ᠮᠠᠨᠳᠤᠯ ᠬᠢᠯᠢ ᠵᠢᠨ ᠪᠤᠭᠤᠮᠳᠠ ᠵᠢᠨ ᠭᠠᠳᠠᠭᠠᠳᠤ ᠡᠴᠡ ᠤᠷᠤᠭᠤᠯᠵᠦ ᠭᠠᠳᠠᠭᠠᠳᠤ᠎ᠳᠤ ᠭᠠᠷᠭᠠᠬᠰᠠᠨ ᠪᠠᠷᠠᠭ᠎ᠠ 500 ᠲᠦᠮᠡᠨ ᠲᠤᠨ᠎ᠢ ᠲᠠᠪᠠᠵᠠᠢ
2026-05-13 16:21:30
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

 ᠲᠠᠪᠤᠨ ᠰᠠᠷ᠎ᠠ ᠵᠢᠨ ᠨᠢᠭᠡᠨ ᠪ ᠠᠮᠠᠷᠠᠯᠳᠠ ᠲᠠᠭᠤᠰᠳᠠᠯ᠎ᠠ ᠮᠠᠨᠳᠤᠯ ᠬᠢᠯᠢ ᠵᠢᠨ ᠪᠤᠭᠤᠮᠳᠠ ᠵᠢᠨ ᠡᠨᠡ ᠵᠢᠯ᠎ᠤᠨ ᠬᠢᠨᠠᠨ ᠬᠠᠮᠢᠶᠠᠷᠤᠭᠰᠠᠨ ᠭᠠᠳᠠᠭᠠᠳᠤ ᠡᠴᠡ ᠤᠷᠤᠭᠤᠯᠵᠦ ᠭᠠᠳᠠᠭᠠᠳᠤ᠎ᠳᠤ ᠭᠠᠷᠭᠠᠬᠰᠠᠨ ᠪᠠᠷᠠᠭ᠎ᠠ 500 ᠲᠦᠮᠡᠨ ᠲᠤᠨ ᠎ᠢ ᠲᠠᠪᠠᠵᠦ᠂ ᠠᠳᠠᠯᠢ ᠬᠤᠭᠤᠴᠠᠭᠠᠨ᠎ᠤ ᠬᠢ ᠡᠴᠡ 295% ᠪᠡᠷ ᠨᠡᠮᠡᠭᠳᠡᠨ᠂ 173 ᠡᠳᠦᠷ ᠤᠷᠢᠳᠴᠢᠯᠡᠭᠠᠳ᠂ ᠬᠢᠯᠢ ᠵᠢᠨ ᠪᠤᠭᠤᠮᠳᠠ ᠵᠢᠨ ᠠᠳᠠᠯᠢ ᠬᠤᠭᠤᠴᠠᠭᠠᠨ᠎ᠤ 500 ᠲᠦᠮᠡᠨ ᠲᠤᠨ᠎ᠤ ᠪᠤᠭᠤᠮᠳᠠ ᠵᠢ ᠬᠠᠮᠤᠭ ᠬᠤᠷᠳᠤᠨ ᠰᠢᠪᠳᠤᠯᠤᠬᠰᠠᠨ ᠲᠡᠮᠳᠡᠭᠯᠡᠯ᠎ᠢ ᠡᠭᠦᠳᠴᠡᠢ᠃

2025 ᠤᠨ ᠳ᠋ᠤ ᠮᠠᠨᠳᠤᠯ ᠬᠢᠯᠢ ᠵᠢᠨ ᠪᠤᠭᠤᠮᠳᠠ ᠪᠤᠭᠤᠮᠳᠠ ᠨᠡᠪᠳᠡᠷᠡᠬᠦ ᠵᠢ ᠳᠦᠭᠦᠮᠴᠢᠯᠡᠨ ᠲᠦᠷᠭᠡᠳᠭᠡᠵᠦ᠂ ᠤᠤᠯ᠎ᠤᠨ《ᠲᠤᠯᠤᠭᠠᠨ ᠵᠠᠮ ᠵᠢᠡᠷ ᠤᠷᠤᠭᠤᠯᠵᠦ ᠭᠤᠷᠪᠠᠨ ᠵᠠᠮ ᠵᠢᠡᠷ ᠭᠠᠷᠭᠠᠬᠤ》 ᠡᠴᠡ ᠪᠡᠨ《ᠨᠢ᠋ᠮᠠᠨ ᠵᠠᠮ ᠵᠢᠡᠷ ᠤᠷᠤᠭᠤᠯᠵᠦ ᠲᠦᠷᠪᠡᠨ ᠵᠠᠮ ᠵᠢᠡᠷ ᠭᠠᠷᠭᠠᠬᠤ》 ᠪᠤᠯᠭᠠᠨ ᠲᠡᠰ ᠲᠡᠪᠰᠢᠬᠦᠯᠵᠦ᠂ ᠡᠳᠦᠷ᠎ᠤᠨ ᠪᠠᠷᠠᠭ᠎ᠠ ᠦᠩᠬᠡᠷᠡᠭᠦᠯᠬᠦ ᠴᠢᠳᠠᠪᠤᠷᠢ ᠨᠢ 5 ᠲᠦᠮᠡᠨ ᠲᠤᠨ ᠡᠴᠡ  8 ᠲᠦᠮᠡᠨ ᠲᠤᠨ ᠪᠤᠯᠤᠨ ᠨᠡᠮᠡᠭᠳᠡᠨ᠂ ᠪᠤᠭᠤᠮᠳᠠ ᠨᠡᠪᠳᠡᠷᠡᠬᠦ ᠦᠷ᠎ᠠ ᠪᠦᠳᠦᠮᠵᠢ ᠨᠢ 60% ᠪᠡᠷ ᠲᠡᠭᠡᠭᠰᠢᠯᠡᠭᠰᠡᠨ ᠪᠠᠢᠨ᠎ᠠ᠃ ᠨᠡᠪᠳᠡᠷᠡᠯ ᠵᠠᠮ᠎ᠨᠢ ᠦᠷᠭᠡᠳᠴᠦ᠂ ᠪᠠᠢᠴᠠᠭᠠᠨ ᠰᠢᠯᠭᠠᠬᠤ ᠶᠠᠪᠤᠴᠠ ᠨᠢ ᠰᠢᠯᠢᠳᠡᠭᠵᠢᠭᠰᠡᠨ ᠡᠴᠡ ᠦᠩᠬᠡᠷᠡᠭᠰᠡᠨ᠎ᠤ ᠪᠠᠷᠠᠭᠠᠨ᠎ᠤ ᠲᠡᠭᠡᠭᠡᠪᠦᠷᠢ ᠲᠦᠭᠵᠢᠷᠡᠬᠦ᠂ ᠮᠦᠷᠯᠡᠨ ᠬᠦᠯᠢᠶᠡᠬᠦ ᠵᠡᠷᠭᠡ ᠠᠰᠠᠭᠤᠳᠠᠯ᠎ᠢ ᠰᠢᠢᠳᠪᠦᠷᠢᠯᠡᠵᠠᠢ᠃ ᠪᠠᠰᠠ ᠬᠢᠨᠠᠨ ᠬᠠᠮᠢᠶᠠᠷᠬᠤ ᠲᠠᠯᠠᠪᠤᠷ ᠲᠠᠭᠠᠨ ᠤᠶᠤᠨᠴᠢ ᠲᠠᠯᠠᠪᠤᠷ᠎ᠤᠨ ᠮᠡᠳᠡᠭᠡ ᠵᠠᠩᠬᠢᠵᠢᠯᠳᠠ ᠵᠢᠨ ᠲᠠᠪᠴᠠᠩ ᠪᠠᠢᠭᠤᠯᠵᠦ᠂ ᠪᠠᠷᠠᠭ᠎ᠠ ᠪᠤᠯᠤᠨ ᠲᠡᠷᠭᠡ ᠵᠢᠨ《ᠤᠷᠤᠬᠤ᠂ ᠭᠠᠷᠬᠤ᠂ ᠰᠢᠯᠵᠢᠬᠦᠯᠬᠦ᠂ ᠬᠠᠳᠠᠭᠠᠯᠠᠬᠤ》 ᠵᠢᠴᠢ ᠨᠡᠪᠳᠡᠷᠡᠯ ᠵᠠᠮ᠎ᠤᠨ ᠴᠢᠬᠳᠠᠭ᠎ᠠ ᠵᠢᠨ ᠲᠤᠭ᠎ᠠ ᠪᠠᠷᠢᠮᠳᠠ ᠳ᠋ᠤ ᠴᠠᠭ ᠲᠤᠬᠠᠢ ᠳ᠋ᠤᠨᠢ ᠬᠦᠳᠡᠯᠤᠩᠬᠦᠢ ᠬᠢᠨᠠᠨ ᠬᠠᠮᠢᠶᠠᠷᠤᠯᠳᠠ ᠬᠢᠵᠦ ᠲᠡᠢᠯᠬᠦ ᠪᠤᠯᠪᠠ᠃

