ᠣᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ ᠲᠣᠭᠠᠴᠢᠯᠠᠭ᠍ᠰᠠᠨ ᠮᠡᠷᠭᠡᠵᠢᠯ ᠬᠢᠭᠡᠳ ᠴᠠᠬᠢᠯᠭᠠᠨ ᠬᠦᠴᠦᠨ ᠤ᠋ ᠲᠤᠬᠠᠢᠯᠠᠭ᠍ᠰᠠᠨ ᠠᠵᠢᠯ ᠤ᠋ᠨ ᠠᠭᠤᠰᠤᠯᠴᠠᠯ ᠢ᠋ ᠦᠷᠭᠦᠯᠵᠢᠯᠡᠨ ᠠᠬᠢᠭᠤᠯᠵᠤ᠂ ᠤᠯᠤᠰ ᠤ᠋ᠨ ᠳᠣᠲᠣᠭᠠᠳᠤ ᠳ᠋ᠤ ᠲᠡᠷᠢᠭᠦᠯᠡᠭ᠌ᠰᠡᠨ ᠱᠢᠨ᠎ᠡ ᠡᠨᠧᠷᠭᠢ ᠵᠢ ᠳᠣᠭᠢᠷᠠᠭᠤᠯᠤᠨ ᠬᠠᠮᠢᠶᠠᠷᠬᠤ ᠱᠢᠰᠲ᠋ᠧᠮ ᠢ᠋ ᠪᠠᠢᠭᠤᠯᠵᠤ᠂ ᠪᠥᠬᠥ᠌ ᠣᠷᠣᠨ ᠤ᠋ ᠱᠢᠨ᠎ᠡ ᠡᠨᠧᠷᠭᠢ ᠶ᠋ᠢᠨ ᠲᠠᠯᠠᠪᠤᠷ ᠥᠷᠲᠡᠭᠡ ᠶ᠋ᠢ ᠲᠤᠬᠠᠶ ᠶ᠋ᠢᠨ ᠴᠠᠭ ᠲᠦ᠍ᠨᠢ ᠬᠢᠨᠠᠨ ᠱᠢᠨᠵᠢᠬᠦ᠌ ᠪᠠ ᠬᠠᠮᠵᠢᠯᠴᠠᠨ ᠡᠵᠡᠮᠳᠡᠬᠦ᠌ ᠵᠢ ᠪᠡᠶᠡᠯᠡᠭᠦᠯᠵᠦ᠍᠂ ᠴᠠᠬᠢᠯᠭᠠᠨ ᠲᠤᠤᠷ ᠤ᠋ᠨ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ ᠪᠠᠨ ᠬᠤᠪᠢᠷᠠᠭᠤᠯᠬᠤ ᠳ᠋ᠤ ᠰᠠᠭᠤᠷᠢ ᠵᠢ ᠪᠠᠲᠤᠳᠭᠠᠪᠠ᠃ ᠳᠠᠷᠠᠭᠠᠴᠢ ᠪᠠᠷ᠂ ᠤᠯᠠᠨ ᠲᠠᠯ᠎ᠠ ᠪᠠᠷ ᠬᠦᠴᠦᠯᠡᠨ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠴᠠᠬᠢᠯᠭᠠᠨ ᠲᠤᠤᠷ ᠤ᠋ᠨ ᠲᠣᠭᠠᠴᠢᠯᠠᠯᠲᠠ ᠤᠶᠤᠨᠴᠢᠯᠠᠯᠲᠠ ᠵᠢ ᠲᠠᠰ ᠳᠡᠪᠱᠢᠬᠦᠯᠬᠦ ᠵᠢ ᠠᠬᠢᠭᠤᠯᠵᠤ ᠂ ᠴᠠᠬᠢᠯᠭᠠᠨ ᠬᠦᠴᠦᠨ ᠤ᠋ ᠬᠦᠷᠢᠶᠡᠨ ᠳ᠋ᠡᠬᠢ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠬᠤ ᠪᠤᠯᠤᠨ᠎ᠠ᠃
