ᠬᠥᠬᠡᠬᠣᠲᠠ ᠪᠣᠭᠣᠮᠲᠠ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠭᠦ᠎ᠳᠤ ᠰᠠᠢᠳᠤᠷ ᠦᠢᠯᠡᠴᠢᠯᠡᠵᠤ ᠪᠠᠢᠨ᠎ᠠ
2026-05-13 16:17:23
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

 ᠬᠥᠬᠡᠬᠣᠲᠠ ᠪᠣᠭᠣᠮᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠬᠢᠯᠢ ᠠᠯᠤᠰᠯᠠᠭ᠍ᠰᠠᠨ ᠠᠷᠠᠯᠵᠢᠶ᠎ᠠ᠎ᠶ᠋ᠢ ᠳᠥᠭᠥᠮᠴᠢᠯᠡᠬᠦ᠌᠎ᠪᠡᠷ ᠭᠠᠷᠳᠠᠴᠠ ᠪᠣᠯᠭᠠᠵᠤ᠂ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠥᠬᠥ᠌ ᠬᠦᠴᠦᠨ᠎ᠢᠶᠡᠷ᠎ᠢᠶᠡᠨ ᠱᠢᠯᠢᠳᠡᠭ᠌ᠵᠢᠭᠦᠯᠦᠨ᠂ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠪᠡ᠃

ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠎ᠢ ᠭᠠᠳᠠᠭᠠᠳᠤ᠎ᠳᠤ ᠭᠠᠷᠭᠠᠬᠤ᠎ᠶ᠋ᠢ ᠪᠦᠬᠦ᠌ ᠲᠠᠯ᠎ᠠ᠎ᠪᠠᠷ ᠳᠠᠮᠵᠢᠵᠤ᠂《ᠨᠢᠭᠡ ᠠᠵᠤ ᠠᠬᠤᠢᠯᠠᠯ ᠎ᠳ᠋ᠤ ᠨᠢᠭᠡ ᠲᠥᠷᠦ᠍᠎ᠶ᠋ᠢᠨ ᠪᠣᠳᠣᠯᠭ᠎ᠠ》 ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠣᠯᠠᠨ ᠤᠯᠤᠰ ᠎ᠤ᠋ᠨ ᠵᠠᠬ᠎ᠠ ᠳᠡᠯᠭᠡᠭᠦᠷ᠎ᠢ ᠨᠡᠭᠡᠭᠡᠬᠦ᠌᠎ᠳᠦ ᠬᠦᠴᠦᠨ ᠨᠡᠮᠡᠷᠢᠯᠡᠨ᠂ 《ᠲᠡᠭᠡᠭᠡᠪᠦᠷᠢ ᠠᠷᠠᠯᠵᠢᠶ᠎ᠠ ᠎ᠶ᠋ᠢ ᠨᠢᠭᠡ ᠴᠤᠭ᠍ᠴᠠᠵᠢᠭᠤᠯᠬᠤ》 ᠬᠥᠭ᠌ᠵᠢᠯᠲᠡ᠎ᠶ᠋ᠢ ᠠᠬᠢᠭᠤᠯᠵᠤ᠂ 《ᠣᠯᠠᠨ ᠤᠯᠤᠰ᠎ᠤᠨ ᠵᠠᠰᠠᠮᠠᠯ ᠵᠠᠮ᠎ᠤᠨ ᠲᠡᠭᠡᠭᠡᠪᠦᠷᠢ᠎ᠶ᠋ᠢᠨ ᠨᠡᠢᠲᠡ᠎ᠶ᠋ᠢᠨ ᠭᠡᠷ᠎ᠡ》 (TIR) ᠎ᠶ᠋ᠢ ᠢᠳᠡᠪᠬᠢᠲᠡᠶ ᠨᠠᠢᠳᠠᠪᠤᠷᠢᠵᠢᠭᠤᠯᠤᠨ᠂ TIR ᠲᠤᠰᠭᠠᠶ ᠨᠡᠪᠲᠡᠷᠡᠬᠦ᠌ ᠵᠠᠮ ᠭᠠᠷᠭᠠᠵᠦ᠂   《TIR + ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ 》 ᠂ 《TIR + ᠭᠠᠢᠯᠢ ᠪᠠᠲᠤᠯᠠᠬᠤ 》 ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠲᠡᠭᠡᠭᠡᠪᠦᠷᠢ᠎ᠶ᠋ᠢ  ᠲᠡᠮᠵᠢᠪᠡ᠃

ᠤᠶᠤᠨᠴᠢ ᠪᠣᠭᠣᠮᠲᠠ ᠶ᠋ᠢᠨ ᠪᠦᠲᠦᠭᠡᠨ ᠪᠠᠢᠭᠤᠯᠤᠯᠲᠠ ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠦᠢᠯᠡᠴᠢᠯᠡᠭᠡᠨ ᠎ᠦ ᠬᠡᠷᠡᠭ᠌ᠯᠡᠭᠡ᠎ᠶ᠋ᠢ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠪᠦᠬᠦ᠌  ᠬᠦᠴᠦᠨ᠎ᠢᠶᠡᠷ᠎ᠢᠶᠡᠨ ᠬᠠᠪᠰᠤᠷᠤᠨ ᠬᠦᠴᠢᠷᠳᠡᠯ᠎ᠢ  ᠨᠢ ᠱᠢᠢᠳᠪᠦᠷᠢᠯᠡᠵᠠᠢ᠃ ᠱᠢᠨ᠎ᠡ ᠰᠣᠷᠭᠣᠭ ᠲᠠᠷᠢᠶᠠᠯᠠᠩ᠎ᠤᠨ ᠪᠦᠲᠦᠭᠡᠭ᠌ᠳᠡᠬᠦᠨ᠎ᠳᠦ ᠴᠢᠭ᠌ᠯᠡᠭᠦᠯᠦᠨ᠂  《5 + 2》 ᠤᠷᠢᠳᠴᠢᠯᠠᠨ ᠪᠣᠯᠵᠣᠵᠤ ᠪᠠᠢᠴᠠᠭᠠᠬᠤ ᠪᠠ 《ᠰᠠᠭᠠᠳ ᠥᠬᠡᠶ ᠨᠡᠪᠲᠡᠷᠡᠬᠦ᠌ ᠵᠠᠮ》 ᠎ᠤ᠋ᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠠᠢ᠃ ᠮᠣᠩᠭᠣᠯ ᠤᠯᠤᠰ᠎ᠠᠴᠠ ᠣᠷᠣᠭᠤᠯᠬᠤ ᠨᠡᠭᠦᠷᠡᠰᠦᠨ᠎ᠤ ᠱᠢᠯᠭᠠᠨ ᠪᠠᠢᠴᠠᠭᠠᠯᠳᠠ ᠵᠢ ᠮᠡᠳᠡᠷᠡᠬᠦ ᠠᠵᠢᠯ᠎ᠢ ᠯᠠᠪᠳᠠᠭᠤᠨ᠎ᠢᠶᠠᠷ ᠠᠬᠢᠭᠤᠯᠵᠤ᠂ ᠨᠢᠭᠡᠳᠦᠭᠡᠷ ᠤᠯᠠᠷᠢᠯ᠎ᠳᠤ᠂1700 ᠲᠦᠮᠡᠨ ᠲᠣᠨ ᠭᠠᠳᠠᠭᠠᠳᠤ᠎ᠠᠴᠠ ᠣᠷᠣᠭᠤᠯᠤᠬᠰᠠᠨ ᠨᠡᠭᠦᠷᠡᠰᠦᠨ ᠎ᠤ ᠰᠢᠯᠭᠠᠨ ᠪᠠᠢᠴᠠᠭᠠᠯᠳᠠ ᠵᠢ ᠮᠡᠳᠡᠷᠡᠵᠦ᠂ ᠡᠨᠧᠷᠭᠢ᠎ᠶ᠋ᠢᠨ ᠭᠠᠳᠠᠭᠠᠳᠤ᠎ᠤᠷᠤᠭᠤᠯᠤᠯᠳᠠ ᠎ᠶ᠋ᠢ  ᠪᠠᠲᠤᠯᠠᠪᠠ᠃

