ᠎ᠡ ᠪᠦᠲᠦᠮᠵᠢ᠎ᠶ᠋ᠢ ᠠᠰᠠᠭᠤᠬᠤ᠎ᠶ᠋ᠢ ᠴᠢᠩᠭᠠᠳᠭᠠᠵᠤ᠂  ᠵᠠᠬᠢᠳᠠᠯ ᠰᠤᠷᠪᠤᠯᠵᠢᠯᠠᠯ᠎ᠤᠨ ᠠᠵᠢᠯ᠎ᠳᠡᠬᠢ ᠣᠯᠠᠨ ᠲᠦᠮᠡᠨ᠎ᠦ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

   ᠢᠦᠢ ᠯᠢ ᠱᠢᠨ ᠣᠷᠣᠯᠴᠠᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号