ᠤᠷᠠᠯᠢᠭ᠎ᠤᠨ ᠦᠪᠡᠳᠡᠭ᠌ᠰᠢ ᠴᠤᠭ᠍ᠯᠠᠭᠠᠨ ᠤᠯᠠᠨ ᠲᠦᠮᠡᠨ᠎ᠤ ᠨᠢᠵᠢᠬᠢᠷ ᠪᠠᠶᠠᠷ ᠪᠤᠯᠵᠠᠢ
2026-05-13 10:34:59
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

— ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠰᠣᠶᠣᠯ᠎ᠤᠨ ᠬᠦᠴᠦᠨ ᠨᠡᠮᠡᠷᠢᠯᠡᠨ᠎ᠡ 


ᠤᠷᠢᠬᠠᠨ ᠰᠠᠯᠬᠢ ᠰᠡᠪᠢᠯᠵᠡᠨ ᠠᠮᠢ ᠠᠮᠢᠵᠢᠷᠠᠯ᠎ᠤᠨ ᠠᠮᠢᠰᠬᠤᠯ ᠪᠢᠯᠬᠠᠵᠦ᠂ ᠦᠪᠦᠷ ᠮᠤᠨᠭᠭᠤᠯ᠎ᠳᠦ ᠰᠣᠶᠣᠯ᠎ᠤᠨ ᠤᠯᠠᠮᠵᠢᠯᠠᠯ ᠳᠠᠪᠰᠢᠯᠳᠠ ᠦᠷᠭᠦᠯᠵᠢᠯᠡᠨ᠎ᠠ᠃ 4 ᠰᠠᠷ᠎ᠠ᠎ᠶ᠋ᠢᠨ 21 ᠤ᠋ ᠡᠳᠦᠷ᠂ 2026 ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ ᠬᠥᠬᠡᠬᠣᠲᠠ᠎ᠳᠤ ᠬᠦᠷ ᠬᠦᠭᠵᠢᠶᠡᠨᠳᠡᠢ ᠡᠬᠢᠯᠡᠵᠦ᠂ ᠣᠯᠠᠨ᠎ᠤ ᠠᠩᠬᠠᠷᠤᠯ᠎ᠢ ᠲᠠᠲᠠᠭ᠍ᠰᠠᠨ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ᠎ᠶ᠋ᠢᠨ ᠠᠷᠠᠯᠵᠢᠶᠠᠨ᠎ᠤ ᠴᠤᠭ᠍ᠯᠠᠭᠠᠨ ᠦᠪᠡᠳᠡᠭ᠌ᠰᠢ ᠶᠡᠬᠡ᠎ᠪᠡᠷ ᠶᠠᠪᠤᠭᠳᠠᠪᠠ᠃ 2026 ᠤᠨ᠎ᠤ ᠰᠤᠶᠤᠯ᠎ᠤᠨ ᠠᠵᠢᠯᠯᠠᠭ᠎ᠠ᠎ᠶ᠋ᠢᠨ ᠤᠯᠠᠷᠢᠯ ᠨᠢ 《ᠤᠷᠠᠯᠢᠭ᠎ᠤᠨ ᠦᠪᠡᠳᠡᠭ᠌ᠰᠢ ᠴᠤᠭ᠍ᠯᠠᠭᠠᠨ·ᠤᠯᠠᠨ ᠲᠦᠮᠡᠨ᠎ᠦ ᠨᠢᠵᠢᠬᠢᠷ ᠪᠠᠶᠠᠷ》 ᠵᠢᠡᠷ ᠭᠣᠣᠯ ᠵᠤᠷᠢᠯᠳᠠ ᠪᠠᠨ ᠪᠣᠯᠭᠠᠵᠤ᠂ 4 ᠰᠠᠷ᠎ᠠ᠎ᠶ᠋ᠢᠨ 21᠎ᠤ᠋ ᠡᠳᠦᠷ᠎ᠡᠴᠡ 9 ᠰᠠᠷ᠎ᠠ᠎ᠶ᠋ᠢᠨ ᠰᠡᠭᠦᠯᠴᠢ ᠪᠣᠯᠲᠠᠯ᠎ᠠ ᠦᠷᠭᠦᠯᠵᠢᠯᠡᠵᠦ᠍᠂ ᠶᠢᠰᠦᠨ ᠪᠦᠯᠦᠭ ᠠᠭᠤᠯᠭ᠎ᠠ᠂ 100 ᠭᠠᠷᠤᠢ ᠵᠦᠢᠯ᠎ᠦᠨ ᠰᠣᠳᠣᠨ ᠪᠦᠲᠦᠭᠡᠯ᠎ᠢ ᠲᠤᠭᠯᠠᠨ ᠦᠵᠡᠬᠦᠯᠵᠦ᠂ ᠰᠣᠶᠣᠯ᠎ᠢᠶᠠᠷ ᠬᠥᠭᠥᠷᠭᠡ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠷᠬᠡᠭ ᠶᠡᠬᠡ ᠰᠣᠶᠣᠯ᠎ᠤᠨ ᠬᠦᠴᠦᠨ ᠡᠷᠬᠦᠨ᠎ᠠ᠃


QQ截图20260513110259.png


2026 ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ ᠬᠥᠬᠡᠬᠣᠲᠠ᠎ᠳᠤ ᠬᠦᠷ ᠬᠦᠭᠵᠢᠶᠡᠨᠳᠡᠢ ᠡᠬᠢᠯᠡᠪᠡ


ᠦᠨᠳᠦᠷ ᠲᠦᠪᠰᠢᠨ᠎ᠢᠶᠡᠷ ᠡᠬᠢᠯᠡᠬᠦᠯᠵᠦ ᠦᠷᠭᠡᠨ ᠴᠠᠷᠠᠭ᠎ᠠ ᠪᠡᠷ ᠬᠠᠮᠳᠤᠷᠠᠯᠴᠠᠪᠠ

ᠡᠨᠡ ᠤᠳᠠᠭ᠎ᠠ᠎ᠶ᠋ᠢᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠤᠨ ᠪᠡᠯᠡᠳᠭᠡᠯ ᠠᠵᠢᠯᠯᠠᠭ᠎ᠠ ᠪᠣᠯᠤᠭ᠍ᠰᠠᠨ᠎ᠤ ᠬᠤᠪᠢ᠎ᠳᠤ᠂ 2026 ᠳᠤᠮᠳᠠᠳᠤ ᠤᠯᠤᠰ (ᠬᠥᠬᠡᠬᠣᠲᠠ) ᠤ᠋ᠨ ᠲᠣᠭ᠍ᠯᠠᠯᠲᠠ᠎ᠶᠢᠨ ᠠᠷᠠᠯᠵᠢᠶᠠᠨ᠎ᠤ ᠴᠤᠭ᠍ᠯᠠᠭᠠᠨ ᠠᠩᠬ᠎ᠠ ᠤᠳᠠᠭ᠎ᠠ ᠥᠪᠥᠷ ᠮᠣᠩᠭᠣᠯ᠎ᠳᠤ ᠡᠷᠬᠢᠯᠡᠨ ᠶᠠᠪᠤᠭᠳᠠᠭᠤᠯᠵᠦ᠂ ᠰᠤᠶᠤᠯ᠎ᠤᠨ ᠠᠵᠢᠯᠯᠠᠭ᠎ᠠ᠎ᠶᠢᠨ ᠤᠯᠠᠷᠢᠯ᠎ᠢ ᠦᠨᠳᠦᠷ ᠲᠦᠪᠰᠢᠨ᠎ᠢᠶᠡᠷ ᠡᠬᠢᠯᠡᠬᠦᠯᠵᠦ᠂ ᠦᠷᠭᠡᠨ ᠬᠦᠷᠢᠶ᠎ᠠ ᠴᠠᠷ᠎ᠠ᠎ᠳᠦ ᠬᠠᠮᠳᠤᠷᠠᠯᠴᠠᠭᠠᠨ ᠦᠷᠨᠢᠬᠦᠯᠵᠦ᠂ ᠰᠤᠶᠤᠯ᠎ᠤᠨ ᠬᠦᠴᠦᠷᠭᠡᠭ ᠤᠷᠤᠨ᠎ᠢ ᠪᠠᠢᠭᠤᠯᠬᠤ᠎ᠳᠦ ᠡᠷᠴᠢ ᠬᠦᠴᠦᠨ ᠨᠡᠮᠡᠷᠢᠯᠡᠵᠡᠢ᠃ ᠲᠣᠰ ᠬᠤᠭᠤᠴᠠᠭᠠᠨ᠎ᠤ ᠠᠷᠠᠯᠵᠢᠶᠠᠨ᠎ᠤ ᠴᠤᠭ᠍ᠯᠠᠭᠠᠨ᠎ᠨᠢ 《ᠳᠠᠪᠠᠭᠤᠯᠢᠭ ᠢ᠋ᠶ᠋ᠡᠨ ᠨᠢᠭᠡᠳᠬᠡᠵᠦ ᠬᠦᠴᠦᠨ ᠢ᠋ᠶ᠋ᠡᠨ ᠬᠤᠷᠠᠮᠳᠤᠭᠤᠯᠤᠨ᠂ ᠰᠢᠨ᠎ᠠ ᠵᠢ ᠲᠦᠪᠯᠡᠷᠡᠬᠦᠯᠦᠨ ᠳᠠᠯᠳᠠ ᠬᠦᠴᠦᠨ ᠢ᠋ ᠠᠭᠤᠳᠠᠯᠵᠦ᠂ ᠰᠢᠨ᠎ᠠ ᠨᠡᠮᠡᠭᠳᠡᠯ ᠢ᠋ ᠳᠠᠢᠴᠢᠯᠠᠬᠤ》 ᠪᠡᠷ ᠭᠤᠤᠯ ᠰᠡᠳᠦᠪ ᠪᠣᠯᠭᠠᠵᠤ᠂ ᠪᠥᠬᠥ᠌ ᠤᠯᠤᠰ᠎ᠤᠨ 1 ᠲᠦᠮᠡ ᠱᠢᠬᠠᠮ ᠲᠢᠶᠠᠲ᠋ᠷ᠂ ᠤᠳᠭ᠎ᠠ ᠤᠷᠠᠯᠢᠭ᠎ᠤᠨ ᠬᠦᠷᠢᠶᠡᠯᠡᠩ ᠪᠦᠯᠬᠦᠮ᠂ ᠲᠣᠭ᠍ᠯᠠᠯᠲᠠ᠎ᠶ᠋ᠢᠨ ᠵᠠᠭᠤᠴᠢᠯᠠᠭᠴᠢ ᠪᠠᠢᠭᠤᠯᠤᠮᠵᠢ᠂ ᠳᠠᠢᠰᠠᠨ᠎ᠤ ᠤᠷᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ ᠵᠡᠷᠭᠡ ᠠᠵᠢᠯ ᠲᠦᠷᠦᠯ᠎ᠤᠨ ᠲᠥᠯᠥᠭᠡᠯᠡᠭ᠌ᠴᠢ ᠵᠢᠴᠢ ᠵᠠᠭᠤᠴᠢᠯᠠᠭᠤᠷ᠎ᠤᠨ᠎ᠬᠢᠨ᠎ᠤᠷᠤᠯᠴᠠᠵᠦ᠂ ᠲᠣᠭ᠍ᠯᠠᠯᠲᠠ᠎ᠶ᠋ᠢᠨ ᠤᠷᠠᠯᠢᠭ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠬᠠᠮᠲᠤ᠎ᠪᠠᠷ ᠬᠠᠢᠨ ᠰᠦᠪᠡᠭ᠌ᠴᠢᠯᠡᠵᠠᠢ ᠃

ᠲᠤᠰ ᠬᠤᠭᠤᠴᠠᠭᠠᠨ ᠤ᠋ ᠠᠷᠠᠯᠵᠢᠶᠠᠨ ᠤ᠋ ᠬᠤᠷᠠᠯ ᠨᠢ ᠥᠪᠥᠷ ᠮᠣᠩᠭᠣᠯ ᠤ᠋ᠨ ᠲᠤᠰ ᠭᠠᠵᠠᠷ ᠣᠷᠣᠨ ᠤ᠋ ᠱᠢᠯᠢᠳᠡᠭ ᠰᠣᠶᠣᠯ ᠤ᠋ᠨ ᠡᠬᠢ ᠪᠠᠶᠠᠯᠢᠭ ᠢ᠋ ᠭᠦᠢᠴᠡᠳ ᠠᠭᠤᠳᠠᠯᠵᠤ᠂ ᠨᠡᠢᠳᠭᠡᠵᠦ᠍᠂ ᠳᠡᠯᠭᠡᠨ ᠦᠵᠡᠭᠦᠯᠵᠦ᠍᠂ ᠲᠤᠭᠯᠠᠯᠳᠠ᠎ᠶᠢᠨ ᠡᠬᠢ ᠪᠠᠶᠠᠯᠢᠭ ᠢ᠋ ᠪᠦᠬᠦ᠌ ᠲᠠᠯ᠎ᠠ᠎ᠪᠠᠷ ᠲᠠᠨᠢᠯᠴᠠᠭᠤᠯᠬᠤ ᠤᠯᠤᠰ ᠤ᠋ᠨ ᠲᠡᠰ ᠤ᠋ᠨ ᠳᠠᠪᠴᠠᠩ ᠪᠠᠢᠭᠤᠯᠵᠠᠢ᠃ 《ᠥᠪᠥᠷ ᠮᠣᠩᠭᠣᠯ᠎ᠳᠤ ᠭᠦᠨ ᠵᠤᠵᠠᠭᠠᠨ ᠰᠣᠶᠣᠯ᠎ᠤᠨ ᠠᠭᠤᠯᠤᠭ᠍ᠳᠠᠬᠤᠨ ᠪᠠ ᠡᠯᠪᠡᠭ ᠪᠠᠶᠠᠯᠢᠭ ᠲᠣᠭ᠍ᠯᠠᠯᠲᠠ᠎ᠶ᠋ᠢᠨ ᠤᠷᠠᠯᠢᠭ᠎ᠤᠨ ᠡᠬᠢ ᠪᠠᠶᠠᠯᠢᠭ᠎ᠲᠠᠶ ᠶᠤᠮ᠂ ᠪᠢᠳᠡ ᠲᠣᠰ ᠤᠳᠠᠭᠠᠨ᠎ᠤ ᠠᠷᠠᠯᠵᠢᠶᠠᠨ᠎ᠤ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠪᠥᠬᠥ᠌ ᠤᠯᠤᠰ᠎ᠤᠨ ᠴᠢᠨᠠᠷᠲᠠᠶ ᠲᠣᠭ᠍ᠯᠠᠯᠲᠠ᠎ᠶ᠋ᠢᠨ ᠤᠷᠠᠯᠢᠭ᠎ᠤᠨ ᠰᠣᠯᠢᠯᠴᠠᠭᠠᠨ᠎ᠤ ᠲᠠᠪᠴᠠᠩ᠎ᠪᠠᠢᠭᠤᠯᠵᠤ᠂ ᠲᠠᠯ᠎ᠠ ᠨᠤᠲᠤᠭ᠎ᠤᠨ ᠰᠣᠶᠣᠯ᠎ᠢ ᠦᠪᠦᠷ ᠮᠤᠨᠭᠭᠤᠯ᠎ᠡᠴᠡ ᠭᠠᠷᠭᠠᠵᠤ᠂ ᠪᠥᠬᠥ᠌ ᠤᠯᠤᠰ᠎ᠲᠤ ᠬᠠᠨᠳᠤᠭᠤᠯᠬᠤ ᠪᠥᠭᠡᠳ ᠪᠥᠬᠥ᠌ ᠤᠯᠤᠰ᠎ᠤᠨ ᠴᠢᠨᠠᠷ ᠰᠠᠢᠲᠠᠶ ᠲᠣᠭ᠍ᠯᠠᠯᠲᠠ᠎ᠶ᠋ᠢᠨ ᠡᠬᠢ ᠪᠠᠶᠠᠯᠢᠭ᠎ᠢ ᠥᠪᠥᠷ ᠮᠣᠩᠭᠣᠯ᠎ᠳᠤ ᠦᠨᠳᠦᠰᠦᠯᠡᠭᠦᠯᠵᠦ᠍᠂ ᠣᠯᠠᠨ ᠲᠦᠮᠡᠨ᠎ᠳᠦ ᠦᠶ᠋ᠯᠡᠴᠢᠯᠡᠭᠦᠯᠬᠦ᠌᠎ᠶ᠋ᠢ ᠵᠤᠷᠢᠵᠦ ᠪᠠᠢᠨ᠎ᠠ》 ᠭᠡᠵᠦ ᠲᠤᠮᠳᠠᠳᠦ ᠤᠯᠤᠰ ᠤ᠋ᠨ ᠲᠤᠭᠯᠠᠯᠳᠠ ᠶ᠋ᠢᠨ ᠠᠵᠢᠯ ᠲᠦᠷᠦᠯ ᠤ᠋ᠨ ᠨᠡᠢᠭᠡᠮᠯᠢᠭ ᠤ᠋ᠨ ᠨᠠᠷᠢᠨ ᠪᠢᠴᠢᠭ ᠤ᠋ᠨ ᠳᠠᠷᠤᠭ᠎ᠠ ᠫᠠᠨ ᠶᠠᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠨ᠎ᠠ᠃

ᠠᠷᠠᠯᠵᠢᠶᠠᠨ᠎ᠤ ᠴᠤᠭ᠍ᠯᠠᠭᠠᠨ᠎ᠤ ᠦᠵᠡᠭᠦᠯᠭᠡ᠎ᠶ᠋ᠢᠨ ᠲᠣᠭᠣᠷᠢᠭ᠎ᠨᠢ ᠲᠣᠭ᠍ᠯᠠᠯᠲᠠ᠎ᠶ᠋ᠢᠨ ᠮᠡᠷᠭᠡᠵᠢᠯ᠂ ᠪᠢᠯᠧᠲ᠎ᠦᠨ ᠶᠠᠪᠤᠳᠠᠯ᠎ᠤᠨ ᠦᠶ᠋ᠯᠡᠴᠢᠯᠡᠭᠡ᠂ ᠲᠣᠭ᠍ᠯᠠᠯᠲᠠ᠎ᠶ᠋ᠢᠨ ᠲᠥᠬᠥᠭᠡᠷᠦᠮᠵᠢ᠂ ᠬᠤᠪᠴᠠᠰᠤ ᠬᠤᠨᠠᠷ᠎ᠤᠨ ᠡᠵᠡᠩᠨᠡᠯᠲᠡ ᠵᠡᠷᠭᠡ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠠᠮᠤᠷᠴᠤ᠌᠂ 600 ᠭᠠᠷᠤᠶ ᠦᠵᠡᠭᠦᠯᠭᠡ᠎ᠶ᠋ᠢᠨ ᠪᠠᠢᠷᠢ᠎ᠶ᠋ᠢ ᠡᠮᠬᠢ ᠵᠢᠷᠤᠮ᠎ᠲᠠᠶ ᠪᠠᠢᠷᠢᠱᠢᠭᠤᠯᠵᠤ᠂ 1500 ᠲᠡᠭ᠌ᠰᠢ ᠳᠥᠷᠪᠡᠯᠵᠢᠨ ᠮᠧᠲ᠋ᠷ ᠳᠠᠯᠠᠪᠠᠢ ᠲᠠᠢ ᠥᠪᠥᠷ ᠮᠣᠩᠭᠣᠯ᠎ᠤᠨ ᠲᠤᠰᠭᠠᠶ ᠰᠡᠳᠦᠪᠲᠦ ᠦᠵᠡᠭᠦᠯᠭᠡ᠎ᠶ᠋ᠢᠨ ᠲᠣᠭᠣᠷᠢᠭ ᠣᠨᠴᠠ᠎ᠶ᠋ᠢᠨ ᠢᠯᠡ ᠲᠣᠳᠣ ᠬᠠᠷᠠᠭ᠍ᠳᠠᠨ᠎ᠠ᠃ ᠦᠵᠡᠭᠦᠯᠭᠡ᠎ᠶ᠋ᠢᠨ ᠲᠣᠭᠣᠷᠢᠭ᠎ᠲᠤ᠂ 200 ᠭᠠᠷᠤᠢ ᠱᠢᠯᠢᠳᠡᠭ ᠲᠣᠭ᠍ᠯᠠᠯᠲᠠ᠎ᠶ᠋ᠢᠨ ᠲᠦᠷᠦᠯ ᠵᠦᠢᠯ᠎ᠢ ᠲᠥᠪᠯᠡᠷᠡᠬᠦᠯᠦᠨ ᠦᠵᠡᠬᠦᠯᠵᠦ᠂ 28 ᠵᠢᠵᠢᠭ ᠬᠡᠯᠪᠡᠷᠢ᠎ᠶ᠋ᠢᠨ ᠰᠣᠳᠣᠨ ᠲᠣᠭ᠍ᠯᠠᠯᠲᠠ ᠡᠭᠡᠯᠵᠢᠯᠡᠨ ᠲᠣᠭ᠍ᠯᠠᠵᠤ᠂ ᠢᠷᠠᠭᠤ ᠰᠠᠢᠬᠠᠨ ᠮᠤᠷᠢᠨ ᠬᠤᠭᠤᠷ᠎ᠤᠨ ᠲᠣᠭ᠍ᠯᠠᠯᠲᠠ᠎ᠠᠴᠠ ᠦᠨᠳᠦᠰᠦᠲᠡᠨ᠎ᠦ ᠪᠥᠵᠢᠭ ᠬᠦᠷᠲᠡᠯ᠎ᠡ᠂ ᠭᠦᠨ ᠵᠤᠵᠠᠭᠠᠨ ᠲᠡᠦᠬᠡ᠎ᠶ᠋ᠢᠨ ᠶᠠᠷᠢᠶᠠᠲᠤ ᠵᠦᠴᠦᠭᠡ᠎ᠡᠴᠡ ᠠᠮᠢᠵᠢᠷᠠᠯ᠎ᠤᠨ ᠬᠦᠴᠦᠨ᠎ᠲᠡᠶ ᠤᠤᠭᠠᠯ ᠡᠭᠦᠳᠦᠯᠲᠡ᠎ᠶ᠋ᠢᠨ ᠳᠠᠭᠤᠤ ᠬᠦᠷᠲᠡᠯ᠎ᠡ᠂ ᠲᠠᠯ᠎ᠠ ᠨᠤᠲᠤᠭ᠎ᠤᠨ ᠰᠣᠶᠣᠯ᠎ᠤᠨ ᠥᠪᠡᠷᠮᠢᠴᠡ ᠷᠢᠳᠢ ᠱᠢᠳᠢ ᠪᠣᠯᠤᠨ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠪᠦᠬᠦ᠌ ᠲᠠᠯ᠎ᠠ᠎ᠪᠠᠷ ᠢᠯᠡᠷᠡᠭᠦᠯᠪᠡ᠃ ᠵᠡᠷᠭᠡ ᠪᠡᠷ ᠶᠠᠪᠤᠭᠳᠠᠭᠤᠯᠤᠭᠰᠠᠨ ᠭᠤᠤᠯ ᠰᠡᠳᠦᠪᠳᠦ ᠶᠠᠷᠢᠶᠠᠨ᠎ᠤ ᠲᠠᠪᠴᠠᠩ᠂ ᠲᠠᠢᠰᠠᠨ᠎ᠤ ᠤᠷᠠᠯᠢᠭ᠎ᠤᠨ ᠵᠣᠬᠢᠶᠠᠨ ᠪᠦᠲᠦᠭᠡᠯᠭᠡ ᠬᠢᠭᠡᠳ ᠵᠠᠬ᠎ᠠ ᠳᠡᠯᠭᠡᠭᠦᠷ᠎ᠦᠨ ᠶᠠᠷᠢᠶᠠᠨ᠎ᠤ ᠲᠠᠪᠴᠠᠩ᠂ ᠲᠤᠬᠠᠶ᠎ᠶ᠋ᠢᠨ ᠲᠠᠯᠠᠪᠠᠶ᠎ᠶ᠋ᠢᠨ ᠳᠠᠭᠤᠤ ᠬᠥᠭ᠌ᠵᠢᠮ᠎ᠦᠨ ᠲᠤᠰᠭᠠᠶ ᠰᠡᠳᠦᠪᠲᠦ ᠶᠠᠷᠢᠶᠠᠨ᠎ᠤ ᠲᠠᠪᠴᠠᠩ ᠵᠡᠷᠭᠡ ᠠᠵᠢᠯᠯᠠᠭ᠎ᠠ᠎ᠨᠢ ᠠᠵᠢᠯ ᠲᠥᠷᠥᠯ᠎ᠦᠨ ᠡᠷᠬᠡ ᠰᠦᠷᠲᠦ ᠲᠣᠭ᠎ᠠ ᠪᠠᠷᠢᠮᠲᠠ᠎ᠶ᠋ᠢ ᠨᠡᠢᠲᠡᠯᠡᠵᠦ᠍᠂ ᠵᠣᠬᠢᠶᠠᠨ ᠪᠦᠲᠦᠭᠡᠯᠭᠡ᠎ᠶ᠋ᠢᠨ ᠲᠤᠷᠱᠢᠯᠭ᠎ᠠ᠎ᠶ᠋ᠢ ᠬᠠᠮᠲᠤ᠎ᠪᠠᠷ ᠡᠳ᠋ᠯᠡᠵᠦ᠍᠂ ᠡᠮᠦᠨᠡᠲᠦ ᠤᠮᠠᠷᠠᠲᠤ᠎ᠶ᠋ᠢᠨ ᠲᠣᠭ᠍ᠯᠠᠯᠲᠠ᠎ᠶ᠋ᠢᠨ ᠤᠷᠠᠯᠢᠭ᠎ᠤᠨ ᠡᠬᠢ ᠪᠠᠶᠠᠯᠢᠭ᠎ᠤᠨ ᠭᠦᠨᠵᠡᠭᠡᠶ ᠠᠭᠤᠰᠤᠯᠴᠠᠨ ᠨᠡᠪᠲᠡᠷᠡᠯᠴᠡᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠲᠣᠭ᠍ᠯᠠᠯᠲᠠ᠎ᠶ᠋ᠢᠨ ᠤᠷᠠᠯᠢᠭ᠎ᠤᠨ ᠠᠵᠤ ᠦᠶ᠋ᠯᠡᠰ᠎ᠦᠨ ᠪᠥᠬᠥ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠬᠤ᠎ᠳᠤ ᠬᠦᠴᠦᠨ ᠨᠡᠮᠡᠷᠢᠯᠡᠪᠡ᠃

