ᠰᠢ ᠵᠢᠨ ᠫᠢᠩ ᠪᠷᠦ᠋ᠨ᠋ᠸᠢ ᠵᠢᠨ ᠸᠠᠩ᠎ᠤᠨ ᠵᠠᠯᠭᠠᠮᠵᠢᠯᠠᠭ᠍ᠴᠢ ᠪᠢᠯᠠᠾ ᠲᠠᠢ ᠠᠭᠤᠯᠵᠠᠪᠠ
2026-05-13 09:54:55
ᠵᠣᠬᠢᠶᠠᠭ᠍ᠴᠢ᠄
ᠸᠸᠨ ᠱᠢᠨ
ᠣᠩᠱᠢᠭ᠍ᠰᠠᠨ ᠣᠳᠠᠭ᠎ᠠ᠄
★★★☆☆

 5 ᠰᠠᠷ᠎ᠠ᠎ᠶ᠋ᠢᠨ 12 ᠎ᠤ᠋ᠨ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ ᠎ᠤᠨ  ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠯᠪᠠᠨ ᠶᠣᠰᠣᠨ᠎ᠤ ᠠᠢᠯᠴᠢᠯᠠᠯᠲᠠ ᠬᠢᠬᠦ᠌ ᠎ᠪᠡᠷ ᠳᠤᠮᠳᠠᠳᠤ ᠤᠯᠤᠰ᠎ᠲᠤ ᠢᠷᠡᠭ᠌ᠰᠡᠨ ᠪᠷᠦ᠋ᠨ᠋ᠸᠢ᠎ᠶ᠋ᠢᠨ ᠸᠠᠩ᠎ᠤᠨ ᠵᠠᠯᠭᠠᠮᠵᠢᠯᠠᠭ᠍ᠴᠢ ᠪᠢᠯᠠᠾ ᠲᠠᠢ ᠠᠭᠤᠯᠵᠠᠪᠠ᠃

ᠰᠢ ᠵᠢᠨ ᠫᠢᠩ᠂ ᠳᠤᠮᠳᠠᠳᠤ ᠤᠯᠤᠰ ᠪᠣᠯᠤᠨ ᠪᠷᠦ᠋ᠨ᠋ᠸᠢ ᠪᠣᠯ ᠳᠣᠲᠣᠨᠣ ᠬᠥᠷᠰᠢ ᠤᠯᠤᠰ ᠮᠥᠨ᠂ ᠳᠠᠯᠠᠢ ᠳᠡᠭᠡᠷᠡᠬᠢ ᠲᠣᠷᠭᠠᠨ ᠵᠠᠮ ᠨᠢ ᠬᠣᠶᠠᠷ ᠤᠯᠤᠰ᠎ᠢ ᠨᠢᠭ᠍ᠲᠠ ᠬᠣᠯᠪᠣᠵᠠᠢ᠃ ᠳᠤᠮᠳᠠᠳᠤ ᠪᠷᠦ᠋ᠨ᠋ᠸᠢ ᠵᠢᠨ ᠬᠠᠮᠲᠤᠷᠠᠯᠴᠠᠭ᠎ᠠ ᠨᠢ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠠᠱᠢᠭ ᠲᠤᠰᠠ ᠣᠯᠭᠣᠭ᠍ᠰᠠᠨ᠎ᠢᠶᠠᠷ ᠪᠠᠷᠠᠬᠤ ᠦᠭᠡᠢ ᠪᠠᠰᠠ ᠶᠡᠬᠡ ᠪᠠᠭ᠎ᠠ ᠤᠯᠤᠰ ᠡᠷᠬᠡ ᠲᠡᠭ᠌ᠰᠢ᠎ᠪᠡᠷ ᠬᠠᠨᠳᠤᠯᠴᠠᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠬᠡᠪ ᠳᠠᠭᠤᠷᠢᠶᠠᠯ᠎ᠢ ᠪᠤᠢ ᠪᠣᠯᠭᠠᠪᠠ᠃ ᠨᠢᠳᠤᠨᠤᠨ ᠪᠢ ᠰᠦᠳᠠᠨ ᠬᠠᠰᠠᠩᠨᠠᠷ ᠲᠠᠶ ᠳᠤᠮᠳᠠᠳᠤ ᠪᠷᠦ᠋ᠨ᠋ᠸᠢ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠲᠤᠬᠠᠶ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠣᠯᠵᠣ᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢᠨ ᠴᠣ ᠱᠢᠨ᠎ᠡ ᠬᠠᠭᠤᠳᠠᠰᠤ᠎ᠶ᠋ᠢ ᠨᠡᠭᠡᠭᠡᠪᠡ᠃ ᠡᠨᠡ ᠵᠢᠯ ᠪᠣᠯ ᠳᠤᠮᠳᠠᠳᠤ ᠪᠷᠦ᠋ᠨ᠋ᠸᠢ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 35 ᠵᠢᠯ ᠎ᠦᠨ ᠣᠶ ᠪᠣᠯᠤᠨ᠎ᠠ᠃ ᠤᠷᠪᠠᠭᠠᠨ ᠬᠦᠷᠪᠡᠭᠡᠨ ᠲᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠬᠣᠶᠠᠷ ᠲᠠᠯ᠎ᠠ᠎ᠪᠠᠷ᠎ᠢᠶᠠᠨ ᠳᠤᠮᠳᠠᠳᠤ ᠪᠷᠦ᠋ᠨ᠋ᠸᠢ ᠵᠢᠨ ᠬᠤᠪᠢ ᠵᠠᠶᠠᠭᠠᠨ᠎ᠤ ᠬᠠᠮᠲᠤ ᠎ᠶ᠋ᠢᠨ ᠴᠣᠭ᠍ᠴᠠ ᠎ᠶ᠋ᠢ ᠪᠠᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠪᠠᠢᠯᠳᠤᠬᠤ ᠪᠤᠳᠤᠯᠭ᠎ᠠ ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠪᠣᠳᠠᠲᠠᠢ ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ᠎ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠪᠷᠦ᠋ᠨ᠋ᠸᠢ ᠶᠠᠭ 《2035 ᠣᠨ᠎ᠤ ᠠᠤᠭ᠎ᠠ ᠬᠦᠰᠡᠯ》 ᠲᠡᠢᠰᠢ ᠡᠷᠡᠮᠡᠬᠡᠢᠯᠡᠨ ᠤᠷᠤᠭ᠍ᠰᠢᠯᠠᠵᠤ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠡᠭᠦᠨ᠎ᠢᠶᠡᠷ ᠨᠡᠢᠯᠡᠯ ᠴᠡᠭ ᠪᠣᠯᠭᠠᠵᠤ᠂ ᠳᠤᠮᠳᠠᠳᠤ ᠪᠷᠦ᠋ᠨ᠋ᠸᠢ᠎ᠶ᠋ᠢᠨ ᠬᠠᠮᠲᠤᠷᠠᠯᠴᠠᠭ᠎ᠠ᠎ᠶ᠋ᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠶ᠎ᠠ᠃ ᠨᠢᠭᠡ᠎ᠳᠦ᠂ ᠳᠡᠭᠡᠳᠦ ᠬᠡᠮᠵᠢᠶ᠎ᠡ᠎ᠪᠡᠷ ᠢᠲᠡᠭᠡᠯᠴᠡᠬᠰᠡᠨ ᠪᠠᠢᠯᠳᠤᠬᠤ ᠪᠣᠳᠣᠯᠭ᠎ᠠ᠎ᠶ᠋ᠢᠨ ᠬᠠᠨᠢᠲᠠᠨ ᠪᠣᠯᠵᠣ᠂ ᠦᠷᠭᠦᠯᠵᠢᠯᠡᠨ ᠡᠷᠡᠰ ᠳᠡᠮᠵᠢᠯᠴᠡᠵᠦ᠍᠂ ᠡᠯ᠎ᠡ ᠬᠦᠷᠢᠶᠡᠨ᠎ᠳ᠋ᠡᠬᠢ ᠰᠣᠯᠢᠯᠴᠠᠭ᠎ᠠ ᠬᠠᠮᠲᠤᠷᠠᠯᠴᠠᠭ᠎ᠠ ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠶ᠎ᠠ᠃ ᠬᠣᠶᠠᠷ ᠎ᠲᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢᠨ ᠬᠠᠨᠢᠲᠠᠨ ᠪᠤᠯᠵᠤ᠂ ᠴᠢᠬᠤᠯᠠ ᠶᠡᠬᠡ ᠲᠦᠯᠦᠬᠡᠯᠡᠬᠦ ᠴᠢᠨᠠᠷᠳᠠᠢ ᠬᠠᠮᠲᠤᠷᠠᠯᠴᠠᠭᠠᠨ᠎ᠤ ᠲᠦᠷᠦᠯ ᠵᠦᠢᠯ ᠎ᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭ᠍ᠰᠠᠨ ᠠᠵᠤ ᠠᠬᠤᠢ ᠵᠡᠷᠭᠡ ᠱᠢᠨ᠎ᠡ ᠎ᠪᠡᠷ ᠮᠠᠨᠳᠤᠭ᠍ᠰᠠᠨ ᠬᠦᠷᠢᠶᠡᠨ᠎ᠳᠡᠬᠢ ᠬᠠᠮᠲᠤᠷᠠᠯᠴᠠᠭ᠎ᠠ᠎ᠶ᠋ᠢ ᠥᠷᠭᠡᠳᠭᠡᠶ᠎ᠡ᠃ ᠭᠤᠷᠪᠠ ᠎ᠳᠤ᠂ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣ ᠪᠠᠢᠬᠤ ᠪᠣᠯᠪᠠᠰᠤᠨ ᠬᠠᠨᠢᠲᠠᠨ ᠪᠤᠯᠵᠥ᠍᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠵᠦ᠍᠂ ᠰᠣᠶᠣᠯ ᠢᠷᠭᠡᠨᠱᠢᠯ ᠎ᠦᠨ ᠰᠣᠯᠢᠯᠴᠠᠭ᠎ᠠ᠎ᠪᠠᠨ ᠨᠢᠭ᠍ᠲᠠᠷᠠᠭᠤᠯᠵᠤ᠂ ᠠᠷᠠᠳ᠎ᠤᠨ ᠰᠡᠳᠭᠢᠯ᠎ᠦᠨ ᠨᠡᠪᠲᠡᠷᠡᠯᠴᠡᠭᠡ᠎ᠶ᠋ᠢᠨ ᠱᠢᠨ᠎ᠡ ᠬᠢᠯᠠᠰ ᠴᠡᠭ ᠎ᠢ ᠡᠭᠦᠳᠦᠶ᠎ᠡ᠃ ᠳᠥᠷᠪᠡ᠎ᠳᠦ᠂ ᠪᠥᠬᠥ᠌ ᠪᠥᠮᠪᠥᠷᠴᠡᠭ ᠎ᠦᠨ ᠵᠠᠰᠠᠯᠲᠠ᠎ᠶ᠋ᠢᠨ ᠬᠠᠮᠲᠤᠷᠠᠯᠴᠠᠭᠠᠨ ᠎ᠤ ᠬᠠᠨᠢᠲᠠᠨ ᠪᠣᠯᠵᠣ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠤᠯᠤᠰ᠎ᠤᠳ᠎ᠲᠠᠶ ᠬᠠᠮᠲᠤ᠎ᠪᠠᠷ ᠨᠠᠩ ᠨᠢᠭ᠍ᠲᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠲᠣᠰ ᠭᠠᠵᠠᠷ ᠣᠷᠣᠨ᠎ᠢᠶᠠᠨ ᠵᠠᠭᠤᠨ ᠵᠢᠯ᠎ᠳᠦ ᠳᠤᠬᠢᠶᠠᠯᠳᠤᠭ᠎ᠠ ᠦᠭᠡᠢ ᠬᠤᠪᠢᠰᠤᠯᠲᠠ᠎ᠶ᠋ᠢᠨ ᠳᠤᠮᠳᠠᠬᠢ ᠡᠩᠬᠡ ᠲᠠᠢᠪᠤᠩ ᠲᠣᠭ᠍ᠲᠠᠭᠤᠨ ᠪᠠ ᠬᠥᠭ᠌ᠵᠢᠯ ᠴᠡᠴᠡᠭ᠌ᠯᠡᠯ᠎ᠦᠨ ᠵᠢᠱ᠌ᠢᠶ᠎ᠡ ᠦᠵᠡᠭᠦᠯᠬᠦ᠌ ᠥᠨᠳᠥᠷᠯᠢᠭ ᠪᠣᠯᠭᠠᠨ ᠪᠥᠲᠥᠭᠡᠨ ᠪᠠᠢᠭᠤᠯᠤᠶ᠎ᠠ ᠭᠡᠵᠦ ᠴᠢᠬᠤᠯᠠᠴᠢᠯᠠᠪᠠ᠃

