5 ᠰᠠᠷ᠎ᠠ᠎ᠶᠢᠨ 12᠎ᠤ᠋ᠨ ᠦᠳᠡ᠎ᠶᠢᠨ ᠬᠣᠢᠨ᠎ᠠ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠥᠷᠥ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠲᠠᠵᠢᠺᠰᠲ᠋ᠠᠨ᠎ᠤ ᠶᠡᠷᠦᠩᠬᠡᠢᠯᠡᠭᠴᠢ ᠯᠠᠾᠸᠮᠸᠩ ᠲᠠᠢ ᠬᠡᠯᠡᠯᠴᠡᠭᠡ ᠬᠢᠪᠡ᠃
ᠰᠢ᠎ᠶᠢᠨ ᠫᠢᠩ ᠲᠠᠵᠢᠺᠰᠲ᠋ᠠᠨ ᠤ ᠲᠤᠰᠠᠭᠠᠷ ᠲᠣᠭᠲᠠᠨᠢᠭ᠍ᠰᠠᠨ 35 ᠵᠢᠯ᠎ᠦᠨ ᠤᠢ ᠪᠡ ᠤᠯᠤᠰ᠎ᠤᠨ ᠪᠦᠲᠦᠭᠡᠨ ᠪᠠᠢᠭᠤᠯᠤᠯᠲᠠ ᠳ᠋ᠠᠭᠠᠨ ᠴᠢᠬᠤᠯᠠ ᠶᠡᠬᠡ ᠠᠮᠵᠢᠯᠲᠠ ᠣᠯᠣᠭᠰᠠᠨ᠎ᠳᠤ ᠪᠠᠶᠠᠷ ᠬᠦᠷᠭᠡᠪᠡ᠃ ᠰᠢ᠎ᠶᠢᠨ ᠫᠢᠩ᠂ ᠬᠠᠷᠢᠯᠴᠠᠨ ᠡᠷᠡᠰ ᠳᠡᠮᠵᠢᠯᠴᠠᠬᠦ ᠪᠣᠯ ᠳᠤᠮᠳᠠᠳᠤ ᠲᠠᠵᠢᠺᠰᠲ᠋ᠠᠨ᠎ᠤ ᠬᠠᠷᠢᠯᠴᠠᠭᠠᠨ᠎ᠤ ᠭᠣᠣᠯ ᠴᠢᠬᠤᠯᠠ ᠠᠭᠤᠯᠭ᠎ᠠ ᠮᠥᠨ᠃ ᠭᠠᠳᠠᠭᠠᠳᠤ ᠣᠷᠴᠢᠨ ᠲᠣᠭᠣᠷᠢᠨ ᠶᠠᠭᠠᠬᠢᠵᠤ ᠬᠤᠪᠢᠷᠠᠭᠰᠠᠨ ᠴᠤ᠌᠂ ᠳᠤᠮᠳᠠᠳᠤ ᠲᠠᠵᠢᠺᠰᠲ᠋ᠠᠨ ᠬᠣᠶᠠᠷ ᠤᠯᠤᠰ ᠥᠨᠢ ᠡᠭᠦᠷᠢᠳᠡ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠭᠰᠠᠨ ᠰᠠᠢᠨ ᠬᠥᠷᠰᠢ᠂ ᠦᠨᠡᠨᠴᠢ ᠰᠢᠳᠤᠷᠭᠤ ᠢᠲᠡᠭᠡᠯᠴᠡᠭᠰᠡᠨ ᠰᠠᠢᠨ ᠨᠠᠢᠵᠨ᠂ ᠭᠠᠷ ᠬᠣᠯᠪᠣᠯᠴᠠᠨ ᠬᠥᠭᠵᠢᠭᠰᠡᠨ ᠰᠠᠢᠨ ᠬᠠᠨᠢᠲᠠᠨ ᠪᠣᠯᠬᠤ ᠶᠤᠮ᠃ ᠬᠣᠶᠠᠷ ᠲᠠᠯ᠎ᠠ᠎ᠪᠠᠷ᠎ᠢᠶᠠᠨ《ᠳᠤᠮᠳᠠᠳᠤ ᠲᠠᠵᠢᠺᠰᠲ᠋ᠠᠨ᠎ᠤ ᠦᠨᠢ ᠡᠭᠦᠷᠢᠳᠡ᠎ᠶᠢᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》 ᠳ᠋ᠦ᠍ ᠭᠠᠷᠤᠨ ᠦᠰᠦᠭ ᠵᠢᠷᠤᠵᠤ᠂ ᠬᠣᠶᠠᠷ ᠤᠯᠤᠰ᠎ᠤᠨ ᠥᠨᠳᠥᠷ ᠲᠦᠪᠰᠢᠨ ᠪᠦᠬᠦᠢ ᠤᠯᠤᠰ ᠲᠦᠷᠦ᠎ᠶᠢᠨ ᠢᠲᠡᠭᠡᠯᠴᠡᠭᠡ᠎ᠶᠢ ᠭᠦᠢᠴᠡᠳ ᠢᠯᠡᠷᠡᠭᠦᠯᠵᠦ᠂ ᠳᠤᠮᠳᠠᠳᠤ ᠲᠠᠵᠢᠺᠰᠲ᠋ᠠᠨ᠎ᠤ ᠦᠶ᠎ᠡ᠎ᠶᠢᠨ ᠦᠶ᠎ᠡ᠎ᠳᠦ ᠨᠥᠬᠥᠷᠰᠡᠭ ᠪᠠᠢᠬᠤ᠎ᠳᠤ ᠯᠠᠪᠳᠠᠭᠤᠨ ᠪᠠᠲᠤᠯᠠᠭ᠎ᠠ ᠬᠠᠨᠭᠭᠠᠬᠤ ᠪᠤᠯᠤᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠲᠠᠵᠢᠺᠰᠲ᠋ᠠᠨ ᠤ ᠲᠠᠯ᠎ᠠ᠎ᠲᠠᠢ ᠬᠠᠮᠲᠤ ᠪᠠᠷ᠂ ᠨᠡᠩ ᠨᠢᠭ᠍ᠲᠠ ᠳᠤᠮᠳᠠᠳᠤ ᠲᠠᠵᠢᠺᠰᠲ᠋ᠠᠨ᠎ᠤ ᠬᠤᠪᠢ ᠵᠠᠶᠠᠭᠠᠨ ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

5 ᠰᠠᠷ᠎ᠠ᠎ᠶᠢᠨ 12 ᠤ᠋ᠨ ᠦᠳᠡ ᠶᠢᠨ ᠬᠣᠢᠨ᠎ᠠ᠂ ᠤᠯᠤᠰ ᠤᠨ ᠲᠡᠷᠢᠭᠦᠯᠡᠭᠴᠢ ᠰᠢ᠎ᠶᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠥᠷᠥ᠎ᠶᠢᠨ ᠶᠠᠪᠤᠳᠠᠯ ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠲᠠᠵᠢᠺᠰᠲ᠋ᠠᠨ ᠤ ᠶᠡᠷᠦᠩᠬᠡᠢᠯᠡᠭᠴᠢ ᠯᠠᠾᠸᠮᠸᠩ ᠲᠠᠢ ᠬᠡᠯᠡᠯᠴᠡᠭᠡ ᠬᠢᠪᠡ᠃
ᠰᠢᠨᠬᠤᠸᠨ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ
ᠰᠢ᠎ᠶᠢᠨ ᠫᠢᠩ᠂ ᠳᠤᠮᠳᠠᠳᠤ᠎ᠶᠢᠨ ᠲᠠᠯ᠎ᠠ ᠥᠩᠭᠡᠷᠡᠭᠰᠡᠨ᠎ᠲᠠᠢ᠎ᠪᠡᠨ ᠠᠳᠠᠯᠢ᠎ᠪᠠᠷ ᠲᠠᠵᠢᠺᠰᠲ᠋ᠠᠨ᠎ᠤ ᠥᠪᠡᠷ ᠦᠨ ᠤᠯᠤᠰ᠎ᠤᠨ ᠪᠠᠢᠳᠠᠯ᠎ᠳᠠᠭᠠᠨ ᠨᠡᠢᠴᠡᠭᠰᠡᠨ ᠬᠥᠭᠵᠢᠯᠲᠡ᠎ᠶᠢᠨ ᠵᠠᠮ᠎ᠢᠶᠠᠷ ᠵᠠᠮᠨᠠᠬᠤ᠎ᠶᠢ ᠳᠡᠮᠵᠢᠵᠦ᠂ ᠲᠠᠵᠢᠺᠰᠲ᠋ᠠᠨ᠎ᠤ ᠤᠯᠤᠰ᠎ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠠᠮᠤᠷ ᠲᠦᠪᠰᠢᠨ᠎ᠢᠶᠡᠨ ᠬᠠᠮᠠᠭᠠᠯᠠᠬᠤ᠎ᠶᠢ ᠳᠡᠮᠵᠢᠨ᠎ᠡ᠃ ᠡᠨᠡ ᠵᠢᠯ ᠪᠣᠯ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶᠢᠨ ᠵᠢᠯ ᠪᠣᠯᠣᠨ᠎ᠠ᠂ ᠲᠠᠵᠢᠺᠰᠲ᠋ᠠᠨ᠎ᠤ ᠲᠠᠯ᠎ᠠ ᠪᠠᠰᠠ 《2030 ᠣᠨ᠎ᠡᠴᠡ ᠡᠮᠦᠨᠡᠬᠢ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ》᠎ᠪᠠᠨ ᠪᠦᠬᠦ ᠬᠦᠴᠦᠨ᠎ᠢᠶᠡᠷ᠎ᠢᠶᠡᠨ ᠠᠬᠢᠭᠤᠯᠵᠤ ᠪᠤᠢ᠃ ᠬᠣᠶᠠᠷ ᠲᠠᠯ᠎ᠠ᠎ᠪᠠᠷ᠎ᠢᠶᠠᠨ《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ ᠪᠠᠷ ᠪᠦᠲᠦᠭᠡᠨ ᠪᠠᠶ᠋ᠢᠭᠤᠯᠬᠤ᠎ᠪᠠᠷ ᠭᠣᠣᠯ ᠰᠢᠵᠢᠮ ᠪᠣᠯᠭᠠᠵᠤ᠂ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠪᠠᠨ ᠭᠦᠨᠵᠡᠭᠡᠢ ᠵᠣᠯᠭᠠᠭᠤᠯᠵᠤ᠂ ᠲᠤᠰ ᠲᠤᠰ ᠤᠨ ᠬᠥᠭᠵᠢᠯᠲᠡ᠎ᠶᠢᠨ ᠬᠠᠷᠠᠯᠲᠠ᠎ᠳᠠᠭᠠᠨ ᠬᠦᠴᠦᠨ ᠨᠡᠮᠡᠷᠢᠯᠡᠶ᠎ᠡ᠃ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ᠎ᠶᠢᠨ ᠰᠠᠢᠨ ᠰᠠᠢᠬᠠᠨ ᠬᠠᠨᠳᠤᠰᠢ᠎ᠶᠢ ᠪᠡᠬᠢᠵᠢᠭᠦᠯᠵᠦ᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠠᠭᠤᠳᠠᠯᠵᠤ᠂ ᠠᠷᠠᠯᠵᠢᠶᠠᠨ᠎ᠤ ᠪᠡᠯᠡ ᠣᠷᠣᠭᠤᠯᠤᠯᠲᠠ᠎ᠶᠢᠨ ᠬᠡᠪᠴᠢᠶ᠎ᠡ ᠪᠣᠯᠣᠨ ᠶᠠᠰᠤ ᠴᠢᠨᠠᠷ᠎ᠢ ᠵᠡᠷᠭᠡ ᠪᠡᠷ ᠳᠡᠭᠡᠭᠰᠢᠯᠡᠭᠦᠯᠤᠶ᠎ᠡ; ᠭᠣᠣᠯᠳᠠᠯᠭ᠎ᠠ᠎ᠲᠠᠢ ᠲᠦᠷᠦᠯ ᠵᠦᠢᠯ᠎ᠦᠨ ᠬᠡᠷᠡᠭᠵᠢᠭᠦᠯᠦᠯᠲᠡ᠎ᠶᠢ ᠪᠠᠲᠤᠯᠠᠵᠤ᠂ ᠪᠣᠬᠢᠷᠲᠤᠯ ᠦᠭᠡᠢ ᠡᠨᠧᠷᠭᠢ᠂ ᠲᠣᠭᠠᠴᠢᠯᠠᠭᠰᠠᠨ ᠠᠵᠤ ᠠᠬᠤᠢ᠂ ᠣᠶᠤᠨᠲᠤ ᠬᠤᠳᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ᠎ᠢ ᠳᠡᠭᠡᠭᠰᠢᠯᠡᠭᠦᠯᠤᠶ᠎ᠡ; ᠰᠣᠶᠣᠯ ᠢᠷᠭᠡᠨᠰᠢᠯ ᠦᠨ ᠰᠣᠯᠢᠯᠴᠠᠭ᠎ᠠ᠎ᠶᠢ ᠭᠦᠨᠵᠡᠭᠡᠢᠷᠡᠭᠦᠯᠵᠦ᠂ ᠣᠷᠣᠨ ᠨᠤᠲᠤᠭ᠎ᠤᠨ ᠬᠠᠮᠲᠤᠷᠠᠯᠴᠠᠭᠠᠨ᠎ᠤ ᠰᠢᠨ᠎ᠡ ᠬᠡᠪ ᠵᠠᠭᠪᠤᠷ᠎ᠢ ᠡᠭᠦᠳᠴᠦ᠂ ᠬᠣᠶᠠᠷ ᠤᠯᠤᠰ᠎ᠤᠨ ᠠᠷᠠᠳ ᠲᠦᠮᠡᠨ᠎ᠦ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠤ ᠪᠠᠢᠬᠤ᠎ᠶᠢ ᠠᠬᠢᠭᠤᠯᠤᠶ᠎ᠠ; ᠬᠠᠤᠯᠢ ᠬᠡᠷᠡᠭᠵᠢᠭᠦᠯᠬᠦ ᠠᠮᠤᠷ ᠲᠦᠪᠰᠢᠨ᠎ᠦ ᠬᠠᠮᠲᠤᠷᠠᠯᠴᠠᠭ᠎ᠠ᠎ᠪᠠᠨ ᠴᠢᠩᠭᠠᠳᠬᠠᠵᠤ᠂ 《ᠭᠤᠷᠪᠠᠨ ᠵᠦᠢᠯ᠎ᠦᠨ ᠬᠦᠴᠦᠨ》 ᠳ᠋ᠤ᠌ ᠡᠷᠡᠰ ᠴᠣᠬᠢᠯᠲᠠ ᠥᠭᠴᠦ᠂ ᠭᠠᠵᠠᠷ ᠣᠷᠣᠨ᠎ᠤ ᠲᠣᠭᠲᠠᠭᠤᠨ᠎ᠢ ᠬᠠᠮᠲᠤ ᠪᠠᠷ ᠬᠠᠮᠠᠭᠠᠯᠠᠶ᠎ᠡ᠃ ᠳᠤᠮᠳᠠᠳᠤ᠎ᠶᠢᠨ ᠲᠠᠯ᠎ᠠ᠎ᠶᠢᠨ ᠬᠢᠨ ᠲᠠᠵᠢᠺᠰᠲ᠋ᠠᠨ᠎ᠤ ᠲᠠᠯ᠎ᠠ᠎ᠶᠢᠨ ᠤᠯᠠᠨ ᠤᠯᠤᠰ᠎ᠤᠨ ᠡᠶᠡᠳᠡᠭᠦᠯᠭᠡ᠎ᠶᠢᠨ ᠬᠤᠷᠢᠶ᠎ᠠ᠎ᠳᠦ ᠣᠷᠣᠯᠴᠠᠬᠤ᠎ᠶᠢ ᠪᠠᠶᠠᠷᠯᠠᠨ ᠤᠭᠲᠤᠵᠤ ᠪᠠᠢᠨ᠎ᠠ᠂ ᠳᠤᠷᠠᠲᠠᠶ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠳᠤᠮᠳᠠᠳᠤ ᠤᠯᠤᠰ ︱ ᠳᠤᠮᠳᠠ ᠠᠽᠢᠶ᠎ᠠ᠎ᠶᠢᠨ ᠲᠣᠭᠲᠡᠴᠡ ᠵᠡᠷᠭᠡ ᠪᠦᠳᠦᠭᠦᠪᠴᠢ ᠲᠦᠰᠦᠪ ᠦᠨ ᠳᠣᠲᠣᠷ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠢᠰᠲ᠋ᠸᠮ᠎ᠢ ᠪᠠᠶ᠋ᠢᠭᠤᠯᠬᠤ᠎ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠯᠠᡁᠸᠮᠸᠩ᠂ ᠰᠢᠨ᠎ᠡ ᠴᠠᠭ ᠦᠶ᠎ᠡ᠎ᠶᠢᠨ ᠲᠠᠵᠢᠺᠰᠲ᠋ᠠᠨ ᠳᠤᠮᠳᠠᠳᠤ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠢᠷᠡᠨ ᠬᠥᠭᠵᠢᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠵᠠᠮ ᠬᠠᠷᠢᠯᠴᠠᠭ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠳ᠋ᠡᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠮᠵᠢ ᠣᠯᠵᠤ᠂ ᠴᠢᠬᠤᠯᠠ ᠶᠡᠬᠡ ᠲᠦᠷᠦᠯ ᠵᠦᠢᠯ ᠤᠷᠤᠭᠰᠢᠲᠠᠢ ᠠᠬᠢᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠵᠢᠷᠭᠠᠯ ᠤᠯᠭᠤᠪᠠ᠃ ᠬᠣᠶᠠᠷ ᠲᠠᠯ᠎ᠠ᠎ᠪᠠᠷ᠎ᠢᠶᠠᠨ ᠡᠨᠡ ᠡᠳᠦᠷ《ᠲᠠᠵᠢᠺᠰᠲ᠋ᠠᠨ ᠳᠤᠮᠳᠠᠳᠤ᠎ᠶᠢᠨ ᠥᠨᠢ ᠡᠭᠦᠷᠢᠳᠡ᠎ᠶᠢᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》᠎ᠳ᠋ᠤ᠌ ᠭᠠᠷᠤᠨ ᠦᠰᠦᠭ ᠵᠢᠷᠤᠭᠰᠠᠨ ᠨᠢ ᠬᠣᠶᠠᠷ ᠤᠯᠤᠰ᠎ᠤᠨ ᠬᠠᠷᠢᠯᠴᠠᠭ᠎ᠠ ᠰᠢᠨ᠎ᠡ ᠲᠡᠦᠬᠡᠲᠦ ᠱᠠᠲᠤᠨ᠎ᠳᠤ ᠣᠷᠣᠭᠰᠠᠨ᠎ᠢ ᠬᠠᠷᠠᠭᠤᠯᠵᠤ᠂ ᠬᠣᠶᠠᠷ ᠤᠯᠤᠰ᠎ᠤᠨ ᠤᠷᠳᠤ ᠬᠤᠭᠤᠴᠠᠭᠠᠨ᠎ᠤ ᠬᠠᠮᠲᠤᠷᠠᠯᠴᠠᠭ᠎ᠠ᠎ᠳᠤ ᠰᠢᠨ᠎ᠡ ᠢᠷᠡᠭᠡᠳᠦᠢ᠎ᠶᠢ ᠨᠡᠭᠡᠭᠡᠬᠦ ᠪᠣᠯᠣᠨ᠎ᠠ᠃ ᠲᠠᠢᠸᠠᠨ ᠪᠣᠯ ᠳᠤᠮᠳᠠᠳᠤ ᠤᠯᠤᠰ᠎ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠲᠠᠵᠢᠺᠰᠲ᠋ᠠᠨ᠎ᠤ ᠲᠠᠯ᠎ᠠ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠪᠠᠷᠢᠮᠲᠠᠯᠠᠨ᠎ᠠ᠃ ᠲᠠᠵᠢᠺᠰᠲ᠋ᠠᠨ᠎ᠤ ᠲᠠᠯ᠎ᠠ ᠳᠤᠮᠳᠠᠳᠤ ᠤᠯᠤᠰ ᠯᠤᠭ᠎ᠠ ᠵᠠᠩᠭᠢᠯᠠᠭ᠎ᠠ᠎ᠶᠢᠨ ᠠᠭᠤᠷᠬᠠᠢ᠎ᠶᠢᠨ ᠭᠠᠷᠤᠯᠲᠠ᠂ ᠵᠣᠬᠢᠶᠠᠮᠠᠯ ᠤᠶᠤᠨ ᠴᠢᠳᠠᠪᠤᠷᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠬᠦᠷᠢᠶᠡᠨ᠎ᠳ᠋ᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠥᠮᠥᠰ᠎ᠦᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠰᠤᠷᠭᠠᠨ ᠬᠥᠮᠦᠵᠢᠯ᠎ᠦᠨ ᠰᠣᠯᠢᠯᠴᠠᠭ᠎ᠠ᠎ᠪᠠᠨ ᠴᠢᠩᠭᠠᠳᠬᠠᠵᠤ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠨᠡᠩ ᠶᠡᠬᠡ ᠬᠥᠭᠵᠢᠯᠲᠡ᠎ᠲᠠᠢ ᠪᠣᠯᠬᠤ᠎ᠶᠢ ᠬᠦᠰᠡᠵᠦ ᠪᠠᠢᠨ᠎ᠠ᠃ ᠲᠡᠷᠢᠭᠦᠯᠡᠭᠴᠢ ᠰᠢ᠎ᠶᠢᠨ ᠫᠢᠩ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠤᠭᠰᠠᠨ ᠨᠢ ᠳᠡᠯᠡᠬᠡᠢ ᠳ᠋ᠠᠬᠢᠨ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠲᠠᠵᠢᠺᠰᠲ᠋ᠠᠨ ᠤ ᠲᠠᠯ᠎ᠠ ᠳᠤᠮᠳᠠᠳᠤ ᠤᠯᠤᠰ᠎ᠤᠨ ᠤᠯᠠᠨ ᠤᠯᠤᠰ᠎ᠤᠨ ᠬᠠᠯᠠᠮᠰᠢᠯ ᠠᠰᠠᠭᠤᠳᠠᠯ᠎ᠢ ᠤᠯᠤᠰ ᠲᠦᠷᠦ᠎ᠪᠡᠷ ᠰᠢᠢᠳᠪᠦᠷᠢᠯᠡᠬᠦ᠎ᠳᠦ ᠴᠥᠬᠥᠷᠡᠰᠢ ᠦᠭᠡᠢ ᠴᠢᠷᠮᠠᠢᠯᠭ᠎ᠠ ᠭᠠᠷᠭᠠᠵᠤ᠂ ᠳᠤᠮᠳᠠᠳᠤ ᠳᠣᠷᠣᠨᠠᠲᠤ᠎ᠶᠢᠨ ᠪᠠᠢᠳᠠᠯ᠎ᠢ ᠨᠠᠮᠳᠠᠭᠤᠯᠬᠤ᠎ᠳᠤ ᠴᠢᠬᠤᠯᠠ ᠦᠢᠯᠡᠳᠦᠯ ᠦᠵᠡᠭᠦᠯᠦᠭᠰᠡᠨ᠎ᠢ ᠳᠡᠭᠡᠳᠦ ᠬᠡᠮᠵᠢᠶ᠎ᠡ᠎ᠪᠡᠷ ᠮᠠᠭᠲᠠᠨ ᠰᠠᠢᠰᠢᠶᠠᠵᠤ ᠪᠠᠢᠨ᠎ᠠ᠃ ᠲᠠᠵᠢᠺᠰᠲ᠋ᠠᠨ ᠤ ᠲᠠᠯ᠎ᠠ ᠳᠤᠷᠠᠲᠠᠶ᠎ᠠ ᠳᠤᠮᠳᠠᠳᠤ᠎ᠶᠢᠨ ᠲᠠᠯ᠎ᠠ᠎ᠲᠠᠢ ᠤᠯᠠᠨ ᠲᠠᠯ᠎ᠠ ᠶᠢᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂《ᠭᠤᠷᠪᠠᠨ ᠵᠦᠢᠯ᠎ᠦᠨ ᠬᠦᠴᠦᠨ》 ᠪᠣᠯᠣᠨ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ᠎ᠳᠤ ᠬᠠᠮᠲᠤ ᠪᠠᠷ ᠴᠣᠬᠢᠯᠲᠠ ᠥᠭᠴᠦ᠂ ᠭᠠᠵᠠᠷ ᠣᠷᠣᠨ᠎ᠤ ᠲᠣᠭᠲᠠᠭᠤᠨ᠎ᠢ ᠬᠠᠮᠠᠭᠠᠯᠠᠨ᠎ᠠ ᠭᠡᠵᠦ ᠢᠯᠡᠳᠬᠡᠪᠡ᠃