《ᠡᠨᠡ ᠪᠣᠯ ᠳᠤᠮᠳᠠᠳᠤ ᠤᠯᠤᠰ᠎ᠤᠨ ᠲᠣᠭ᠍ᠯᠠᠯᠲᠠ᠎ᠶ᠋ᠢᠨ ᠠᠷᠠᠯᠵᠢᠶᠠᠨ᠎ᠤ ᠴᠤᠭ᠍ᠯᠠᠭᠠᠨ᠎ᠢ ᠡᠷᠭᠢᠯᠡᠭ᠌ᠰᠡᠨ 25 ᠵᠢᠯ᠎ᠦᠨ ᠲᠤᠷᠰᠢ ᠠᠩᠬ᠎ᠠ ᠤᠳᠠᠭ᠎ᠠ ᠥᠪᠥᠷ ᠮᠣᠩᠭᠣᠯ᠎ᠳᠤ ᠢᠷᠡᠵᠦ᠍ ᠪᠠᠢᠭ᠎ᠠ ᠶᠠᠪᠤᠳᠠᠯ ᠪᠣᠯᠤᠨ᠎ᠠ᠂ ᠪᠢᠳᠡᠨ᠎ᠳᠦ ᠠᠪᠴᠤ᠌ ᠬᠡᠯᠡᠪᠡᠯ᠂ ᠠᠵᠠ ᠲᠣᠬᠢᠶᠠᠯ ᠪᠣᠯᠬᠤ ᠪᠦᠭᠡᠳ ᠨᠠᠩ ᠴᠤ᠌ ᠬᠠᠷᠢᠭᠤᠴᠠᠯᠭ᠎ᠠ ᠪᠣᠯᠤᠨ᠎ᠠ》 ᠭᠡᠵᠦ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠳᠡᠰ᠎ᠤᠨ ᠬᠠᠷᠢᠭᠤᠴᠠᠯᠭᠠᠳᠠᠨ ᠬᠡᠯᠡᠨ᠎ᠠ᠃

ᠠᠷᠠᠯᠵᠢᠶᠠᠨ᠎ᠤ ᠴᠤᠭ᠍ᠯᠠᠭᠠᠨ᠎ᠳᠦ᠂ ᠲᠣᠰ ᠭᠠᠵᠠᠷ ᠣᠷᠣᠨ ᠤ᠋ ᠤᠷᠠᠨ ᠰᠠᠢᠬᠠᠨ ᠤ᠋ ᠲᠣᠭ᠍ᠯᠠᠯᠲᠠ ᠶ᠋ᠢᠨ 《ᠭᠠᠳᠠᠭᠠᠳᠦ᠎ᠳᠦ ᠭᠠᠷᠬᠤ》 ᠶ᠋ᠢ ᠠᠬᠢᠭᠤᠯᠵᠤ᠂ ᠬᠢᠯᠢ ᠠᠯᠤᠰᠯᠠᠭ᠍ᠰᠠᠨ ᠤᠷᠠᠨ ᠰᠠᠢᠬᠠᠨ ᠤ᠋ ᠰᠣᠯᠢᠯᠴᠠᠭᠠᠨ ᠤ᠋ ᠵᠠᠮ ᠢ᠋ ᠨᠡᠪᠲᠡᠷᠡᠭᠦᠯᠪᠡ᠃ ᠪᠥᠬᠥ᠌ ᠣᠷᠣᠨ ᠳ᠋ᠦ ᠨᠡᠢᠲᠡ 4 ᠵᠦᠶ᠋ᠯ ᠤ᠋ᠨ ᠭᠡᠷ᠎ᠡ ᠲᠣᠭ᠍ᠲᠠᠵᠦ᠂ ᠡᠯ᠎ᠡ ᠲᠥᠷᠥᠯ ᠤ᠋ᠨ ᠬᠠᠮᠲᠤᠷᠠᠯᠴᠠᠭᠠᠨ ᠤ᠋ ᠰᠠᠨᠠᠮᠵᠢ 90 ᠳᠠᠪᠠᠵᠦ᠂ ᠪᠦᠬᠦ᠌ ᠤᠯᠤᠰ ᠤ᠋ᠨ ᠲᠤᠭᠤᠷᠢᠨ ᠲᠣᠭ᠍ᠯᠠᠯᠲᠠ᠂ ᠲᠢᠶᠠᠲ᠋ᠷ ᠤ᠋ᠨ ᠪᠠᠢᠩᠭᠤ᠎ᠶᠢᠨ ᠲᠣᠭ᠍ᠯᠠᠯᠳᠠ᠂ ᠦᠵᠡᠮᠵᠢ ᠶ᠋ᠢᠨ ᠣᠷᠣᠨ ᠤ᠋ ᠰᠣᠶᠣᠯ ᠵᠢᠭᠤᠯᠴᠢᠯᠠᠯ ᠤ᠋ᠨ ᠲᠣᠭ᠍ᠯᠠᠯᠲᠠ ᠵᠢ ᠬᠠᠮᠲᠤ᠎ᠪᠠᠷ ᠪᠠᠢᠭᠤᠯᠬᠤ᠂ ᠲᠣᠭ᠍ᠯᠠᠯᠲᠠ ᠶ᠋ᠢᠨ ᠤᠷᠠᠯᠢᠭ ᠤ᠋ᠨ IP ᠵᠢ ᠴᠤᠭᠴᠠᠯᠠᠬᠤ᠂ ᠬᠢᠯᠢ ᠠᠯᠤᠰᠯᠠᠭ᠍ᠰᠠᠨ ᠰᠣᠶᠣᠯ ᠤ᠋ᠨ ᠰᠣᠯᠢᠯᠴᠠᠭ᠎ᠠ᠂ ᠳᠠᠢᠰᠠᠨ ᠤ᠋ ᠲᠥᠬᠥᠭᠡᠷᠦᠮᠵᠢ ᠶ᠋ᠢᠨ ᠬᠠᠮᠲᠤᠷᠠᠯᠴᠠᠭ᠎ᠠ᠂ ᠲᠣᠭ᠍ᠯᠠᠯᠲᠠ ᠶ᠋ᠢᠨ ᠴᠢᠳᠠᠪᠤᠷᠢᠲᠠᠨ ᠤ᠋ ᠰᠣᠯᠢᠯᠴᠠᠭ᠎ᠠ ᠵᠡᠷᠭᠡ ᠪᠦᠬᠦ᠌ ᠠᠵᠤ ᠦᠢᠯᠡᠰ ᠤ᠋ᠨ ᠬᠡᠯᠬᠢᠶ᠎ᠡ᠎ᠵᠢ ᠬᠠᠮᠤᠷᠴᠤ᠂ ᠥᠪᠥᠷ ᠮᠣᠩᠭᠣᠯ ᠤ᠋ᠨ ᠤᠷᠲᠤ ᠶ᠋ᠢᠨ ᠳᠠᠭᠤᠤ᠂ ᠬᠦᠬᠡᠮᠠᠢ᠂ ᠮᠣᠷᠢᠨ ᠬᠤᠭᠤᠷ᠂ ᠲᠠᠯ᠎ᠠ ᠨᠤᠲᠤᠭ ᠤ᠋ᠨ ᠤᠯᠠᠭᠠᠨᠮᠥ᠋ᠴᠢᠷ ᠤ᠋ᠨ ᠣᠨᠴᠠᠯᠢᠭ᠍ᠲᠤ ᠲᠣᠭ᠍ᠯᠠᠯᠲᠠ᠎ᠵᠢ ᠪᠦᠬᠦ᠌ ᠤᠯᠤᠰ ᠲᠦ᠍ ᠲᠦᠭᠡᠭᠡᠨ ᠳᠡᠯᠭᠡᠷᠡᠬᠦᠯᠪᠡ᠂ ᠡᠭᠦᠨ᠎ᠦ᠎ᠳᠠᠭᠠᠤ ᠤᠯᠤᠰ ᠤ᠋ᠨ ᠳᠣᠲᠣᠭᠠᠳᠤ ᠶ᠋ᠢᠨ ᠱᠢᠯᠢᠳᠡᠭ ᠲᠤᠭᠯᠠᠯᠳᠠ ᠵᠢ ᠣᠷᠣᠭᠤᠯᠵᠦ᠂ ᠳᠠᠭᠤᠤ ᠬᠥᠭ᠌ᠵᠢᠮ ᠤ᠋ᠨ ᠨᠠᠢᠷ᠂ ᠪᠡᠶᠡᠴᠢᠯᠡᠨ ᠤᠢᠯᠠᠭᠠᠬᠤ ᠲᠣᠭ᠍ᠯᠠᠯᠲᠠ᠎ᠵᠢ ᠥᠪᠥᠷ ᠮᠣᠩᠭᠣᠯ ᠳ᠋ᠦ ᠤᠷᠤᠭᠤᠯᠵᠦ᠂ 《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌ ᠤ᠋ᠨ ᠪᠠᠢᠭᠤᠯᠤᠯᠲᠠ ᠬᠢᠭᠡᠳ ᠪᠥᠬᠥ᠌ ᠣᠷᠣᠨ ᠪᠦᠰᠡ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠶ᠋ᠢᠨ ᠲᠠᠰ ᠳᠡᠪᠱᠢᠬᠦ᠌ ᠵᠢ ᠬᠦᠴᠦᠯᠡᠨ ᠠᠬᠢᠭᠤᠯᠵᠠᠢ᠃


QQ截图20260513111353.png


ᠰᠣᠶᠣᠯ᠎ᠤᠨ ᠦᠪᠡᠳᠡᠭ᠌ᠰᠢ ᠨᠠᠢᠷ ᠨᠢ ᠤᠯᠠᠨ ᠲᠦᠮᠡᠨ᠎ᠳᠦ ᠠᠱᠢᠭ ᠬᠦᠷᠲᠡᠭᠡᠪᠡ

2026 ᠤᠨ᠎ᠤ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠡᠯᠡᠳᠭᠡᠯ ᠠᠵᠢᠯᠯᠠᠭ᠎ᠠ᠂ ᠡᠬᠢᠯᠡᠯᠲᠡ᠎ᠶ᠋ᠢᠨ ᠠᠵᠢᠯᠯᠠᠭ᠎ᠠ᠂ ᠰᠣᠳᠣᠨ ᠪᠦᠲᠦᠭᠡᠯ᠎ᠦᠨ ᠦᠵᠡᠭᠦᠯᠭᠡ᠂ ᠤᠨᠴᠠᠯᠢᠬ᠍ᠳᠤ ᠦᠵᠡᠭᠦᠯᠭᠡ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠣᠷᠣᠨ ᠪᠦᠰᠡ᠎ᠶ᠋ᠢᠨ ᠲᠥᠷᠥᠯ ᠲᠡᠮᠳᠡᠭ᠌ᠲᠦ᠍ ᠠᠵᠢᠯᠯᠠᠭ᠎ᠠ᠂ ᠣᠯᠠᠨ ᠲᠦᠮᠡᠨᠴᠢ ᠰᠤᠶᠤᠯ᠎ᠤᠨ ᠠᠵᠢᠯᠯᠠᠭ᠎ᠠ᠂ ᠳᠡᠯᠭᠡᠨ ᠦᠵᠡᠭᠦᠯᠭᠡ ᠨᠡᠪᠲᠡᠷᠡᠭᠦᠯᠬᠡ᠂ ᠬᠠᠷᠢᠭᠤ ᠮᠡᠳᠡᠭᠦᠯᠦᠯᠳᠡ᠎ᠶᠢᠨ ᠲᠣᠭ᠍ᠯᠠᠯᠲᠠ ᠭᠠᠷᠭᠠᠬᠤ ᠵᠡᠷᠭᠡ ᠶᠢᠰᠦᠨ ᠶᠡᠬᠡ ᠪᠦᠯᠦᠭ᠎ᠢ ᠨᠠᠷᠢᠯᠢᠭ ᠪᠠᠢᠷᠢᠯᠠᠭᠤᠯᠵᠤ᠂ ᠵᠠᠭᠤ ᠭᠠᠷᠤᠶ ᠵᠦᠶ᠋ᠯ᠎ᠦᠨ ᠠᠵᠢᠯᠯᠠᠭ᠎ᠠ᠎ᠶ᠋ᠢ ᠱᠠᠲᠤ ᠱᠠᠲᠤ᠎ᠪᠠᠷ ᠥᠷᠨᠢᠭᠦᠯᠵᠦ᠍᠂ ᠦᠪᠦᠷ ᠮᠤᠨᠭᠭᠤᠯ᠎ᠤᠨ ᠰᠤᠶᠤᠯ ᠲᠡᠥᠬᠡ᠂ ᠤᠳᠬ᠎ᠠ ᠤᠷᠠᠯᠢᠭ᠎ᠢ ᠪᠦᠬᠦ ᠳᠠᠯ᠎ᠠ ᠪᠡᠷ ᠬᠠᠷᠠᠭᠤᠯᠤᠨ᠂ 《ᠵᠢᠭᠤᠯᠴᠢᠯᠠᠵᠦ ᠪᠣᠯᠬᠤ᠂ ᠰᠤᠨᠢᠷᠬᠠᠵᠦ ᠪᠣᠯᠬᠤ᠂ ᠬᠤᠳᠠᠯᠳᠤᠨ ᠠᠪᠴᠤ᠌ ᠪᠣᠯᠬᠤ᠂ ᠨᠠᠭᠠᠳᠴᠤ᠌ ᠪᠣᠯᠬᠤ》 ᠬᠠᠮ ᠰᠣᠶᠣᠯ᠎ᠤᠨ ᠦᠪᠡᠳᠡᠭ᠌ᠰᠢ ᠨᠠᠢᠷ᠎ᠢ ᠴᠣᠭ᠍ᠴᠠᠯᠠᠪᠠ᠃

ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠨᠢ 《5·1》 ᠤ᠋ ᠠᠮᠠᠷᠠᠯᠲᠠ᠎ᠳᠤ᠂ 9 ᠲᠠᠯᠠᠪᠠᠢ ᠰᠣᠳᠣᠨ ᠲᠣᠭ᠍ᠯᠠᠯᠲᠠ ᠭᠠᠷᠭᠠᠵᠤ᠂ ᠦᠵᠡᠭ᠌ᠴᠢᠳ᠎ᠢ ᠪᠠᠶᠠᠰᠬᠠᠨ᠂ ᠵᠢᠭᠤᠯᠴᠢᠯᠠᠯ᠎ᠢ ᠤᠯᠠᠮ ᠡᠷᠴᠢᠮᠵᠢᠬᠦᠯᠵᠦ᠂ ᠬᠡᠷᠡᠭᠯᠡᠬᠡ᠎ᠵᠢ ᠶᠡᠬᠡ ᠪᠡᠷ ᠬᠦᠭᠵᠢᠬᠡᠵᠡᠢ᠃ 《ᠲᠦᠷᠦᠭᠳᠡᠯ》 ᠥᠪᠥᠷ ᠮᠣᠩᠭᠣᠯ᠎ᠤᠨ ᠳᠠᠭᠤᠤ ᠪᠥᠵᠢᠭ᠎ᠦᠨ ᠲᠤᠰᠭᠠᠢ ᠲᠣᠭ᠍ᠯᠠᠯᠲᠠ ᠨᠢ ᠲᠠᠯ᠎ᠠ ᠨᠤᠲᠤᠭ᠎ᠤᠨ ᠥᠷᠭᠡᠨ ᠠᠭᠤᠳᠠᠮ᠂ ᠦᠨᠳᠦᠰᠦᠲᠡᠨ᠎ᠦ ᠵᠠᠩ ᠦᠢᠯᠡ᠎ᠶ᠋ᠢ ᠳᠠᠭᠤᠤ ᠪᠥᠵᠢᠭ᠎ᠲᠦ ᠠᠭᠤᠰᠭᠠᠨ᠂ ᠢᠷᠠᠭᠤ ᠰᠠᠢᠬᠠᠨ ᠤᠷᠳᠤ᠎ᠶ᠋ᠢᠨ ᠳᠠᠭᠤᠤ᠂ ᠢᠳᠡᠯᠢᠭ ᠰᠠᠢᠬᠠᠨ ᠠᠶᠠᠭᠠᠨ ᠪᠥᠵᠢᠭ ᠨᠢ ᠥᠪᠥᠷ ᠮᠣᠩᠭᠣᠯ᠎ᠤᠨ ᠪᠠᠢᠭᠠᠯᠢ᠎ᠶ᠋ᠢᠨ ᠭᠤᠤ᠎ᠠ ᠰᠠᠢᠬᠠᠨ᠂ ᠰᠣᠶᠣᠯ ᠢᠷᠭᠡᠨᠱᠢᠯ᠎ᠦᠨ ᠭᠤᠤ᠎ᠠ ᠰᠠᠢᠬᠠᠨ᠎ᠢ ᠠᠮᠢᠳᠤᠯᠢᠭ᠎ᠢᠶᠠᠷ ᠬᠠᠷᠠᠭᠤᠯᠪᠠ; ᠲᠤᠮᠤ ᠬᠡᠯᠪᠡᠷᠢ᠎ᠶ᠋ᠢᠨ ᠨᠠᠢᠷᠠᠯ ᠬᠥᠭ᠌ᠵᠢᠮ 《ᠠᠥᠭ᠎ᠠ ᠲᠥᠰᠦᠪ》 ᠤ᠋ᠨ ᠲᠤᠰᠭᠠᠢ ᠲᠣᠭ᠍ᠯᠠᠯᠲᠠ ᠨᠢ ᠰᠦᠷ ᠳᠠᠯᠠᠢᠴᠠᠲᠠᠢ ᠬᠦᠭ ᠠᠶᠠᠰ᠎ᠢᠶᠡᠷ ᠥᠪᠥᠷ ᠮᠣᠩᠭᠣᠯ᠎ᠤᠨ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠴᠢᠪᠬᠠᠳᠠᠪᠠ᠃ 《ᠡᠢᠮᠦᠷᠬᠦᠦ ᠰᠣᠶᠣᠯ᠎ᠤᠨ ᠠᠵᠢᠯᠯᠠᠭ᠎ᠠ᠎ᠨᠢ ᠮᠠᠨ᠎ᠤ ᠠᠷᠠᠳ ᠣᠯᠠᠨ᠎ᠤ ᠠᠮᠢᠳᠤᠷᠠᠯ᠎ᠳᠤ ᠵᠢᠩᠬᠢᠨᠢ᠎ᠪᠡᠷ ᠣᠷᠣᠵᠤ ᠢᠷᠡᠭ᠌ᠰᠡᠨ ᠪᠣᠯᠬᠣᠷ ᠪᠢᠳᠡ ᠬᠡᠷ᠎ᠦᠨ᠎ᠢᠶᠡᠨ ᠡᠭᠦᠳᠡᠨ᠎ᠳᠦ ᠴᠢᠨᠠᠷ ᠰᠠᠢᠲᠠᠶ ᠤᠷᠠᠯᠢᠭ᠎ᠤᠨ ᠲᠤᠭᠯᠠᠯᠳᠠ ᠰᠤᠨᠢᠷᠬᠠᠵᠦ᠂ ᠠᠱᠢᠭ ᠭᠥᠷᠳᠡᠭ᠌ᠰᠡᠨ ᠲᠥᠷᠥᠭ᠌ᠳᠡᠯ᠎ᠢᠶᠡᠷ ᠳᠦᠭᠦᠷᠡᠩ ᠪᠠᠢᠨ᠎ᠠ》 ᠭᠡᠵᠦ ᠬᠤᠳᠠ᠎ᠶᠢᠨ ᠠᠷᠠᠳ ᠯᠢ ᠠᠪᠤᠭᠠᠢ ᠬᠡᠯᠡᠨ᠎ᠠ᠃

ᠰᠤᠶᠤᠯᠴᠡᠴᠡᠭ᠂ ᠤᠯᠠᠭᠠᠨᠲᠤᠶᠠᠭ᠎ᠠ᠂ ᠬᠦᠰᠡᠯᠡᠩ᠂ ᠬᠠᠯᠢᠨ ᠵᠡᠷᠭᠡ ᠥᠪᠥᠷ ᠮᠣᠩᠭᠣᠯ᠎ᠤᠨ ᠵᠠᠯᠠᠭᠤ ᠳᠠᠭᠤᠴᠢᠳ᠎ᠤᠨ ᠲᠣᠭ᠍ᠯᠠᠯᠲᠠ᠂ ᠨᠠᠢᠷᠠᠯ ᠳᠠᠭᠤᠤ᠎ᠶᠢᠨ ᠦᠳᠡᠰᠢᠯᠡᠬᠡ ᠨᠢ ᠵᠠᠯᠠᠭᠤ ᠨᠢᠭᠡ ᠦᠶ᠎ᠠ᠎ᠶᠢᠨ ᠤᠷᠠᠯᠢᠭᠴᠢᠳ᠎ᠤᠨ ᠤᠷ᠎ᠠ ᠠᠪᠢᠶᠠᠰ᠎ᠢ ᠬᠠᠷᠠᠭᠤᠯᠤᠨ᠂ ᠤᠳᠬ᠎ᠠ ᠤᠷᠠᠯᠢᠭ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠦᠪᠦᠷ ᠮᠤᠨᠭᠭᠤᠯ᠎ᠤᠨ ᠰᠤᠶᠤᠯ᠎ᠤᠨ ᠡᠯᠪᠡᠭ ᠪᠠᠶᠠᠯᠢᠭ ᠰᠢᠨᠵᠢ᠂ ᠤᠯᠠᠨ ᠶᠠᠩᠵᠤᠳᠤ ᠴᠢᠨᠠᠷ᠎ᠢ ᠬᠠᠷᠠᠭᠤᠯᠵᠠᠢ᠃ ᠡᠭᠦᠨ᠎ᠡᠴᠡ ᠭᠠᠳᠠᠨ᠎ᠠ᠂ ᠵᠠᠯᠠᠭᠤ ᠦᠶ᠎ᠠ᠎ᠶᠢᠨ ᠬᠠᠮᠳᠤᠯᠢᠭ᠎ᠤᠨ ᠲᠤᠰᠭᠠᠶ ᠲᠣᠭ᠍ᠯᠠᠯᠲᠠ᠂ ᠥᠪᠥᠷ ᠮᠣᠩᠭᠣᠯ᠎ᠤᠨ ᠤᠶᠤᠲᠠᠳ᠎ᠤᠨ 《ᠰᠤᠷᠭᠠᠭᠤᠯᠢ᠎ᠶ᠋ᠢᠨ ᠬᠦᠷᠢᠶᠡᠨ᠎ᠦ ᠠᠷᠪᠠᠨ ᠱᠢᠯᠢᠳᠡᠭ ᠳᠠᠭᠤᠴᠢᠨ》 ᠤ᠋ ᠤᠷᠤᠯᠳᠤᠭᠠᠨ᠎ᠤ ᠣᠨᠴᠠᠭᠠᠶ ᠲᠤᠭᠯᠠᠯᠳᠠ ᠵᠡᠷᠭᠡ᠎ᠶ᠋ᠢ ᠡᠭᠡᠯᠵᠢᠯᠡᠨ ᠲᠣᠭ᠍ᠯᠠᠵᠤ᠂ ᠣᠯᠠᠨ ᠡᠱᠢᠲᠦ ᠤᠷᠠᠯᠢᠭ᠎ᠤᠨ ᠬᠡᠯᠪᠡᠷᠢ᠎ᠶ᠋ᠢ ᠮᠥᠷᠭᠥᠯᠳᠦᠭᠦᠯᠦᠨ ᠠᠭᠤᠰᠤᠯᠴᠠᠭᠤᠯᠵᠤ᠂ ᠠᠳᠠᠯᠢ ᠪᠤᠰᠤ ᠬᠠᠮᠲᠤᠯᠢᠭ᠎ᠤᠨ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠪᠠ᠃