ᠪᠢᠯᠠᠾ ᠡᠴᠡ ᠰᠦᠳᠡᠨ ᠬᠠᠰᠠᠩᠨᠠᠷ᠎ᠤᠨ ᠲᠡᠷᠢᠭᠦᠯᠡᠭ᠌ᠴᠢ ᠰᠢ ᠵᠢᠨ ᠫᠢᠩ᠎ᠳᠦ ᠲᠡᠪᠰᠢᠬᠦᠯᠦᠭᠰᠡᠨ ᠴᠢᠩ ᠰᠡᠳᠭᠢᠯ᠎ᠦᠨ ᠮᠡᠨᠳᠦᠴᠢᠯᠡᠯ᠎ᠢ ᠳᠠᠮᠵᠢᠭᠤᠯᠪᠠ᠃ ᠪᠢᠯᠠᠾ᠂ ᠳᠤᠮᠳᠠᠳᠤ ᠤᠯᠤᠰ ᠪᠣᠯ ᠪᠷᠦ᠋ᠨ᠋ᠸᠢ ᠵᠢᠨ ᠤᠷᠳᠤ ᠬᠤᠭᠤᠴᠠᠭᠠᠨ᠎ᠤ ᠨᠠᠢᠵᠠ ᠮᠥᠨ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ ᠭᠦᠨ ᠵᠤᠵᠠᠭᠠᠨ ᠶᠤᠮ᠃ ᠪᠷᠦ᠋ᠨ᠋ᠸᠢ ᠵᠢᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠳᠤᠷᠠᠲᠠᠶ᠎ᠠ ᠳᠤᠮᠳᠠᠳᠤ ᠤᠯᠤᠰ᠎ᠲᠠᠶ ᠬᠠᠮᠲᠤ᠎ᠪᠠᠷ ᠬᠣᠶᠠᠷ ᠤᠯᠤᠰ᠎ᠤᠨ ᠲᠡᠷᠢᠭᠦᠨ᠎ᠦ ᠲᠣᠭ᠍ᠲᠠᠭᠠᠭ᠍ᠰᠠᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠠᠯᠤᠰ᠎ᠤᠨ ᠲᠥᠰᠦᠪ᠎ᠢ ᠠᠬᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠳᠡᠭᠡᠳᠦ ᠳᠠᠪᠬᠤᠷᠭ᠎ᠠ᠎ᠶ᠋ᠢᠨ ᠨᠢᠭ᠍ᠲᠠ ᠶᠠᠪᠤᠯᠴᠠᠭ᠎ᠠ᠎ᠪᠠᠨ ᠪᠠᠲᠤᠯᠠᠵᠤ᠂ ᠠᠷᠠᠯᠵᠢᠶ᠎ᠠ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ ᠎ᠪᠠᠨ ᠴᠢᠩᠭᠠᠳᠭᠠᠵᠤ᠂ ᠬᠣᠶᠠᠷ ᠲᠠᠯ᠎ᠠ᠎ᠶ᠋ᠢᠨ ᠠᠷᠠᠳ ᠲᠦᠮᠡᠨ᠎ᠳᠦ ᠪᠤᠶᠠᠨ ᠦᠢᠯᠡᠳᠦᠨ᠎ᠡ᠃ ᠲᠡᠷᠢᠭᠦᠯᠡᠭ᠌ᠴᠢ ᠰᠢ ᠵᠢᠨ ᠫᠢᠩ᠎ᠦᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠴᠢᠬᠤᠯᠠ ᠶᠡᠬᠡ ᠠᠮᠵᠢᠯᠲᠠ ᠣᠯᠵᠤ᠂ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠪᠠ᠃ ᠳᠤᠮᠳᠠᠳᠤ ᠤᠯᠤᠰ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠱᠢᠨ᠎ᠡ ᠵᠢᠷᠤᠭ ᠲᠥᠰᠦᠪ᠎ᠢ ᠠᠮᠵᠢᠯᠲᠠ᠎ᠲᠠᠶ᠎ᠪᠠᠷ ᠬᠡᠷᠡᠭ᠌ᠵᠢᠭᠦᠯᠵᠦ᠍᠂ ᠨᠡᠩ ᠶᠡᠬᠡ ᠬᠥᠭ᠌ᠵᠢᠯᠲᠡ᠎ᠲᠡᠶ ᠪᠣᠯᠬᠤ᠎ᠶ᠋ᠢ ᠢᠲᠡᠭᠡᠵᠦ᠍ ᠪᠠᠢᠨ᠎ᠠ᠃ ᠳᠤᠮᠳᠠᠳᠤ ᠤᠯᠤᠰ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠠᠬᠢᠭᠤᠯᠬᠤ᠂ ᠤᠯᠠᠨ ᠲᠠᠯᠠᠲᠤ ᠦᠵᠡᠯ ᠪᠣᠯᠤᠨ ᠤᠯᠠᠨ ᠤᠯᠤᠰ᠎ᠤᠨ ᠡᠮᠬᠢ ᠳᠢᠭ᠌ᠯᠢᠮ ᠎ᠢ ᠬᠠᠮᠠᠭᠠᠯᠠᠬᠤ᠎ᠳᠤ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠪᠡ᠂ ᠪᠷᠦ᠋ᠨ᠋ᠸᠢ ᠵᠢᠨ ᠬᠢᠨ ᠲᠡᠷᠢᠭᠦᠯᠡᠭ᠌ᠴᠢ ᠰᠢ ᠵᠢᠨ ᠫᠢᠩ᠎ᠦᠨ ᠳᠤᠷᠠᠳᠤᠭ᠍ᠰᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠣᠢᠯᠠᠭᠠᠭ᠍ᠳᠠᠬᠤᠨ ᠪᠣᠯᠤᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ ᠪᠠᠢᠨ᠎ᠠ᠃ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ — ᠳᠤᠮᠳᠠᠳᠤ ᠤᠯᠤᠰ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠭᠠᠵᠠᠷ ᠣᠷᠣᠨ᠎ᠳᠤ ᠪᠤᠶᠠᠨ ᠦᠢᠯᠡᠳᠪᠡ᠂ ᠪᠷᠦ᠋ᠨ᠋ᠸᠢ ᠵᠢᠨ ᠬᠢᠨ ᠳᠤᠮᠳᠠᠳᠤ ᠤᠯᠤᠰ᠎ᠯᠤᠭ᠎ᠠ ᠨᠢᠭ᠍ᠲᠠ ᠬᠠᠮᠵᠢᠯᠴᠠᠵᠤ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ ᠪᠣᠯᠤᠨ ᠳᠤᠮᠳᠠᠳᠤ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠭᠠᠵᠠᠷ ᠣᠷᠣᠨ᠎ᠤ ᠬᠥᠭ᠌ᠵᠢᠯ ᠴᠡᠴᠡᠭ᠌ᠯᠡᠯ ᠪᠣᠯᠤᠨ ᠲᠣᠭ᠍ᠲᠠᠭᠤᠨ᠎ᠢ ᠬᠠᠮᠠᠭᠠᠯᠠᠬᠤ᠎ᠶ᠋ᠢ ᠬᠦᠰᠡᠵᠦ᠍ ᠪᠠᠢᠨ᠎ᠠ ᠭᠡᠵᠦ ᠢᠯᠡᠳᠬᠡᠪᠡ᠃

   ᠸᠠᠩ ᠢ ᠠᠭᠤᠯᠵᠠᠯᠲᠠ᠎ᠳᠤ ᠣᠷᠣᠯᠴᠠᠵᠠᠢ᠃


ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 12 ᠎ᠤ᠋ᠨ ᠴᠠᠬᠢᠯᠭᠠᠨ ᠮᠡᠳᠡᠭᠡ




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号