ᠬᠡᠯᠡᠯᠴᠡᠭᠡ ᠳᠠᠭᠤᠰᠤᠭᠰᠠᠨᠦ ᠳᠠᠷᠠᠭ᠎ᠠ ᠂ ᠬᠣᠶᠠᠷ ᠤᠯᠤᠰ᠎ᠤᠨ ᠲᠡᠷᠢᠭᠦᠨ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠬᠦᠳᠠ ᠨᠠᠢᠷᠠᠮᠳᠠᠬᠤ ᠲᠠᠵᠢᠺᠰᠲ᠋ᠠᠨ ᠤᠯᠤᠰ᠎ᠤᠨ ᠥᠨᠢ ᠡᠭᠦᠷᠢᠳᠡ᠎ᠶᠢᠨ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭᠠᠨ᠎ᠤ ᠭᠡᠷ᠎ᠡ》᠂《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠬᠦᠳᠠ ᠨᠠᠢᠷᠠᠮᠳᠠᠬᠤ ᠲᠠᠵᠢᠺᠰᠲ᠋ᠠᠨ ᠤᠯᠤᠰ᠎ᠤᠨ ᠰᠢᠨ᠎ᠡ ᠴᠠᠭ ᠦᠶ᠎ᠡ᠎ᠶᠢᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ ᠤ ᠬᠠᠨᠢᠲᠠᠨ᠎ᠤ ᠬᠠᠷᠢᠯᠴᠠᠭ᠎ᠠ᠎ᠶᠢ ᠭᠦᠨᠵᠡᠭᠡᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠢᠯᠡᠯᠲᠡ》 ᠳ᠋ᠦ᠍ ᠭᠠᠷᠤᠨ ᠦᠰᠦᠭ ᠵᠢᠷᠤᠭᠰᠠᠨ ᠪᠥᠭᠡᠳ ᠨᠡᠢᠲᠡᠯᠡᠵᠤ᠂ ᠲᠦᠷᠦ᠎ᠶᠢᠨ ᠨᠠᠮ᠎ᠤᠨ ᠰᠣᠯᠢᠯᠴᠠᠭ᠎ᠠ᠂ ᠠᠵᠤ ᠠᠬᠤᠢ ᠠᠷᠠᠯᠵᠢᠶᠠᠨ᠎ᠤ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ᠂ ᠪᠣᠬᠢᠷᠲᠤᠯ ᠦᠭᠡᠢ ᠠᠭᠤᠷᠬᠠᠢ᠎ᠶᠢᠨ ᠭᠠᠷᠤᠯᠲᠠ᠂ ᠵᠠᠭᠤᠴᠢᠯᠠᠭᠤᠷ ᠵᠡᠷᠭᠡ ᠬᠦᠷᠢᠶᠡᠨ᠎ᠳ᠋ᠡᠬᠢ ᠠᠷᠪᠠ ᠭᠠᠷᠤᠢ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷᠤᠨ ᠦᠰᠦᠭ ᠵᠢᠷᠤᠬᠤ᠎ᠶᠢ ᠭᠡᠷᠡᠴᠢᠯᠡᠪᠡ᠃
ᠠᠶ᠋ᠢᠯᠴᠢᠯᠠᠯᠲᠠ ᠬᠢᠭᠰᠡᠨ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ ᠪᠠᠰᠠ ᠬᠥᠳᠡᠭᠡ ᠠᠵᠤ ᠠᠬᠤᠢ᠂ ᠰᠣᠶᠣᠯ᠂ ᠰᠤᠷᠭᠠᠨ ᠬᠥᠮᠦᠵᠢᠯ᠂ ᠣᠷᠣᠨ ᠰᠠᠭᠤᠴᠠ᠎ᠶᠢᠨ ᠪᠦᠲᠦᠭᠡᠨ ᠪᠠᠢᠭᠤᠯᠤᠯᠲᠠ᠂ ᠬᠢᠵᠢᠭ᠎ᠢ ᠰᠢᠯᠭᠠᠵᠤ ᠬᠢᠵᠢᠭ᠎ᠢ ᠪᠠᠢᠴᠠᠭᠠᠬᠤ᠂ ᠵᠠᠬ᠎ᠠ ᠳᠡᠯᠭᠡᠭᠦᠷ ᠲᠤ᠌ ᠬᠢᠨᠠᠯᠲᠠ ᠲᠠᠯᠪᠢᠬᠤ ᠵᠡᠷᠭᠡ ᠬᠦᠷᠢᠶᠡᠨ᠎ᠳᠡᠬᠢ ᠠᠷᠪᠠ ᠭᠠᠷᠤᠢ ᠬᠠᠮᠲᠤᠷᠠᠯᠴᠠᠭᠠᠨ᠎ᠤ ᠪᠢᠴᠢᠭ ᠮᠠᠲᠧᠷᠢᠶᠠᠯ᠎ᠳᠤ ᠭᠠᠷᠤᠨ ᠦᠰᠦᠭ ᠵᠢᠷᠤᠪᠡ᠃
