ᠰᠢ ᠵᠢᠨ ᠫᠢᠩ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠢ ᠠᠵᠢᠯᠯᠠᠭ᠍ᠴᠢ ᠠᠨᠠᠨᠢ ᠲᠠᠢ ᠠᠭᠤᠯᠵᠠᠵᠠᠢ
2026-05-13 10:02:26
ᠵᠣᠬᠢᠶᠠᠭ᠍ᠴᠢ᠄
ᠸᠸᠨ ᠱᠢᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 12 ᠎ᠤ᠋ᠨ ᠦᠳᠡ᠎ᠶ᠋ᠢᠨ ᠬᠣᠢᠨ᠎ᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠢ ᠠᠵᠢᠯᠯᠠᠭ᠍ᠴᠢ ᠠᠨᠠᠨᠢ ᠲᠠᠢ ᠠᠭᠤᠯᠵᠠᠪᠠ᠃

ᠰᠢ ᠵᠢᠨ ᠫᠢᠩ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ ᠨᠢ ᠡᠯ᠎ᠡ ᠤᠯᠤᠰ᠎ᠤᠨ ᠠᠷᠠᠳ ᠲᠦᠮᠡᠨ ᠎ᠦ ᠣᠢᠯᠠᠭᠠᠯᠴᠠᠭ᠎ᠠ ᠢᠲᠡᠭᠡᠯᠴᠡᠭᠡ᠎ᠶ᠋ᠢ ᠨᠡᠮᠡᠭ᠌ᠳᠡᠭᠦᠯᠬᠦ᠌᠂ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠳᠤᠯᠢ ᠪᠤᠯᠭᠠᠬᠤ ᠵᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠪᠥᠭᠡᠳ ᠪᠦᠬᠦ᠌ ᠪᠥᠮᠪᠥᠷᠴᠡᠭ᠎ᠦᠨ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ᠂ ᠰᠣᠶᠣᠯ ᠎ᠤᠨ ᠵᠠᠰᠠᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠬᠦ᠌᠎ᠳᠦ ᠢᠳᠡᠪᠬᠢᠲᠡᠢ ᠦᠢᠯᠡᠳᠦᠯ ᠦᠵᠡᠭᠦᠯᠪᠡ᠃ ᠳᠤᠮᠳᠠᠳᠤ ᠤᠯᠤᠰ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯ᠎ᠢ ᠢᠳᠡᠪᠬᠢᠲᠡᠢ ᠳᠡᠮᠵᠢᠵᠦ᠍᠂ ᠬᠣᠶᠠᠷ ᠲᠠᠯ᠎ᠠ᠎ᠪᠠᠷ᠎ᠢᠶᠠᠨ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠬᠠᠮᠲᠤ᠎ᠪᠠᠷ ᠮᠠᠰᠢ ᠤᠯᠠᠨ ᠶᠠᠪᠤᠳᠠᠯ ᠬᠢᠪᠡ᠃ ᠳᠤᠮᠳᠠᠳᠤ ᠤᠯᠤᠰ ᠳᠤᠷᠠᠲᠠᠶ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠯᠤᠭ᠎ᠠ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠡᠯᠡᠬᠡᠢ᠎ᠶ᠋ᠢᠨ ᠡᠯ᠎ᠡ ᠤᠯᠤᠰ ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠣᠳᠣᠬᠠᠨ᠎ᠳᠤ ᠡᠩᠭᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠳᠡᠬᠦ᠌ ᠴᠠᠭ ᠦᠶ᠎ᠡ᠎ᠶ᠋ᠢᠨ ᠤᠷᠤᠰᠭᠠᠯ ᠬᠤᠪᠢᠷᠠᠭ᠎ᠠ ᠦᠭᠡᠢ᠂ ᠭᠡᠪᠡᠴᠦ᠍ ᠬᠦᠢᠳᠡᠨ ᠲᠠᠢ᠌ᠨ᠎ᠦ ᠰᠡᠳᠭᠢᠬᠦᠢ᠂ ᠡᠵᠡᠷᠬᠡᠬᠦ᠌ ᠦᠵᠡᠯ᠂ ᠭᠠᠭ᠍ᠴᠠ ᠲᠠᠯᠠᠲᠤ ᠦᠵᠡᠯ ᠲᠠᠬᠢᠨ ᠰᠢᠷᠦᠭᠦᠰᠴᠤ᠂ ᠪᠦᠬᠦ᠌ ᠪᠥᠮᠪᠥᠷᠴᠡᠭ ᠎ᠦᠨ ᠵᠠᠰᠠᠯᠲᠠ ᠱᠢᠨ᠎ᠡ ᠲᠣᠨᠣᠯᠵᠢᠨ ᠵᠠᠮ ᠎ᠳᠤ ᠣᠷᠣᠪᠠ᠃ ᠳᠤᠮᠳᠠᠳᠤ ᠤᠯᠤᠰ ᠢᠮᠠᠭ᠍ᠲᠠ ᠵᠢᠩᠬᠢᠨᠢ ᠤᠯᠠᠨ ᠲᠠᠯᠠᠲᠤ ᠦᠵᠡᠯ ᠎ᠢ ᠡᠷᠡᠰ ᠦᠢᠯᠡᠳᠦᠯᠭᠡᠵᠢᠭᠦᠯᠵᠦ᠍᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ᠎ᠢ ᠳᠡᠮᠵᠢᠨ ᠬᠠᠮᠠᠭᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠴᠢᠬᠤᠯᠠ ᠦᠢᠯᠡᠳᠦᠯ ᠦᠵᠡᠭᠦᠯᠬᠦ᠌᠎ᠶ᠋ᠢ ᠳᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠲᠠᠶ ᠬᠠᠮᠲᠤ᠎ᠪᠠᠷ ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠳᠦ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ᠂ ᠰᠣᠶᠣᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠵᠦ᠍᠂ ᠬᠥᠮᠦᠨ ᠲᠥᠷᠥᠯᠬᠢᠲᠡᠨ ᠎ᠦ ᠨᠡᠢᠭᠡᠮ ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ᠎ᠢ ᠨᠡᠩ ᠰᠠᠢᠲᠤᠷ ᠠᠷᠭᠠᠴᠠᠭᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠠᠷ ᠬᠣᠯᠪᠣᠯᠴᠠᠨ ᠠᠬᠢᠭᠤᠯᠤᠨ᠎ᠠ᠃ ᠬᠣᠶᠠᠷ ᠲᠠᠯ᠎ᠠ᠎ᠪᠠᠷ᠎ᠢᠶᠠᠨ ᠵᠣᠬᠢᠶᠠᠮᠠᠯ ᠤᠶᠤᠨ ᠴᠢᠳᠠᠪᠤᠷᠢ᠂ ᠨᠡᠭᠡᠭᠡᠯᠲᠡᠲᠦ ᠱᠢᠨᠵᠢᠯᠡᠬᠦ᠌ ᠤᠬᠠᠭᠠᠨ᠂ ᠲᠣᠭᠠᠴᠢᠯᠠᠭ᠍ᠰᠠᠨ ᠰᠤᠷᠭᠠᠨ ᠬᠥᠮᠦᠵᠢᠯ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠡᠯᠡᠬᠡᠢ ᠎ᠶ᠋ᠢᠨ ᠪᠣᠯᠪᠠᠰᠤᠨ ᠎ᠤ ᠤᠯᠠᠨ ᠶᠠᠩᠵᠤᠲᠤ ᠴᠢᠨᠠᠷ᠎ᠢ ᠬᠦᠨᠳᠦᠳᠭᠡᠬᠦ᠌᠎ᠶ᠋ᠢ ᠰᠠᠨᠠᠭᠠᠴᠢᠯᠠᠵᠤ᠂ ᠠᠳᠠᠯᠢ ᠪᠤᠰᠤ ᠪᠣᠯᠪᠠᠰᠤᠨ᠎ᠤ ᠬᠠᠷᠢᠯᠴᠠᠨ ᠬᠦᠨᠳᠦᠳᠭᠡᠬᠦ᠌᠂ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢ ᠴᠢᠩᠭᠠᠳᠭᠠᠵᠤ᠂ ᠰᠣᠶᠣᠯ᠎ᠤᠨ ᠥᠪ᠎ᠦᠨ ᠬᠠᠮᠠᠭᠠᠯᠠᠯᠲᠠ ᠪᠣᠯᠤᠨ ᠪᠣᠯᠪᠠᠰᠤᠨ᠎ᠤ ᠰᠣᠯᠢᠯᠴᠠᠭ᠎ᠠ ᠬᠠᠷᠢᠯᠴᠠᠨ ᠳᠤᠯᠢ ᠪᠤᠯᠭᠠᠬᠤ᠎ᠢ ᠠᠬᠢᠭᠤᠯᠤᠶ᠎ᠠ ᠭᠡᠵᠦ ᠴᠢᠬᠤᠯᠠᠴᠢᠯᠠᠪᠠ᠃