《ᠥᠨᠥᠳᠦᠷ ᠲᠤᠰᠭᠠᠢᠯᠠᠨ ᠠᠪᠤ ᠡᠵᠢ ᠪᠣᠯᠤᠨ ᠬᠡᠦᠬᠡᠳ᠎ᠢᠶᠡᠨ ᠳᠠᠭᠠᠭᠤᠯᠤᠨ ᠲᠣᠭ᠍ᠯᠠᠯᠲᠠ ᠦᠵᠡᠬᠦ᠌᠎ᠪᠡᠷ ᠢᠷᠡᠭᠰᠡᠨ᠂ ᠬᠠᠮᠤᠭ ᠬᠢᠮᠳᠠ ᠨᠢ 5.9 ᠲᠥᠭᠥᠷᠢᠭ᠎ᠦᠨ ᠠᠷᠠᠳ᠎ᠲᠤ ᠠᠱᠢᠭ ᠬᠦᠷᠲᠡᠭᠡᠬᠦ᠌ ᠪᠢᠯᠧᠲ᠎ᠦᠨ ᠦᠨ᠎ᠡ ᠠᠷᠠᠳ᠎ᠲᠦ ᠦᠨᠡᠬᠡᠷ ᠶᠡᠬᠡ ᠬᠠᠷᠠᠭᠠᠯᠵᠠᠯ ᠲᠠᠢ ᠰᠠᠨᠠᠭᠳᠠᠭᠰᠠᠨ᠂ ᠲᠣᠭ᠍ᠯᠠᠯᠲᠠ ᠨᠢ ᠨᠡᠩ ᠴᠤ᠌ ᠭᠣᠢᠳᠠ ᠰᠠᠢᠬᠠᠨ ᠪᠠᠢᠵᠤ᠂ ᠤᠯᠠᠮᠵᠢᠯᠠᠯᠲᠤ ᠦᠨᠳᠦᠰᠦᠲᠡᠨ᠎ᠦ ᠰᠣᠶᠣᠯ᠎ᠲᠠᠶ ᠪᠦᠭᠡᠳ ᠪᠠᠰᠠ ᠤᠳᠤ ᠦᠶ᠎ᠡ᠎ᠶ᠋ᠢᠨ ᠤᠷᠠᠯᠢᠭ᠎ᠤᠨ ᠠᠮᠢᠵᠢᠷᠠᠯ᠎ᠤᠨ ᠬᠦᠴᠦᠨ᠎ᠲᠡᠶ ᠪᠠᠢᠵᠤ᠂ ᠮᠠᠨ᠎ᠤ ᠪᠦᠬᠦ ᠭᠡᠷ᠎ᠢᠶᠡᠷ᠎ᠢᠶᠡᠨ ᠮᠠᠰᠢ ᠪᠠᠶᠠᠷᠲᠠᠢ ᠪᠠᠢᠨ᠎ᠠ》 ᠭᠡᠵᠦ ᠬᠥᠬᠡᠬᠣᠲᠠ᠎ᠶ᠋ᠢᠨ ᠬᠤᠳᠠ᠎ᠶᠢᠨ ᠠᠷᠠᠳ ᠵᠠᠩ ᠠᠪᠠᠬᠠᠶ ᠰᠡᠳᠭᠢᠯ ᠳᠣᠭ᠍ᠳᠣᠯᠤᠨ ᠬᠡᠯᠡᠨ᠎ᠠ᠃

ᠰᠣᠳᠣᠨ ᠪᠦᠲᠦᠭᠡᠯ᠎ᠦᠨ ᠦᠵᠡᠭᠦᠯᠭᠡ᠎ᠶ᠋ᠢᠨ ᠲᠣᠭ᠍ᠯᠠᠯᠲᠠ ᠨᠢ ᠶᠠᠷᠢᠶᠠᠲᠤ ᠵᠦᠴᠦᠭᠡ᠂ ᠪᠥᠵᠢᠭ᠌ᠲᠦ ᠵᠦᠴᠦᠭᠡ᠂ ᠳᠠᠭᠤᠤ ᠬᠥᠭ᠌ᠵᠢᠮᠲᠦ ᠵᠦᠴᠦᠭᠡ ᠵᠡᠷᠭᠡ ᠤᠯᠠᠨ ᠤᠷᠠᠯᠢᠭ᠎ᠤᠨ ᠲᠦᠷᠦᠯ᠎ᠢ ᠬᠠᠮᠤᠷᠴᠤ᠌᠂ ᠶᠠᠷᠢᠶᠠᠲᠤ ᠵᠦᠴᠦᠭᠡ 《ᠮᠣᠩᠭᠣᠯ ᠲᠥᠪᠡᠳ᠎ᠦᠨ ᠰᠤᠷᠭᠠᠭᠤᠯᠢ》᠂ ᠪᠥᠵᠢᠭ᠌ᠲᠦ ᠵᠦᠴᠦᠭᠡ 《ᠮᠣᠷᠢᠲᠤ ᠴᠡᠷᠢᠭ》 ᠵᠡᠷᠭᠡ ᠰᠣᠩᠭᠣᠳᠠᠭ ᠪᠦᠲᠦᠭᠡᠯ᠎ᠢ ᠡᠭᠡᠯᠵᠢᠯᠡᠨ ᠲᠣᠭ᠍ᠯᠠᠵᠤ᠂ ᠤᠷᠠᠯᠢᠭ᠎ᠤᠨ ᠲᠤᠭᠯᠠᠯᠳᠠ ᠪᠡᠷ ᠬᠤᠪᠢᠰᠭᠠᠯ᠎ᠤᠨ ᠦᠯᠢᠭᠡᠷ᠎ᠢ ᠶᠠᠷᠢᠵᠤ᠂ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠨ᠎ᠠ᠃ ᠵᠠᠯᠭᠠᠭᠠᠳ ᠶᠠᠪᠤᠭᠳᠠᠬᠤ ᠤᠨᠴᠠᠯᠢᠭ᠍ᠲᠤ ᠦᠵᠡᠭᠦᠯᠭᠡ᠎ᠶ᠋ᠢᠨ ᠬᠡᠰᠡᠭ᠎ᠲᠦ 《ᠡᠯᠳᠡᠪ ᠡᠷᠳᠡᠨᠢᠰ ᠦᠩᠭᠡ ᠢᠯᠭᠠᠷᠠᠭᠰᠠᠨ ᠦᠨᠢᠷ ᠪᠠᠶᠠᠯᠢᠭ ᠳᠤᠮᠳᠠᠳᠤ ᠤᠯᠤᠰ》 ᠦᠵᠡᠰᠭᠦᠯᠡᠩ᠂ 《ᠦᠵᠡᠰᠭᠦᠯᠡᠩᠲᠦ ᠰᠠᠢᠬᠠᠨ ᠠᠭᠤᠯᠠ ᠤᠰᠤ ᠦᠷᠨᠢᠯ ᠪᠠᠳᠠᠷᠠᠯᠳᠦ᠎ᠬᠥᠬᠡᠬᠣᠲᠠ — ᠬᠥᠬᠡᠬᠣᠲᠠ ᠶ᠋ᠢᠨ ᠲᠡᠦᠬᠡ ᠰᠣᠶᠣᠯ ᠤ᠋ᠨ ᠦᠵᠡᠭᠦᠯᠭᠡ》᠂ ᠲᠤᠷᠢᠨᠣ᠋ ᠶ᠋ᠢᠨ ᠶᠧᠵᠢᠫᠲ ᠤ᠋ᠨ ᠮᠦᠽᠧᠶ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠦᠵᠡᠭᠦᠯᠭᠡ᠂ ᠳᠣᠯᠣᠳᠤᠭᠠᠷ ᠬᠤᠭᠤᠴᠠᠭᠠᠨ ᠤ᠋ ᠦᠨᠳᠦᠰᠦᠲᠡᠨ ᠤ᠋ ᠤᠷᠠᠨ ᠵᠢᠷᠤᠭ ᠤ᠋ᠨ ᠪᠦᠲᠦᠭᠡᠯ ᠤ᠋ᠨ ᠦᠵᠡᠭᠦᠯᠭᠡ᠂ ᠥᠪᠥᠷ ᠮᠣᠩᠭᠣᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠨᠠᠭᠠᠳᠤᠮ ᠵᠡᠷᠭᠡ 7 ᠵᠦᠶ᠋ᠯ᠎ᠦᠨ ᠴᠢᠬᠤᠯᠠ ᠶᠡᠬᠡ ᠦᠵᠡᠰᠭᠦᠯᠡᠩ ᠦᠷᠬᠦᠯᠵᠢᠯᠡᠵᠦ᠂ ᠡᠷᠲᠡᠨ ᠡᠳᠦᠭᠡ᠎ᠶ᠋ᠢ ᠠᠭᠤᠰᠤᠯᠴᠠᠭᠤᠯᠤᠨ᠂ ᠳᠤᠮᠳᠠᠳᠤ ᠧᠦ᠋ᠷᠣᠫᠠ᠎ᠶᠢᠨ ᠰᠤᠶᠤᠯ ᠤᠷᠠᠯᠢᠭ᠎ᠤᠨ ᠰᠤᠯᠢᠯᠴᠠᠭ᠎ᠠ ᠲᠤᠮᠳᠠ ᠡᠴᠡ ᠰᠤᠶᠤᠯ᠎ᠤᠨ ᠢᠳᠡᠬᠡᠯ᠎ᠢ ᠨᠡᠮᠡᠭᠳᠡᠬᠦᠯᠦᠨ᠂ ᠬᠦᠮᠦᠨ ᠲᠦᠷᠦᠯᠬᠢᠳᠡᠨ᠎ᠤ ᠪᠣᠯᠪᠠᠰᠤᠨ᠎ᠤ ᠦᠷ᠎ᠠ ᠪᠦᠳᠦᠬᠡᠯ᠎ᠢ ᠤᠯᠠᠮᠵᠢᠯᠠᠨ ᠵᠠᠯᠭᠠᠮᠵᠢᠯᠠᠬᠤ ᠪᠤᠯᠤᠨ᠎ᠠ᠃

ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠠᠯ᠎ᠠ᠎ᠪᠠᠷ 16 ᠵᠦᠶ᠋ᠯ᠎ᠦᠨ ᠠᠵᠢᠯᠯᠠᠭ᠎ᠠ ᠥᠷᠨᠢᠭᠦᠯᠵᠦ᠍᠂ ᠴᠡᠯᠡᠭᠡᠷ ᠲᠠᠯ᠎ᠠ᠂ ᠴᠢᠩᠭᠢᠰ ᠬᠠᠭᠠᠨ᠎ᠤ ᠣᠩᠭᠣᠨ᠎ᠤ ᠵᠢᠭᠤᠯᠴᠢᠯᠠᠯ᠎ᠤᠨ ᠣᠷᠣᠨ᠂ ᠡᠵᠡᠨ᠎ᠡ ᠬᠣᠱᠢᠭᠤ ᠵᠡᠷᠭᠡ ᠵᠢᠭᠤᠯᠴᠢᠯᠠᠯ᠎ᠤᠨ ᠵᠣᠷᠢᠯᠳᠠᠳᠦ ᠭᠠᠵᠠᠷ᠎ᠲᠤ 《ᠪᠤᠭᠤᠷᠤᠯ ᠲᠡᠥᠬᠡ᠎ᠶᠢᠨ ᠬᠦᠯᠦᠭ᠎ᠤᠨ ᠮᠠᠭ᠍ᠲᠠᠭᠠᠯ》᠂《ᠬᠤᠨ ᠭᠠᠯᠠᠭᠤ》᠂ 《ᠡᠵᠡᠨ᠎ᠡ᠎ᠶᠢᠨ ᠠᠭᠤᠯᠵᠠᠯᠲᠠ》 ᠵᠡᠷᠭᠡ ᠰᠣᠶᠣᠯ ᠵᠢᠭᠤᠯᠴᠢᠯᠠᠯ᠎ᠤᠨ ᠲᠣᠭ᠍ᠯᠠᠯᠲᠠ ᠭᠠᠷᠭᠠᠵᠤ᠂ ᠰᠣᠶᠣᠯ ᠤᠷᠠᠯᠢᠭ᠎ᠢ ᠪᠠᠢᠭᠠᠯᠢ᠎ᠶ᠋ᠢᠨ ᠥᠩᠭᠡ ᠦᠵᠡᠮᠵᠢ᠂ ᠠᠷᠠᠳ᠎ᠤᠨ ᠵᠠᠩ ᠦᠶ᠋ᠯᠡ᠎ᠲᠡᠶ ᠭᠦᠨᠵᠡᠭᠡᠶ ᠠᠭᠤᠰᠤᠯᠴᠠᠭᠤᠯᠵᠤ᠂ ᠵᠢᠭᠤᠯᠴᠢᠯᠠᠭ᠍ᠰᠠᠳ᠎ᠢ ᠠᠭᠤᠯᠠ ᠤᠰᠤ᠎ᠪᠠᠷ ᠵᠢᠭᠤᠯᠴᠢᠯᠠᠭᠤᠯᠤᠨ ᠲᠠᠯ᠎ᠠ ᠨᠤᠲᠤᠭ᠎ᠤᠨ ᠰᠣᠶᠣᠯ᠎ᠢ ᠰᠣᠨᠢᠷᠬᠠᠭᠤᠯᠵᠤ᠂《ᠤᠷᠤᠰᠬᠠᠯ》 ᠢ᠋ 《ᠲᠤᠷᠠᠰᠤᠮᠵᠢ》 ᠪᠤᠯᠭᠠᠨ᠂ 《ᠵᠢᠭᠤᠯᠴᠢᠯᠠᠭᠰᠠᠳ》 ᠢ᠋ 《ᠪᠠᠢᠩᠭᠤ᠎ᠶᠢᠨ ᠵᠣᠴᠢᠨ》 ᠪᠣᠯᠭᠠᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠭᠠᠵᠠᠷ ᠣᠷᠣᠨ᠎ᠤ ᠲᠥᠷᠥᠯ ᠲᠡᠮᠳᠡᠭ᠌ᠲᠦ᠍᠎ᠶ᠋ᠢᠨ ᠠᠵᠢᠯᠯᠠᠭ᠎ᠠ᠂ ᠣᠯᠠᠨ ᠲᠦᠮᠡᠨᠴᠢ ᠠᠵᠢᠯᠯᠠᠭ᠎ᠠ ᠵᠡᠷᠭᠡ ᠲᠠᠯ᠎ᠠ᠎ᠪᠠᠷ ᠬᠦᠴᠦᠯᠡᠵᠦ᠍᠂ ᠬᠠᠲᠤᠨ ᠭᠤᠤᠯ᠂ ᠣᠷᠳᠣ ᠴᠠᠭᠠᠨ ᠬᠡᠷᠡᠮ᠂ ᠪᠠᠷᠠᠭᠤᠨ ᠯᠢᠶᠣᠤᠾᠧ ᠭᠤᠤᠯ ᠵᠡᠷᠭᠡ ᠭᠠᠵᠠᠷ ᠤᠷᠤᠨ᠎ᠤ ᠰᠣᠶᠣᠯ᠎ᠤᠨ ᠲᠦᠷᠦᠯ ᠲᠡᠮᠳᠡᠭ᠎ᠦᠨ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠵᠤ᠂ ᠲᠣᠰᠭᠣᠨ ᠤ᠋ ᠦᠳᠡᠰᠢᠯᠡᠬᠡ᠂ ᠨᠠᠢᠷᠠᠯ ᠳᠠᠭᠤᠤ᠂ ᠠᠭᠤᠳᠠᠮ ᠲᠠᠯᠠᠪᠠᠶ ᠶ᠋ᠢᠨ ᠪᠥᠵᠢᠭ ᠵᠡᠷᠭᠡ ᠣᠯᠠᠨ ᠲᠦᠮᠡᠨᠴᠢ ᠰᠣᠶᠣᠯ ᠤ᠋ᠨ ᠠᠵᠢᠯᠯᠠᠭ᠎ᠠ᠎ᠶ᠋ᠢ ᠦᠷᠭᠦᠯᠵᠢᠯᠡᠨ ᠵᠣᠬᠢᠶᠠᠨ ᠪᠠᠢᠭᠤᠯᠵᠤ᠂ 《ᠦᠪᠦᠷ ᠮᠤᠨᠭᠭᠤᠯ ᠤ᠋ᠨ ᠬᠦᠯ ᠪᠦᠮᠪᠦᠬᠡ ᠶ᠋ᠢᠨ ᠬᠤᠯᠪᠤᠭᠠᠳᠦ ᠤᠷᠤᠯᠳᠤᠭᠠᠨ》᠂ 《ᠮᠤᠨᠭᠭᠤᠯ ᠮᠤᠷᠢᠨ ᠤ᠋ ᠬᠤᠯᠪᠤᠭᠠᠳᠦ ᠤᠷᠤᠯᠳᠤᠭᠠᠨ》 ᠵᠡᠷᠭᠡ ᠤᠷᠤᠯᠳᠤᠭᠠᠨ ᠳ᠋ᠦ ᠰᠣᠶᠣᠯ ᠤ᠋ᠨ ᠠᠵᠢᠯᠯᠠᠭ᠎ᠠ ᠪᠠ ᠤᠷᠠᠨ ᠰᠠᠢᠬᠠᠨ ᠤ᠋ ᠲᠣᠭ᠍ᠯᠠᠯᠲᠠ ᠵᠢ ᠠᠭᠤᠰᠤᠯᠴᠠᠭᠤᠯᠵᠤ᠂ ᠤᠯᠠᠭᠠᠨᠮᠥ᠋ᠴᠢᠷ ᠤ᠋ᠨ 《ᠪᠠᠶᠠᠷ ᠪᠠᠶᠠᠰᠤᠯ ᠬᠦᠷᠭᠡᠬᠦ᠌᠂ ᠪᠣᠯᠪᠠᠰᠤᠨ ᠢ᠋ ᠬᠦᠷᠭᠡᠬᠦ᠌》 ᠦᠨᠳᠦᠰᠦᠨ ᠱᠠᠲᠤᠨ ᠤ᠋ ᠦᠶ᠋ᠯᠡᠴᠢᠯᠡᠭᠡ᠎ᠶ᠋ᠢ ᠥᠷᠭᠡᠨ ᠢ᠋ᠶ᠋ᠡᠷ ᠥᠷᠨᠢᠭᠦᠯᠵᠦ᠍᠂ ᠣᠯᠠᠨ ᠲᠦᠮᠡᠨ ᠤ᠋ ᠰᠣᠶᠣᠯ ᠤ᠋ᠨ ᠠᠵᠢᠯᠯᠠᠭ᠎ᠠ ᠳ᠋ᠦ ᠣᠷᠣᠯᠴᠠᠬᠤ᠎ᠶ᠋ᠢ ᠨᠠᠩ ᠳᠥᠭᠥᠮ ᠳᠥᠲᠡ ᠪᠤᠯᠭᠠᠵᠦ᠂ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠢ ᠦᠨᠡᠨ ᠬᠦ᠌ ᠪᠥᠬᠥ᠌ ᠠᠷᠠᠳ᠎ᠢᠶᠠᠷ᠎ᠢᠶᠠᠨ ᠣᠷᠣᠯᠴᠠᠭ᠍ᠰᠠᠨ᠂ ᠪᠥᠬᠥ᠌ ᠠᠷᠠᠳ᠎ᠢᠶᠠᠷ᠎ᠢᠶᠠᠨ ᠬᠠᠮᠲᠤ᠎ᠪᠠᠷ ᠡᠳ᠋ᠯᠡᠬᠦ᠌ ᠪᠠᠶᠠᠷ᠎ᠤᠨ ᠡᠳᠦᠷ ᠪᠣᠯᠭᠠᠨ᠎ᠠ᠃

ᠰᠣᠶᠣᠯ ᠪᠠᠳᠠᠷᠠᠨ ᠬᠦᠭᠵᠢᠵᠦ ᠴᠠᠭ ᠦᠶ᠎ᠡ᠎ᠶ᠋ᠢᠨ ᠥᠩᠭᠡ ᠭᠢᠯᠪᠠᠭ᠎ᠠ᠎ᠶ᠋ᠢ ᠰᠠᠴᠤᠷᠠᠭᠤᠯᠤᠨ᠎ᠠ

4 ᠰᠠᠷ᠎ᠠ ᠵᠢᠨ 26 ᠤ᠋ ᠤᠷᠤᠢ᠂ ᠬᠦᠬᠡᠬᠤᠳᠠ ᠵᠢᠨ ᠪᠡᠶ᠎ᠠ ᠵᠢᠨ ᠲᠠᠮᠢᠷ ᠤ᠋ᠨ ᠤᠷᠳᠤᠨ ᠳ᠋ᠤ 2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠡᠬᠢᠯᠡᠯᠳᠡ ᠵᠢᠨ ᠲᠤᠭᠯᠠᠯᠳᠠ ᠪᠤᠯᠬᠤ 《ᠲᠦᠷᠦᠭᠳᠡᠯ》 ᠳᠠᠭᠤᠤ ᠪᠦᠵᠢᠭ ᠤ᠋ᠨ ᠲᠤᠰᠬᠠᠢ ᠳᠠᠯᠠᠪᠠᠢ ᠦᠳᠡᠰᠢᠯᠡᠬᠡ ᠪᠤᠯᠵᠤᠭ᠎ᠠ ᠶᠤᠰᠤᠭᠠᠷ ᠶᠠᠪᠤᠭᠳᠠᠵᠦ᠂ ᠦᠪᠦᠷ ᠮᠤᠨᠭᠭᠤᠯ ᠤ᠋ᠨ ᠰᠤᠩᠭᠤᠳᠠᠭ ᠳᠠᠭᠤᠤ 《ᠲᠩᠷᠢ ᠵᠢᠨ ᠬᠠᠶᠠᠭ᠎ᠠ》 ᠪᠠ 《ᠮᠠᠯᠴᠢᠳ ᠤ᠋ᠨ ᠳᠠᠭᠤᠯᠠᠯ》᠂ ᠡᠷᠲᠡᠨ᠎ᠦ ᠲᠠᠭᠤᠯᠠᠯ ᠢ᠋ ᠱᠢᠨ᠎ᠡ ᠪᠡᠷ ᠨᠠᠢᠷᠠᠭᠤᠯᠤᠭ᠍ᠰᠠᠨ 《ᠴᠢᠯᠧ ᠵᠢᠨ ᠳᠠᠭᠤᠯᠠᠯ》᠂ ᠣᠮᠣᠭ ᠲᠡᠭᠦᠯᠳᠡᠷ 《ᠮᠣᠷᠢᠳᠠᠨ ᠤ᠋ ᠨᠠᠢᠷᠠᠯ》 ᠪᠠ 《ᠪᠥᠬᠡ ᠵᠢᠨ ᠵᠢᠪᠬᠤᠭ᠎ᠠ》᠂ ᠣᠨᠴᠠᠯᠢᠭ᠍ᠲᠤ ᠠᠷᠠᠳ ᠤ᠋ᠨ ᠵᠠᠩ ᠦᠢᠯᠡ ᠵᠢᠨ ᠪᠥᠵᠢᠭ 《ᠠᠶᠠᠭᠠᠨ ᠪᠦᠵᠢᠭ》᠂ 《ᠳᠡᠭᠦᠯᠢᠯᠲᠡ》 ᠪᠠ 《ᠬᠤᠨ ᠭᠠᠯᠠᠭᠤ》 ᠵᠢᠴᠢ ᠣᠷᠭᠢᠯᠤᠮ᠎ᠠ ᠬᠠᠯᠠᠭᠤᠨ ᠰᠡᠳᠭᠢᠯᠭᠡ ᠲᠡᠶ ᠠᠨᠳᠠᠢ ᠪᠥᠵᠢᠭ ᠵᠡᠷᠭᠡ ᠰᠣᠳᠣᠨ ᠲᠣᠭ᠍ᠯᠠᠯᠲᠠ ᠪᠡᠷ ᠭᠣᠢᠳᠠ ᠰᠠᠢᠬᠠᠨ ᠶᠠᠪᠤᠭᠳᠠᠵᠦ᠂ ᠰᠤᠶᠤᠯ ᠤᠷᠠᠯᠢᠭ ᠤ᠋ᠨ ᠰᠢᠨ᠎ᠠ ᠦᠷ᠎ᠠ ᠪᠦᠳᠦᠭᠡᠯ ᠢ᠋ ᠴᠤ ᠰᠢᠨ᠎ᠠ ᠬᠡᠯᠪᠡᠷᠢ ᠮᠠᠶᠢᠭ ᠵᠢᠡᠷ ᠬᠠᠷᠠᠭᠤᠯᠵᠦ᠂ ᠤᠯᠠᠭᠠᠨᠮᠦ᠋ᠴᠢᠷ ᠤ᠋ᠨ ᠦᠭᠡᠷᠡᠴᠢᠯᠡᠯᠳᠡ ᠵᠢ ᠬᠦᠨᠵᠡᠬᠡᠢᠷᠡᠬᠦᠯᠤᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠳᠡ ᠵᠢᠨ ᠰᠢᠨ᠎ᠠ ᠲᠦᠷᠰᠦ ᠪᠠᠢᠳᠠᠯ ᠢ᠋ ᠢᠯᠡᠷᠡᠬᠦᠯᠵᠡᠢ᠃

《ᠲᠤᠰ ᠦᠳᠡᠰᠢᠯᠡᠬᠡ ᠨᠢ ᠦᠪᠦᠷ ᠮᠤᠨᠭᠭᠤᠯ ᠤ᠋ᠨ ᠳᠥᠷᠪᠡᠨ ᠤᠯᠠᠷᠢᠯ ᠤ᠋ᠨ ᠥᠩᠭᠡ ᠦᠵᠡᠮᠵᠢ ᠪᠡᠷ ᠰᠠᠨᠠᠭ᠎ᠠ ᠠᠬᠤᠶ ᠪᠣᠯᠭᠠᠵᠤ᠂ 〈ᠠᠮᠢ ᠨᠠᠰᠤ ᠵᠢ ᠮᠠᠭ᠍ᠲᠠᠨ ᠳᠠᠭᠤᠯᠠᠵᠤ ᠪᠠᠢᠭᠠᠯᠢ ᠳᠡᠯᠡᠬᠡᠢ ᠵᠢ ᠪᠠᠬᠠᠳᠤᠨ ᠳᠠᠭᠤᠯᠠᠬᠤ〉 ᠭᠤᠤᠯ ᠵᠣᠷᠢᠯᠲᠠ ᠵᠢᠨ ᠲᠣᠭᠣᠷᠢᠨ ᠳ᠋ᠤ ᠣᠷᠳᠣ ᠵᠢᠨ ᠳᠠᠭᠤᠤ᠂ ᠬᠥᠭᠡᠮᠡᠶ᠂ ᠥᠯᠢᠭᠡᠷ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠢ᠋ ᠣᠲᠣ ᠦᠶ᠎ᠡ ᠵᠢᠨ ᠲᠠᠢᠰᠠᠨ ᠤ᠋ ᠤᠷᠠᠯᠢᠭ ᠤ᠋ᠨ ᠱᠢᠨ᠎ᠡ ᠡᠭᠦᠳᠦᠯᠲᠡ ᠲᠡᠶ ᠠᠭᠤᠰᠤᠯᠴᠠᠭᠤᠯᠵᠤ᠂ 360 ᠭᠷᠠᠳᠦ᠋ᠰ ᠤ᠋ᠨ ᠭᠦᠨ ᠰᠠᠭᠤᠭ᠍ᠳᠠᠯᠳᠤ ᠪᠣᠳᠠᠲᠤ ᠦᠵᠡᠮᠵᠢᠳᠦ ᠰᠢᠨ᠎ᠠ ᠮᠠᠶᠢᠭ ᠤ᠋ᠨ ᠳᠠᠢᠰᠠᠨ᠎ᠤ ᠲᠤᠭᠯᠠᠯᠳᠠ ᠪᠡᠷ ᠦᠵᠡᠭ᠌ᠴᠢᠳ ᠲᠦ᠍ ᠶᠡᠬᠡ ᠬᠢᠩᠭᠠᠨ ᠳᠠᠪᠠᠭ᠎ᠠ ᠵᠢᠨ ᠰᠦᠷ ᠵᠢᠪᠬᠤᠭ᠎ᠠ ᠪᠣᠯᠤᠨ ᠲᠠᠯ᠎ᠠ ᠨᠤᠲᠤᠭ ᠤ᠋ᠨ ᠭᠤᠤ᠎ᠠ ᠰᠠᠢᠬᠠᠨ ᠢ᠋ ᠰᠣᠨᠢᠷᠬᠠᠭᠤᠯᠵᠠᠢ᠃ ᠮᠦᠨ ᠠᠷᠠᠳ ᠲᠦ᠍ ᠠᠰᠢᠭ ᠬᠦᠷᠳᠡᠭᠡᠬᠦ ᠵᠤᠷᠢᠯᠳᠠ ᠪᠡᠷ ᠬᠠᠮᠤᠭ ᠤ᠋ᠨ ᠬᠢᠮᠳᠠ ᠳ᠋ᠠᠭᠠᠨ 9.9 ᠲᠥᠭᠥᠷᠢᠭ ᠤ᠋ᠨ ᠪᠢᠯᠧᠲ ᠲᠣᠬᠢᠷᠠᠭᠤᠯᠵᠤ᠂ ᠣᠯᠠᠨ ᠲᠦᠮᠡᠨ ᠳ᠋ᠤ ᠤᠯᠠᠭᠠᠨᠮᠥ᠋ᠴᠢᠷ ᠤ᠋ᠨ ᠤᠷᠠᠯᠢᠭ ᠤ᠋ᠨ ᠷᠢᠳᠢ ᠱᠢᠳᠢ ᠶ᠋ᠢ ᠣᠢᠷ᠎ᠠ ᠵᠠᠶ ᠡᠴᠡ ᠮᠡᠳᠡᠷᠡᠭᠦᠯᠪᠡ》 ᠭᠡᠵᠦ ᠦᠳᠡᠰᠢᠯᠡᠬᠡ ᠵᠢᠨ ᠤᠳᠤᠷᠢᠳᠤᠭᠠᠴᠢ ᠭᠤᠧᠠᠩ ᡁᠢ ᠰᠤᠷᠪᠤᠯᠵᠢᠯᠠᠭᠴᠢ ᠳ᠋ᠤ ᠳᠠᠨᠢᠯᠴᠠᠭᠤᠯᠪᠠ᠃

ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭ᠌ᠵᠢᠪᠡᠯ ᠦᠨᠳᠦᠰᠦᠲᠡᠨ ᠬᠦᠴᠦᠷᠬᠡᠭ᠌ᠵᠢᠨ᠎ᠡ᠃ 2026 ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠢ ᠡᠷᠭᠢᠯᠡᠭ᠌ᠰᠡᠨ ᠶᠠᠪᠤᠳᠠᠯ ᠪᠣᠯ ᠰᠣᠶᠣᠯ᠎ᠤᠨ ᠦᠶ᠋ᠯᠡᠰ ᠪᠠ ᠰᠣᠶᠣᠯ᠎ᠤᠨ ᠠᠵᠤ ᠦᠶ᠋ᠯᠡᠰ᠎ᠦᠨ ᠬᠥᠭ᠌ᠵᠢᠯ ᠴᠡᠴᠡᠭ᠌ᠯᠡᠯ᠎ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠᠢᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠮᠥᠨ᠃ ᠮᠥᠨ ᠴᠦ᠍ ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠠᠵᠤ ᠠᠬᠤᠶ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠬᠦᠴᠦᠲᠡᠶ ᠭᠠᠷᠳᠠᠴᠠ ᠪᠣᠯᠤᠨ᠎ᠠ᠃

ᠲᠣᠰ ᠤᠳᠠᠭᠠᠨ᠎ᠤ ᠠᠵᠢᠯᠯᠠᠭ᠎ᠠ᠎ᠶ᠋ᠢᠨ ᠤᠯᠠᠷᠢᠯ᠎ᠳᠤ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ᠎ᠢ ᠢᠮᠠᠭ᠍ᠲᠠ ᠪᠠᠷᠢᠮᠲᠠᠯᠠᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ᠂ ᠬᠠᠮᠤᠭ᠎ᠤᠨ ᠬᠢᠮᠳᠠ ᠨᠢ 5.9 ᠲᠥᠭᠥᠷᠢᠭ᠎ᠦᠨ ᠠᠷᠠᠳ᠎ᠲᠤ ᠠᠱᠢᠭ ᠬᠦᠷᠲᠡᠭᠡᠬᠦ᠌ ᠪᠢᠯᠧᠲ᠎ᠲᠤᠬᠢᠷᠠᠭᠤᠯᠵᠦ᠂ ᠰᠣᠶᠣᠯ ᠵᠢᠭᠤᠯᠴᠢᠯᠠᠯ᠎ᠤᠨ ᠪᠦᠷᠢᠨ ᠴᠢᠳᠠᠮᠵᠢᠳᠦ ᠺᠠᠷᠲ ᠵᠡᠷᠭᠡ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠭᠠᠷᠭᠠᠵᠤ᠂ ᠣᠯᠠᠨ ᠲᠦᠮᠡᠨ᠎ᠦ ᠰᠣᠶᠣᠯ᠎ᠤᠨ ᠬᠡᠷᠡᠭ᠌ᠯᠡᠭᠡᠨ᠎ᠦ ᠪᠠᠷᠢᠮᠵᠢᠶ᠎ᠠ᠎ᠶ᠋ᠢ ᠪᠠᠭᠤᠷᠠᠭᠤᠯᠵᠤ᠂ ᠨᠠᠩ ᠣᠯᠠᠨ ᠬᠦᠮᠦᠨ᠎ᠢ ᠲᠢᠶᠠᠲ᠋ᠷ᠎ᠲᠤ ᠣᠷᠣᠭᠤᠯᠵᠤ᠂ ᠰᠤᠶᠤᠯ᠎ᠤᠨ ᠠᠵᠢᠯᠯᠠᠭ᠎ᠠ᠎ᠳᠦ ᠤᠷᠤᠯᠴᠠᠭᠤᠯᠤᠨ᠂ ᠰᠣᠶᠣᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠪᠡ᠃ 《ᠡᠨᠡ ᠵᠢᠯ ᠤ᠋ᠨ ᠰᠤᠶᠤᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠱᠢᠷᠢᠰ ᠠᠵᠢᠯᠯᠠᠭ᠎ᠠ ᠨᠢ ᠲᠡᠥᠬᠡ ᠰᠤᠶᠤᠯ ᠤ᠋ᠨ ᠤᠯᠠᠮᠵᠢᠯᠠᠯ ᠢ᠋ ᠡᠷᠴᠢᠮᠵᠢᠬᠦᠯᠦᠨ᠂ ᠰᠤᠶᠤᠯ ᠤ᠋ᠨ ᠢᠳᠡᠭᠡᠯ ᠢ᠋ ᠪᠠᠳᠤᠳᠬᠠᠨ᠂ ᠰᠤᠶᠤᠯ ᠵᠢᠭᠤᠯᠴᠢᠯᠠᠯ ᠤ᠋ᠨ ᠠᠭᠤᠰᠤᠯᠴᠠᠯ ᠢ᠋ ᠴᠢᠩᠭᠠᠳᠬᠠᠨ᠂ ᠬᠡᠷᠡᠭᠯᠡᠭᠡ ᠵᠢ ᠤᠯᠠᠮ ᠬᠦᠭᠵᠢᠭᠡᠵᠦ᠂ ᠦᠪᠦᠷ ᠮᠤᠨᠭᠭᠤᠯ ᠤ᠋ᠨ ᠰᠤᠶᠤᠯ ᠤᠳᠬ᠎ᠠ ᠤᠷᠠᠯᠢᠭ ᠤ᠋ᠨ ᠦᠢᠯᠡᠰ ᠤ᠋ᠨ ᠬᠦᠭᠵᠢᠯᠳᠡ ᠶ᠋ᠢᠨ ᠦᠷ᠎ᠠ ᠪᠦᠳᠦᠭᠡᠯ ᠢ᠋ ᠪᠦᠬᠦ ᠳᠠᠯ᠎ᠠ ᠪᠡᠷ ᠬᠠᠷᠠᠭᠤᠯᠵᠦ᠂ ᠠᠷᠠᠳ ᠲᠦᠮᠡᠨ ᠳ᠋ᠦ ᠪᠦᠬᠦ ᠳᠠᠯ᠎ᠠ ᠪᠡᠷ ᠡᠳ᠋ᠯᠡᠬᠦᠯᠵᠦ᠂ ᠠᠷᠠᠳ ᠣᠯᠠᠨ ᠤ᠋ ᠰᠣᠶᠣᠯ ᠤ᠋ᠨ ᠬᠦᠷᠲᠡᠮᠵᠢ ᠶ᠋ᠢᠨ ᠲᠥᠷᠥᠭ᠌ᠳᠡᠯ᠂ ᠵᠤᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠢ᠋ ᠤᠯᠠᠮ ᠨᠢᠭᠡ ᠠᠯᠬᠤᠮ ᠨᠡᠮᠡᠭ᠌ᠳᠡᠭᠦᠯᠬᠦ ᠵᠢ ᠵᠤᠷᠢᠭᠰᠠᠨ》 ᠭᠡᠵᠦ ᠦᠪᠡᠷᠳᠡᠭᠡᠨ  ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠳᠡᠰ᠎ᠤᠨ ᠬᠠᠷᠢᠭᠤᠴᠠᠯᠭᠠᠳᠠᠨ ᠬᠡᠯᠡᠨ᠎ᠠ᠃