ᠪᠤᠭᠤᠲᠤ ᠪᠤᠭᠤᠮᠳᠠ ᠭᠠᠳᠠᠭᠠᠳᠤ ᠡᠴᠡ ᠤᠷᠤᠭᠤᠯᠬᠤ ᠨᠡᠭᠦᠷᠡᠰᠤᠨ᠎ᠤ ᠭᠤᠷᠪᠠᠳᠤᠭᠠᠷ ᠡᠳᠡᠭᠡᠳ᠎ᠤᠨ ᠰᠢᠯᠭᠠᠨ ᠪᠠᠢᠴᠠᠭᠠᠬᠤ ᠦᠷ᠎ᠠ ᠳ᠋ᠦᠩ᠎ᠤᠨ ᠢᠳᠡᠭᠡᠮᠵᠢ ᠵᠢᠨ ᠲᠦᠷᠢᠮ᠎ᠢ ᠰᠦᠪᠡᠭᠴᠢᠯᠡᠨ ᠠᠬᠢᠭᠤᠯᠵᠦ᠂ ᠤᠯᠤᠰ ᠎ᠤᠨ ᠭᠠᠳᠠᠭᠠᠳᠤ ᠵᠢᠨ ᠲᠦᠷᠢᠮ ᠲᠤᠬᠳᠠᠭᠠᠯ ᠲᠠᠢ ᠨᠡᠢᠴᠡᠭᠰᠡᠨ ᠰᠢᠯᠭᠠᠨ ᠪᠠᠢᠴᠠᠭᠠᠬᠰᠠᠨ ᠦᠷ᠎ᠠ ᠳ᠋ᠦᠩ᠎ᠢ ᠤᠯᠤᠰ᠎ᠤᠨ ᠲᠤᠳᠤᠭᠠᠳᠤ ᠵᠢᠨ ᠪᠠᠷᠢᠮᠵᠢᠶ᠎ᠠ ᠲᠠᠢ ᠪᠦᠳᠦᠮᠵᠢᠳᠠᠢ ᠵᠤᠯᠭᠠᠭᠤᠯᠤᠨ᠂ ᠨᠡᠭᠦᠷᠡᠰᠤᠨ᠎ᠤ ᠪᠤᠭᠤᠮᠳᠠ ᠦᠩᠬᠡᠷᠡᠬᠦ ᠴᠠᠭ ᠬᠤᠭᠤᠴᠠᠭ᠎ᠠ ᠵᠢ ᠤᠤᠯ ᠎ᠤᠨ ᠬᠡᠳᠤᠨ ᠡᠳᠦᠷ ᠪᠠᠢᠬᠰᠠᠨ᠎ᠢ 1 ᠴᠠᠭ᠎ᠤᠨ ᠲᠤᠳᠤᠷ᠎ᠠ ᠪᠤᠯᠭᠠᠨ ᠪᠤᠭᠤᠨᠢᠰᠬᠠᠬᠰᠠᠨ ᠪᠠᠢᠨ᠎ᠠ᠃ ᠤᠳᠤᠬᠠᠨ ᠪᠤᠯᠳᠠᠯ᠎ᠠ᠂ ᠪᠤᠭᠤᠲᠤ ᠪᠤᠭᠤᠮᠳᠠ ᠵᠢᠨ ᠭᠠᠳᠠᠭᠠᠳᠤ ᠡᠴᠡ ᠤᠷᠤᠭᠤᠯᠬᠤ ᠨᠡᠭᠦᠷᠡᠰᠤᠨ᠎ᠤ ᠭᠤᠷᠪᠠᠳᠤᠭᠠᠷ ᠡᠳᠡᠭᠡᠳ᠎ᠵᠢᠡᠷ ᠰᠢᠯᠭᠠᠨ ᠪᠠᠢᠴᠠᠭᠠᠯᠭᠠᠭᠰᠠᠨ ᠬᠠᠷᠢᠴᠠᠯ ᠨᠢ 90% ᠡᠴᠡ ᠲᠡᠭᠡᠭᠰᠢ ᠳ᠋ᠤ ᠬᠦᠷᠴᠦ᠂ ᠲᠤᠰ ᠪᠤᠭᠤᠮᠳᠠ ᠪᠠᠰᠠ H986 ᠲᠤᠮᠤ ᠴᠢᠩᠬᠡᠯᠢᠭ᠎ᠤᠨ ᠰᠢᠯᠭᠠᠨ ᠪᠠᠢᠴᠠᠭᠠᠬᠤ ᠪᠠᠭᠠᠵᠢ ᠲᠤᠨᠤᠬ ᠵᠡᠷᠭᠡ ᠵᠠᠩᠬᠢᠯᠠᠭ᠎ᠠ ᠵᠢᠨ ᠬᠢᠨᠠᠨ ᠬᠠᠮᠢᠶᠠᠷᠬᠤ ᠪᠠᠭᠠᠵᠢ ᠲᠤᠨᠤᠬ᠎ᠤᠨ ᠠᠰᠢᠬᠯᠠᠯᠳᠠ ᠵᠢᠨ ᠨᠤᠷᠮ᠎ᠠ ᠵᠢ ᠳᠡᠭᠡᠭᠰᠢᠯᠡᠭᠦᠯᠦᠨ᠂ ᠪᠤᠭᠤᠮᠳᠠ ᠪᠡᠷ ᠤᠷᠤᠭᠤᠯᠬᠤ ᠪᠠᠷᠠᠭ᠎ᠠ ᠵᠢ ᠮᠠᠰᠢᠨ ᠵᠢᠡᠷ ᠰᠢᠯᠭᠠᠨ ᠪᠠᠢᠴᠠᠭᠠᠵᠦ ᠲᠦᠷᠭᠡᠨ ᠦᠩᠭᠡᠷᠡᠭᠦᠯᠬᠦ ᠵᠢ ᠠᠬᠢᠭᠤᠯᠤᠨ᠂ ᠪᠠᠷᠠᠭ᠎ᠠ ᠵᠢ ᠰᠢᠯᠭᠠᠨ ᠪᠠᠢᠴᠠᠭᠠᠬᠤ ᠦᠷ᠎ᠠ ᠪᠦᠳᠦᠮᠵᠢ ᠵᠢ 50% ᠪᠡᠷ ᠲᠡᠭᠡᠭᠰᠢᠯᠡᠬᠦᠯᠵᠦ᠂ ᠠᠵᠤ ᠠᠬᠤᠢᠯᠠᠯ᠎ᠤᠨ ᠪᠠᠷᠠᠭᠠᠨ᠎ᠤ ᠬᠦᠢᠯᠭᠡᠭᠡᠨ᠎ᠤ ᠦᠷᠳᠡᠭ᠎ᠢ ᠶᠡᠬᠡ ᠪᠡᠷ ᠪᠠᠭᠤᠷᠠᠭᠤᠯᠤᠬᠰᠠᠨ ᠪᠠᠢᠨ᠎ᠠ᠃

ᠤᠳᠤᠬᠠᠨ᠎ᠳᠤ ᠮᠠᠨᠳᠤᠯ ᠬᠢᠯᠢ ᠵᠢᠨ ᠪᠤᠭᠤᠮᠳᠠ ᠪᠡᠷ ᠦᠩᠭᠡᠷᠡᠬᠦ ᠭᠠᠳᠠᠭᠠᠳᠤ ᠡᠴᠡ ᠤᠷᠤᠭᠤᠯᠬᠤ ᠪᠠᠷᠠᠭ᠎ᠠ ᠨᠡᠭᠦᠷᠡᠰᠤ᠂ ᠬᠠᠢᠯᠤᠭᠤᠷ ᠵᠤᠩᠰᠢ ᠵᠡᠷᠭᠡ ᠡᠬᠢ ᠪᠠᠶᠠᠯᠢᠭ᠎ᠤᠨ ᠬᠡᠯᠪᠡᠷᠢ ᠵᠢᠨ ᠦᠢᠯᠡᠳᠭᠦᠨ ᠵᠢᠡᠷ ᠭᠤᠤᠯᠯᠠᠵᠦ᠂ ᠲᠤᠬᠠᠢ ᠵᠢᠨ ᠭᠠᠵᠠᠷ ᠤᠷᠤᠨ ᠵᠢᠴᠢ ᠡᠷᠬᠢᠨ ᠲᠤᠭᠤᠷᠢᠨ᠎ᠤ ᠭᠤᠤᠯᠳᠠᠯᠭ᠎ᠠ ᠲᠠᠢ ᠠᠵᠤ ᠦᠢᠯᠡᠳᠪᠦᠷᠢ ᠵᠢᠨ ᠠᠵᠤ ᠠᠬᠤᠢᠯᠠᠯ ᠳ᠋ᠤ ᠲᠦᠭᠦᠬᠡᠢ ᠮᠠᠲᠧᠷᠢᠶᠠᠯ ᠬᠠᠩᠭᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号