ᠬᠡᠯᠡᠯᠴᠡᠭᠡ ᠬᠢᠬᠦ᠎ᠡᠴᠡ ᠡᠮᠦᠨ᠎ᠡ᠂ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠯᠠᡁᠸᠮᠸᠩᠢ ᠤᠭᠲᠤᠬᠤ ᠶᠣᠰᠣᠯᠠᠯ ᠶᠠᠪᠤᠭᠤᠯᠪᠠ᠃
ᠯᠠᡁᠸᠮᠸᠩ ᠬᠦᠷᠴᠦ ᠢᠷᠡᠬᠦ᠎ᠳᠦ᠂ ᠶᠣᠰᠣᠯᠠᠯ᠎ᠤᠨ ᠴᠡᠷᠢᠭ ᠮᠦᠷᠯᠡᠨ ᠵᠤᠭᠰᠤᠵᠤ ᠶᠤᠰᠤᠯᠠᠪᠠ᠃ ᠬᠣᠶᠠᠷ ᠤᠯᠤᠰ᠎ᠤᠨ ᠲᠡᠷᠢᠭᠦᠨ ᠰᠢᠯᠭᠠᠨ ᠦᠵᠡᠬᠦ ᠲᠠᠢᠰᠠᠨ᠎ᠳᠤ ᠭᠠᠷᠴᠤ᠂ ᠴᠡᠷᠢᠭ᠎ᠦᠨ ᠬᠥᠭᠵᠢᠮ᠎ᠦᠨ ᠪᠦᠯᠬᠦᠮ ᠳᠤᠮᠳᠠᠳᠤ ᠲᠠᠵᠢᠺᠰᠲ᠋ᠠᠨ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶᠢ ᠬᠥᠭᠵᠢᠮᠳᠡᠵᠦ᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭᠠᠷᠭᠠᠪᠠ᠃ ᠯᠠᡁᠸᠮᠸᠩ ᠰᠢ᠎ᠶᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠶᠣᠰᠣᠯᠠᠯ᠎ᠤᠨ ᠠᠩᠭᠢ᠎ᠶᠢ ᠰᠢᠯᠭᠠᠨ ᠦᠵᠡᠭᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃
ᠲᠤᠰ ᠣᠷᠣᠢ᠂ ᠰᠢ᠎ᠶᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠳᠠᠨ ᠰᠢᠷᠭᠠᠯ ᠶᠡᠭᠡ ᠲᠢᠩᠬᠢᠮ᠎ᠳᠦ ᠯᠠᡁᠸᠮᠸᠩᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ᠂ ᠸᠠᠩ ᠰᠢᠶᠣᠣ ᠬᠣᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 12 ᠤ᠋ᠨ ᠴᠠᠬᠢᠯᠭᠠᠨ ᠮᠡᠳᠡᠭᠡ)