ᠰᠤᠶᠤᠯ᠎ᠤᠨ ᠠᠵᠢᠯᠯᠠᠭ᠎ᠠ᠎ᠶ᠋ᠢᠨ ᠤᠯᠠᠷᠢᠯ᠎ᠳᠤ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠲᠠᠯ᠎ᠠ ᠨᠤᠲᠤᠭ᠎ᠤᠨ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ᠂ ᠬᠤᠪᠢᠰᠭᠠᠯ᠎ᠤᠨ ᠰᠣᠶᠣᠯ ᠵᠡᠷᠭᠡ ᠣᠨᠴᠠᠯᠢᠭ᠍ᠲᠤ ᠡᠬᠢ ᠪᠠᠶᠠᠯᠢᠭ᠎ᠢ ᠬᠦᠨᠵᠡᠬᠡᠢ ᠠᠰᠢᠭᠯᠠᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠪᠠᠷ ᠪᠠᠷᠠᠬᠤ ᠥᠬᠡᠶ ᠪᠠᠰᠠ ᠣᠲᠣ ᠦᠶ᠎ᠡ᠎ᠶ᠋ᠢᠨ ᠤᠷᠠᠯᠢᠭ᠎ᠤᠨ ᠡᠯᠧᠮᠧᠨ᠋ᠲ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠷᠭ᠎ᠠ ᠪᠠᠷᠢᠯ᠎ᠳᠤ ᠢᠳᠡᠪᠬᠢᠲᠡᠶ ᠠᠭᠤᠰᠤᠯᠴᠠᠵᠤ᠂ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠬᠦᠯᠦᠯᠲᠡ᠎ᠶ᠋ᠢ ᠠᠬᠢᠭᠤᠯᠤᠨ᠎ᠠ᠃

《ᠡᠨᠡ ᠤᠳᠠᠭ᠎ᠠ ᠣᠷᠣᠨ ᠤ᠋ ᠲᠥᠪ ᠲᠦ᠍ ᠢᠷᠡᠵᠤ ᠴᠢᠬᠤᠯᠠ ᠲᠤᠭᠯᠠᠯᠳᠠ ᠭᠠᠷᠭᠠᠭᠰᠠᠨ ᠶᠠᠪᠤᠳᠠᠯ ᠪᠤᠯ ᠮᠠᠨ ᠤ᠋ ᠤᠯᠠᠭᠠᠨᠮᠥ᠋ᠴᠢᠷ ᠤ᠋ᠨ ᠨᠡᠢᠲᠡ ᠵᠢᠨ ᠠᠰᠠᠷᠠᠮᠵᠢ ᠵᠢᠨ ᠦᠢᠯᠡᠴᠢᠯᠡᠭᠡ ᠡᠴᠡ 〈ᠠᠷᠠᠳ ᠲᠦ᠍ ᠠᠱᠢᠭ ᠬᠦᠷᠲᠡᠭᠡᠬᠦ᠌ + ᠵᠠᠬ᠎ᠠ ᠳᠡᠯᠭᠡᠭᠦᠷᠴᠢᠯᠡᠯᠲᠡ〉 ᠲᠡᠢᠰᠢ ᠬᠥᠭ᠌ᠵᠢᠭ᠌ᠰᠡᠨ ᠵᠠᠩᠭᠢᠯᠠᠭ᠎ᠠ ᠵᠢᠨ ᠦᠢᠯᠡᠳᠦᠯᠭᠡ ᠪᠣᠯᠤᠨ᠎ᠠ᠂ ᠨᠡᠩ ᠴᠤ᠌ ᠬᠢᠩᠭᠠᠨ ᠠᠢᠮᠠᠭ ᠤ᠋ᠨ ᠰᠣᠶᠣᠯ ᠵᠢᠭᠤᠯᠴᠢᠯᠠᠯ ᠤ᠋ᠨ ᠭᠦᠨᠵᠡᠭᠡᠢ ᠠᠭᠤᠰᠤᠯᠴᠠᠯ᠂ ᠤᠳᠭ᠎ᠠ ᠤᠷᠠᠯᠢᠭ ᠤ᠋ᠨ ᠦᠢᠯᠡᠰ ᠤ᠋ᠨ ᠱᠢᠨ᠎ᠡ ᠶ᠋ᠢ ᠡᠭᠦᠳᠬᠦ᠌ ᠬᠥᠭ᠌ᠵᠢᠯᠲᠡ ᠵᠢᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠪᠢᠳᠡ ᠬᠤᠪᠢᠰᠭᠠᠯ ᠤ᠋ᠨ ᠦᠨᠳᠦᠰᠦ ᠤᠯᠠᠮᠵᠢᠯᠠᠯ ᠳ᠋ᠤ ᠰᠠᠭᠤᠷᠢᠯᠠᠨ᠂ ᠰᠣᠳᠣᠨ ᠰᠠᠢᠨ ᠤᠳᠭ᠎ᠠ ᠤᠷᠠᠯᠢᠭ ᠤ᠋ᠨ ᠪᠦᠲᠦᠭᠡᠯ ᠵᠢᠡᠷ ᠤᠮᠠᠷᠠᠲᠤ ᠬᠢᠯᠢ ᠵᠢᠨ ᠴᠣᠭ ᠵᠢᠪᠬᠤᠭ᠎ᠠ ᠶ᠋ᠢ ᠢᠯᠡᠷᠡᠭᠦᠯᠵᠦ᠍᠂ 2026 ᠤᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠳ᠋ᠤ ᠬᠡᠷᠡᠯ ᠭᠢᠯᠪᠠᠭ᠎ᠠ ᠨᠡᠮᠡᠷᠢᠯᠡᠨ᠎ᠠ》 ᠭᠡᠵᠦ ᠬᠢᠩᠭᠠᠨ ᠠᠢᠮᠠᠬ᠎ᠤᠨ ᠤᠯᠠᠭᠠᠨᠮᠦ᠋ᠴᠢᠷ ᠤ᠋ᠨ ᠳᠠᠷᠤᠭ᠎ᠠ ᠯᠢ ᠭᠦᠧᠧ ᠶᠢᠦ ᠬᠡᠯᠡᠨ᠎ᠠ᠃

ᠰᠣᠶᠣᠯ ᠪᠣᠯ ᠥᠪᠥᠷ ᠮᠣᠩᠭᠣᠯ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠪᠠᠰᠠ ᠴᠤ᠌ ᠪᠢᠳᠡᠨ᠎ᠦ ᠢᠷᠡᠭᠡᠳᠦᠢ ᠵᠦᠭ ᠤᠷᠤᠭ᠍ᠰᠢᠯᠠᠬᠤ ᠤᠶᠤᠨ ᠰᠠᠨᠠᠭᠠᠨ᠎ᠤ ᠲᠤᠯᠭᠠᠭᠤᠷᠢᠯᠠᠯ ᠮᠥᠨ᠃ 2026 ᠤᠨ᠎ᠤ ᠥᠪᠥᠷ ᠮᠣᠩᠭᠣᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ᠎ᠤᠨ ᠲᠣᠮᠣ ᠬᠥᠱᠢᠭᠡ ᠨᠢᠭᠡᠨᠲᠡ ᠰᠡᠬᠦᠭ᠌ᠳᠡᠵᠦ᠍᠂ ᠶᠢᠰᠦᠨ ᠪᠦᠯᠦᠭ ᠠᠭᠤᠯᠭ᠎ᠠ᠂ 100 ᠭᠠᠷᠤᠶ ᠵᠦᠶ᠋ᠯ᠎ᠦᠨ ᠠᠵᠢᠯᠯᠠᠭ᠎ᠠ᠎ᠨᠢ ᠦᠷᠭᠦᠯᠵᠢᠯᠡᠨ ᠦᠪᠦᠷ ᠮᠤᠨᠭᠭᠤᠯ᠎ᠤᠨ ᠰᠤᠶᠤᠯ᠎ᠤᠨ ᠤᠬᠢ ᠰᠢᠮ᠎ᠠ᠎ᠵᠢ ᠠᠷᠠᠳ ᠲᠦᠮᠡᠨ᠎ᠳᠦ ᠬᠦᠷᠳᠡᠭᠡᠵᠦ᠂ ᠬᠣᠲᠠ᠎ᠠᠴᠠ ᠬᠥᠳᠡᠭᠡ ᠲᠣᠰᠭᠣᠨ᠂ ᠲᠢᠶᠠᠲ᠋ᠷ᠎ᠠᠴᠠ ᠲᠠᠯ᠎ᠠ ᠨᠤᠲᠤᠭ ᠬᠦᠷᠲᠡᠯ᠎ᠡ᠂ ᠰᠣᠶᠣᠯ᠎ᠤᠨ ᠦᠷ᠎ᠡ ᠦᠪᠦᠷ ᠮᠤᠨᠭᠭᠤᠯ᠎ᠳᠦ ᠦᠨᠳᠦᠰᠦᠯᠡᠨ ᠨᠠᠬᠢᠶᠠᠯᠠᠵᠤ᠂ ᠴᠡᠴᠡᠭ᠌ᠯᠡᠨ ᠵᠢᠮᠢᠰᠯᠡᠬᠦ᠌ ᠪᠣᠯᠤᠨ᠎ᠠ᠃ ᠡᠨᠡ ᠬᠦ᠌ ᠰᠣᠶᠣᠯ᠎ᠤᠨ ᠦᠪᠡᠳᠡᠭ᠌ᠰᠢ ᠳᠠᠢᠯᠠᠯᠭ᠎ᠠ᠎ᠳᠤ ᠪᠦᠬᠦ ᠤᠯᠤᠰ᠎ᠤᠨ ᠠᠷᠠᠳ ᠲᠦᠮᠡᠨ ᠲᠤᠮᠳᠠᠳᠦ᠎ᠶᠢᠨ ᠰᠢᠯᠢᠳᠡᠭ ᠤᠯᠠᠮᠵᠢᠯᠠᠯᠳᠦ ᠰᠤᠶᠤᠯ᠎ᠤᠨ ᠷᠢᠳᠢ ᠱᠢᠳᠢ᠎ᠶ᠋ᠢ ᠮᠡᠳᠡᠷᠡᠵᠦ᠍᠂ ᠣᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠥᠪᠥᠷ ᠮᠣᠩᠭᠣᠯ᠎ᠤᠨ ᠰᠣᠶᠣᠯ᠎ᠤᠨ ᠴᠡᠴᠡᠭ᠌ᠯᠡᠯ ᠬᠥᠭ᠌ᠵᠢᠯ᠎ᠦᠨ ᠴᠣ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠬᠦ᠌ ᠪᠣᠯᠤᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号