ᠥᠨᠳᠥᠷ ᠨᠠᠢᠳᠠᠪᠤᠷᠢᠲᠠᠢ ᠰᠠᠭᠤᠷᠢ ᠲᠥᠬᠥᠭᠡᠷᠦᠮᠵᠢ ᠵᠢ ᠪᠦᠬᠦ᠌ ᠲᠠᠯ᠎ᠠ ᠪᠡᠷ ᠪᠦᠲᠦᠭᠡᠨ ᠪᠠᠢᠭᠤᠯᠤᠨ᠂ ᠴᠠᠬᠢᠯᠭᠠᠨ ᠲᠤᠤᠷ ᠤ᠋ᠨ ᠭᠤᠤᠯ ᠲᠤᠬᠠᠢᠯᠠᠭ᠍ᠰᠠᠨ ᠠᠵᠢᠯ ᠳ᠋ᠤ ᠳᠠᠪᠬᠤᠷ ᠪᠠᠲᠤᠯᠠᠪᠤᠷᠢ ᠶ᠋ᠢᠨ ᠲᠣᠭ᠍ᠲᠠᠴᠠ ᠵᠢ ᠪᠠᠢᠭᠤᠯᠵᠤ᠂ ᠤᠨᠴᠠᠭᠠᠢ ᠪᠠᠢᠳᠠᠯ ᠳ᠋ᠤ ᠲᠤᠯᠭᠠᠷᠠᠭ᠍ᠰᠠᠨ ᠴᠤ᠌ ᠲᠣᠭ᠎ᠠ ᠪᠠᠷᠢᠮᠲᠠ ᠭᠡᠭᠡᠭ᠌ᠳᠡᠬᠦ᠌ ᠦᠭᠡᠢ᠂ ᠦᠢᠯᠡᠴᠢᠯᠡᠭᠡ ᠲᠠᠰᠤᠷᠠᠬᠤ ᠦᠭᠡᠢ ᠪᠠᠢᠬᠤ ᠵᠢ ᠪᠠᠲᠤᠯᠠᠵᠤ᠂ ᠴᠠᠬᠢᠯᠭᠠᠨ ᠲᠣᠣᠷ ᠤ᠋ᠨ ᠠᠮᠤᠷ ᠲᠦᠪᠱᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠠᠲᠤ ᠰᠠᠬᠢᠨ᠎ᠠ᠃ ᠪᠡᠶ᠎ᠡ ᠪᠠᠨ ᠳᠠᠭᠠᠭᠠᠭ᠍ᠰᠠᠨ ᠡᠵᠡᠮᠳᠡᠵᠦ᠍ ᠪᠣᠯᠬᠤ 《ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠡᠭᠦᠯᠡᠨ ᠪᠤᠳᠤᠯᠲᠠ》 ᠪᠠ ᠠᠵᠤ ᠠᠬᠤᠢᠯᠠᠯ ᠤ᠋ᠨ ᠲᠠᠰ ᠤ᠋ᠨ ᠤᠶᠤᠨᠲᠤ ᠪᠤᠳᠤᠯᠲᠠ ᠶ᠋ᠢᠨ ᠲᠥᠪ ᠢ᠋ ᠪᠠᠢᠭᠤᠯᠬᠤ ᠶ᠋ᠢᠨ ᠬᠠᠮᠲᠤ᠂ ᠪᠥᠬᠥ᠌ ᠲᠤᠬᠠᠢᠯᠠᠭ᠍ᠰᠠᠨ ᠠᠵᠢᠯ ᠢ᠋ ᠬᠠᠮᠤᠷᠤᠭ᠍ᠰᠠᠨ 《 ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠲᠣᠮᠣ ᠵᠠᠭ᠍ᠪᠤᠷ》 ᠢ᠋ ᠪᠣᠢᠵᠢᠭᠤᠯᠵᠤ᠂ 2028 ᠣᠨ ᠪᠣᠯᠬᠤ ᠳ᠋ᠤ᠂ ᠵᠣᠬᠢᠶᠠᠮᠠᠯ ᠣᠶᠤᠨ ᠴᠢᠳᠠᠪᠤᠷᠢ ᠵᠢ 80% ᠡᠴᠡ ᠳᠡᠭᠡᠭ᠌ᠰᠢᠬᠢ ᠭᠤᠤᠯᠯᠠᠬᠤ ᠲᠤᠬᠠᠢᠯᠠᠭ᠍ᠰᠠᠨ ᠠᠵᠢᠯ ᠤ᠋ᠨ ᠲᠠᠯᠠᠪᠤᠷ ᠪᠠᠢᠳᠠᠯ ᠳ᠋ᠤ ᠭᠦᠨᠵᠡᠭᠡᠶ ᠠᠭᠤᠰᠤᠯᠴᠠᠵᠤ᠂ ᠴᠠᠬᠢᠯᠭᠠᠨ ᠲᠤᠤᠷ ᠤ᠋ᠨ ᠱᠢᠶ᠋ᠳᠪᠦᠷᠢᠲᠦ ᠪᠣᠳᠣᠯᠭ᠎ᠠ ᠲᠤᠬᠲᠠᠭᠠᠬᠤ ᠵᠢ ᠨᠠᠩ ᠣᠶᠤᠨᠴᠢ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠴᠠᠬᠢᠯᠭᠠᠨ ᠲᠤᠤᠷ ᠲᠦ᠍ ᠵᠢᠯᠣᠭᠣᠴᠢ ᠥᠬᠡᠶ ᠨᠢᠰᠭᠡᠯ᠂ ᠤᠶᠤᠨᠴᠢ ᠮᠠᠱᠢᠨ ᠬᠥᠮᠦᠨ ᠵᠡᠷᠭᠡ ᠲᠡᠷᠢᠭᠦᠨ ᠤ᠋ ᠲᠣᠨᠣᠭ ᠲᠥᠬᠥᠭᠡᠷᠦᠮᠵᠢ ᠵᠢ ᠥᠷᠭᠡᠨ ᠢ᠋ᠶ᠋ᠡᠷ ᠪᠠᠢᠷᠢᠯᠠᠭᠤᠯᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠲᠤᠤᠷ ᠵᠢᠴᠢ 500 ᠺᠢᠯᠦᠸᠤᠯᠲ ᠤ᠋ᠨ ᠭᠤᠤᠯ ᠴᠠᠬᠢᠯᠭᠠᠨ ᠲᠤᠤᠷ ᠢ᠋ ᠪᠦᠷᠢᠨ ᠪᠥᠷᠬᠥᠭᠦᠯᠬᠦ᠌᠂ ᠪᠥᠬᠥ᠌ ᠭᠣᠭ᠍ᠴᠣᠭᠠ ᠳ᠋ᠤ ᠣᠶᠤᠨᠴᠢ ᠪᠡᠷ ᠮᠡᠳᠡᠷᠡᠬᠦ ᠪᠠ ᠤᠨᠤᠴᠠᠲᠠᠢ ᠪᠠᠷ ᠬᠠᠮᠢᠶᠠᠷᠤᠨ ᠡᠵᠡᠮᠳᠡᠬᠦ ᠵᠢ ᠪᠡᠶᠡᠯᠡᠭᠦᠯᠵᠦ᠂ ᠴᠠᠬᠢᠯᠭᠠᠨ ᠲᠤᠤᠷ ᠤ᠋ᠨ ᠠᠵᠢᠯᠯᠠᠭᠠᠨ ᠪᠠ ᠬᠠᠮᠠᠭᠠᠯᠠᠯᠲᠠ ᠵᠢ ᠨᠠᠩ ᠰᠠᠨᠠᠭᠠᠴᠢᠯᠠᠭ᠎ᠠ ᠲᠠᠢ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ 《ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠣᠶᠤᠨᠴᠢ ᠦᠶ᠋ᠯᠡᠴᠢᠯᠡᠭᠡᠨ ᠤ᠋ ᠲᠠᠪᠴᠠᠩ》 ᠢ᠋ ᠪᠠᠢᠭᠤᠯᠵᠤ᠂ 2028 ᠣᠨ ᠪᠣᠯᠬᠤ 24 ᠴᠠᠭ ᠤ᠋ᠨ ᠰᠦᠯᠵᠢᠶᠡᠨ ᠳᠡᠭᠡᠷᠡᠬᠢ ᠠᠰᠠᠭᠤᠯᠲᠠ ᠬᠠᠷᠢᠭᠤᠯᠲᠠ ᠬᠢᠭᠡᠳ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠵᠦ᠂ ᠰᠦᠯᠵᠢᠶᠡᠨ ᠳᠡᠭᠡᠷ᠎ᠡ ᠴᠠᠬᠢᠯᠭᠠᠨ ᠬᠡᠷᠡᠭᠯᠡᠬᠦ ᠲᠤᠬᠠᠢᠯᠠᠬᠰᠠᠨ ᠠᠵᠢᠯ ᠢ᠋ ᠭᠦᠶ᠋ᠴᠡᠳᠭᠡᠬᠦ᠌ ᠨᠣᠷᠮ᠎ᠠ ᠵᠢ 90% ᠡᠴᠡ ᠳᠡᠭᠡᠭ᠌ᠰᠢ ᠳ᠋ᠤ ᠬᠦᠷᠦᠭᠦᠯᠦᠨ᠎ᠡ᠃ 《ᠥᠪᠡᠷᠲᠡᠭᠡᠨ ᠵᠠᠰᠠᠬᠤ ᠣᠷᠣᠨ ᠤ᠋ ᠡᠨᠧᠷᠭᠢ ᠶ᠋ᠢᠨ ᠠᠵᠢᠯ ᠲᠥᠷᠥᠯ ᠤ᠋ᠨ ᠢᠲᠡᠭᠡᠮᠵᠢᠲᠦ ᠲᠣᠭ᠎ᠠ ᠪᠠᠷᠢᠮᠲᠠ ᠶ᠋ᠢᠨ ᠣᠷᠣᠨ ᠵᠠᠶ》 ᠵᠢ ᠪᠠᠢᠭᠤᠯᠵᠤ᠂ 《ᠴᠠᠬᠢᠯᠭᠠᠨ ᠬᠦᠴᠦᠨ ᠤ᠋ ᠲᠣᠭ᠎ᠠ ᠪᠠᠷᠢᠮᠲᠠ×ᠮᠥᠩᠭᠥᠨ ᠭᠦᠶ᠋ᠯᠭᠡᠭᠡ》᠂ 《ᠴᠠᠬᠢᠯᠭᠠᠨ ᠬᠦᠴᠦᠨ ᠤ᠋ ᠲᠣᠭ᠎ᠠ ᠪᠠᠷᠢᠮᠲᠠ×ᠠᠷᠠᠳ ᠤ᠋ᠨ ᠠᠮᠢᠳᠤᠷᠠᠯ》 ᠵᠡᠷᠭᠡ ᠣᠯᠠᠨ ᠠᠬᠤᠢ ᠲᠠᠯᠠᠪᠤᠷ ᠲᠦ᠍ ᠠᠭᠤᠰᠤᠯᠴᠠᠭᠤᠯᠤᠨ ᠬᠡᠷᠡᠭ᠌ᠯᠡᠬᠦ᠌ ᠵᠢ ᠠᠬᠢᠭᠤᠯᠤᠨ᠎ᠠ
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号