《ᠬᠠᠷᠠᠭᠠᠯᠵᠠᠯ ᠦᠵᠡᠭᠦᠯᠬᠦ᠌ ᠤᠭ ᠭᠠᠷᠤᠯᠲᠠ ᠎ᠶ᠋ᠢᠨ ᠣᠷᠣᠨ ᠎ᠤ ᠦᠢᠯᠡᠴᠢᠯᠡᠭᠡᠨ᠎ᠦ ᠲᠠᠪᠴᠠᠩ 》 ᠎ᠢ᠋ ᠳᠡᠯᠭᠡᠷᠡᠭᠦᠯᠵᠦ᠍᠂ ᠠᠷᠠᠯᠵᠢᠶᠠᠨ᠎ᠤ ᠬᠡᠯᠡᠯᠴᠡᠭᠡᠷ ᠎ᠦᠨ ᠵᠦᠢᠯᠡᠰ᠎ᠦᠨ ᠲᠤᠳᠤᠷᠠᠬᠢ ᠪᠣᠭᠣᠮᠲᠠ᠎ᠶ᠋ᠢᠨ ᠭᠠᠢᠯᠢ᠎ᠶ᠋ᠢᠨ ᠬᠥᠩᠭᠡᠯᠡᠯᠲᠡ᠎ᠶ᠋ᠢᠨ ᠦᠢᠯᠡᠳᠬᠦᠨ ᠎ᠦ ᠲᠣᠳᠣᠷᠬᠠᠢ ᠬᠠᠭᠤᠳᠠᠰᠤ᠎ᠶ᠋ᠢ ᠡᠮᠬᠢᠯᠡᠨ ᠲᠢᠭ᠌ᠯᠡᠵᠦ᠍᠂ ᠭᠠᠢᠯᠢ᠎ᠶ᠋ᠢᠨ ᠶᠠᠪᠤᠳᠠᠯ᠎ᠤᠨ ᠦᠢᠯᠡᠴᠢᠯᠡᠭᠡᠨ᠎ᠦ ᠬᠢᠷᠢ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠠᠢ᠃ ᠨᠢᠭᠡᠳᠦᠭᠡᠷ ᠤᠯᠠᠷᠢᠯ᠎ᠳᠤ ᠤᠭ ᠭᠠᠷᠤᠯᠲᠠ᠎ᠶ᠋ᠢᠨ ᠣᠷᠣᠨ᠎ᠤ ᠦᠨᠡᠮᠯᠡᠯ᠎ᠢ 4725 ᠬᠤᠪᠢ ᠣᠯᠭᠣᠵᠤ᠂ ᠠᠵᠤ ᠠᠬᠤᠢᠯᠠᠯ᠎ᠳᠤ ᠭᠠᠳᠠᠭᠠᠳᠤ᠎ᠠᠴᠠ ᠣᠷᠣᠭᠤᠯᠬᠤ ᠤᠯᠤᠰ᠎ᠤᠨ ᠪᠣᠭᠣᠮᠲᠠ᠎ᠶ᠋ᠢᠨ ᠭᠠᠢᠯᠢ᠎ᠶ᠋ᠢ 8000 ᠲᠦᠮᠡᠨ ᠲᠥᠭᠥᠷᠢᠭ ᠬᠠᠰᠤᠵᠤ ᠬᠡᠯᠲᠦᠷᠢᠭᠦᠯᠪᠡ᠃ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠠᠵᠤ ᠠᠬᠤᠢᠯᠠᠯ᠎ᠤᠨ ᠪᠦᠷᠢᠳᠭᠡᠨ ᠳᠡᠩᠰᠡᠯᠡᠵᠦ᠍ ᠬᠦᠴᠦᠨ ᠥᠬᠡᠶ ᠪᠣᠯᠭᠠᠬᠤ ᠎ᠶ᠋ᠢ 《ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌ 》 ᠎ᠶ᠋ᠢ ᠠᠬᠢᠭᠤᠯᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠎ᠢ   ᠬᠥᠭ᠌ᠵᠢᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号