ᠠᠨᠠᠨᠢ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠢ ᠠᠵᠢᠯᠯᠠᠭ᠍ᠴᠢ ᠪᠣᠯᠤᠭ᠍ᠰᠠᠨ ᠎ᠤ ᠬᠤᠪᠢ᠎ᠳᠤ ᠳᠤᠮᠳᠠᠳᠤ ᠤᠯᠤᠰ᠎ᠲᠤ ᠠᠩᠬ᠎ᠠ ᠤᠳᠠᠭ᠎ᠠ ᠠᠢᠯᠴᠢᠯᠠᠯᠲᠠ ᠬᠢᠵᠦ᠍ ᠪᠠᠢᠭ᠎ᠠ᠎ᠳᠠᠭᠠᠨ ᠮᠠᠰᠢ ᠠᠵᠠ ᠲᠠᠢ ᠪᠠᠢᠨ᠎ᠠ᠃ ᠪᠢ ᠡᠯ᠎ᠡ ᠪᠦᠷᠢᠯᠳᠦᠬᠦᠨ ᠤᠯᠤᠰ᠎ᠲᠠᠶ ᠪᠦᠯᠬᠦᠮᠳᠡᠨ᠂ ᠶᠠᠷᠢᠯᠴᠠᠭ᠎ᠠ ᠬᠠᠮᠲᠤᠷᠠᠯᠴᠠᠭ᠎ᠠ ᠬᠢᠬᠦ᠌᠂ ᠣᠢᠯᠠᠭᠠᠯᠴᠠᠭ᠎ᠠ ᠵᠢ ᠠᠬᠢᠭᠤᠯᠬᠤ᠂ ᠪᠣᠯᠪᠠᠰᠤᠨ᠎ᠢᠶᠠᠨ ᠬᠠᠷᠢᠯᠴᠠᠨ ᠲᠤᠯᠢ ᠪᠤᠯᠭᠠᠬᠤ᠎ᠪᠠᠨ ᠴᠢᠩᠭᠠᠳᠭᠠᠬᠤ ᠵᠢ ᠰᠠᠨᠠᠭᠠᠴᠢᠯᠠᠵᠤ᠂ ᠬᠥᠮᠦᠨ ᠲᠥᠷᠥᠯᠬᠢᠲᠡᠨ᠎ᠳᠦ ᠦᠢᠯᠡᠴᠢᠯᠡᠬᠦ᠌ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ᠎ᠶ᠋ᠢ ᠬᠦᠰᠡᠵᠦ᠍ ᠪᠠᠢᠨ᠎ᠠ᠃ ᠳᠤᠮᠳᠠᠳᠤ ᠎ᠶ᠋ᠢᠨ ᠲᠠᠯ᠎ᠠ ᠵᠢᠨ ᠬᠢᠨ ᠤ᠋ ᠤᠷᠳᠤ ᠬᠤᠭᠤᠴᠠᠭᠠᠨ᠎ᠤ ᠲᠤᠷᠰᠢ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ᠎ᠶ᠋ᠢ ᠶᠡᠬᠡ᠎ᠪᠡᠷ ᠳᠡᠮᠵᠢᠭ᠌ᠰᠡᠨ᠎ᠳᠦ ᠲᠠᠯᠠᠷᠬᠠᠵᠤ ᠪᠠᠢᠨ᠎ᠠ᠂ ᠲᠡᠷᠢᠭᠦᠯᠡᠭ᠌ᠴᠢ ᠰᠢ ᠵᠢᠨ ᠫᠢᠩ᠎ᠦᠨ 2014 ᠣᠨ᠎ᠳᠤ ᠠᠢᠯᠴᠢᠯᠠᠯᠲᠠ ᠬᠢᠬᠦ᠌ ᠦᠶ᠎ᠡ ᠎ᠳᠦ ᠶᠠᠷᠢᠬᠰᠠᠨ ᠴᠢᠬᠤᠯᠠ ᠶᠠᠷᠢᠶ᠎ᠠ᠎ᠶ᠋ᠢ ᠪᠢᠳᠡ ᠤᠳᠤ ᠪᠣᠯᠲᠠᠯ᠎ᠠ ᠲᠣᠪ ᠲᠣᠳᠣᠷᠬᠠᠢ ᠴᠡᠭᠡᠵᠢᠯᠡᠭ᠌ᠰᠡᠭᠡᠷ ᠪᠠᠢᠨ᠎ᠠ᠃ ᠤᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ ᠦᠷᠭᠦᠯᠵᠢᠯᠡᠨ ᠳᠤᠮᠳᠠᠳᠤ ᠤᠯᠤᠰ᠎ᠯᠤᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠰᠤᠷᠭᠠᠨ ᠬᠥᠮᠦᠵᠢᠯ ᠰᠣᠶᠣᠯ᠎ᠤᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠣᠯᠢᠯᠴᠠᠭ᠎ᠠ᠎ᠶ᠋ᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂  ᠪᠦᠬᠦ᠌ ᠪᠥᠮᠪᠥᠷᠴᠡᠭ᠎ᠦᠨ ᠲᠦᠷᠪᠡᠨ ᠶᠡᠬᠡ ᠰᠠᠨᠠᠭᠠᠴᠢᠯᠠᠭ᠎ᠠ᠎ᠶ᠋ᠢ ᠬᠠᠮᠲᠤ᠎ᠪᠠᠷ ᠨᠠᠢᠳᠠᠪᠤᠷᠢᠵᠢᠭᠤᠯᠵᠤ᠂ ᠪᠦᠬᠦ᠌ ᠬᠥᠮᠦᠨ ᠲᠥᠷᠥᠯᠬᠢᠲᠡᠨ᠎ᠦ ᠪᠤᠶᠠᠨ ᠵᠢᠷᠭᠠᠯ᠎ᠢ ᠨᠡᠮᠡᠭ᠌ᠳᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠬᠡᠪᠡ᠃

  ᠸᠠᠩ ᠢ ᠠᠭᠤᠯᠵᠠᠯᠲᠠ᠎ᠳᠤ ᠣᠷᠣᠯᠴᠠᠵᠠᠢ᠃


ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 12 ᠎ᠤ᠋ᠨ ᠴᠠᠬᠢᠯᠭᠠᠨ ᠮᠡᠳᠡᠭᠡ




ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号