ᠬᠥᠬᠡᠬᠣᠲᠠ ᠵᠢᠨ ᠠᠯᠪᠠᠨ ᠵᠢᠷᠤᠮ᠎ᠤᠨ ᠡᠮᠴᠢᠯᠡᠭᠡᠨ ᠤ᠋ ᠠᠵᠢᠯᠯᠠᠭ᠎ᠠ ᠴᠡᠷᠢᠭ ᠤ᠋ᠨ ᠠᠯᠪᠠ ᠡᠴᠨ ᠬᠠᠯᠠᠬᠳᠠᠬᠰᠠᠳ ᠲᠸ᠋ ᠲᠤᠳᠤᠨᠤ ᠦᠢᠯᠡᠴᠢᠯᠡᠭᠡ ᠬᠠᠩᠭᠠᠨ᠎ᠠ
2026-05-13 10:29:23
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠬᠣᠲᠠ᠎ᠶ᠋ᠢᠨ ᠬᠣᠶᠠᠷ᠎ᠢ ᠬᠦᠷᠢᠶᠡᠯᠡᠬᠦ᠌ ᠠᠵᠢᠯ᠎ᠢ ᠠᠬᠢᠭᠤᠯᠬᠤ ᠲᠥᠪ᠂ ᠰᠠᠢᠬᠠᠨ ᠲᠣᠭᠣᠷᠢᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ᠂ ᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ᠎ᠲᠠᠶ ᠬᠠᠮᠲᠤᠷᠠᠨ᠂ 《ᠬᠥᠬᠡᠬᠣᠲᠠ᠎ᠶ᠋ᠢᠨ ᠴᠡᠷᠢᠭ ᠵᠢᠡᠨ ᠬᠦᠷᠢᠶᠡᠯᠡᠬᠦ᠌ ᠡᠷᠡᠭᠦᠯ ᠮᠡᠨᠳᠦ᠍᠎ᠶ᠋ᠢᠨ ᠠᠶᠠᠯᠠᠯ᠂ ᠠᠯᠪᠠᠨ ᠵᠢᠷᠤᠮ᠎ᠤᠨ ᠡᠮᠴᠢᠯᠡᠭᠡ᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ》 ᠠᠵᠢᠯᠯᠠᠭ᠎ᠠ ᠥᠷᠨᠢᠭᠦᠯᠵᠦ᠍᠂ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ᠎ᠶ᠋ᠢ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠂ ᠴᠡᠷᠢᠭ᠎ᠦᠨ ᠬᠡᠷ ᠪᠦᠯᠢ ᠵᠢᠨ ᠬᠢᠨ ᠪᠤᠯᠤᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠳᠡᠷᠭᠡᠳᠡ ᠬᠦᠷᠭᠡᠪᠡ᠃

ᠠᠵᠢᠯᠯᠠᠭ᠎ᠠ᠎ᠶ᠋ᠢᠨ ᠠᠬᠤᠢ ᠲᠠᠯᠠᠪᠠᠢ᠎ᠳ᠋ᠤ᠂ ᠥᠪᠥᠷ ᠮᠣᠩᠭᠣᠯ᠎ᠤᠨ ᠴᠤᠤ ᠵᠢᠤᠢ ᠨᠢᠳᠦᠨ᠎ᠦ ᠡᠮᠨᠡᠯᠭᠡ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᡁᠢ ᠮᠧᠶ ᠠᠮᠠᠨ ᠬᠥᠨᠳᠡᠶ᠎ᠶ᠋ᠢᠨ ᠡᠮᠴᠢᠯᠡᠭᠡ᠂ ᠬᠥᠬᠡᠬᠣᠲᠠ᠎ᠶ᠋ᠢᠨ ᠽᠧ ᠺᠠᠩ ᠪᠡᠶ᠎ᠡ᠎ᠶ᠋ᠢᠨ ᠪᠠᠢᠴᠠᠭᠠᠯᠲᠠ᠎ᠶ᠋ᠢᠨ ᠲᠥᠪ᠂ ᠥᠪᠥᠷ ᠮᠣᠩᠭᠣᠯ᠎ᠤᠨ ᠢᠦᠶ ᠬᠣᠩ ᠲᠠᠩ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠬᠥᠬᠡᠬᠣᠲᠠ᠎ᠶ᠋ᠢᠨ ᠠᠶ ᠡᠯ ᠱᠢᠩ ᠨᠢᠳᠦᠨ᠎ᠦ ᠰᠠᠯᠠᠭ᠎ᠠ ᠵᠡᠷᠭᠡ ᠲᠠᠪᠤᠨ ᠶᠡᠬᠡ ᠴᠡᠷᠢᠭ ᠵᠢᠡᠨ ᠬᠦᠷᠢᠶᠡᠯᠡᠬᠦ᠌ ᠡᠮᠴᠢᠯᠡᠭᠡᠨ᠎ᠦ ᠪᠠᠢᠭᠤᠯᠤᠮᠵᠢ ᠠᠷᠠᠳ᠎ᠲᠤ ᠲᠥᠬᠥᠮ ᠦᠵᠡᠭᠦᠯᠬᠦ᠌ ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡᠨ᠎ᠦ ᠲᠠᠪᠴᠠᠩ ᠪᠠᠢᠭᠤᠯᠪᠠ᠃ ᠡᠮᠴᠢ ᠰᠤᠪᠢᠯᠠᠭ᠍ᠴᠢ ᠡᠴᠨ ᠰᠠᠭᠤᠭᠠᠯᠢ ᠠᠷᠠᠳ᠎ᠲᠤ ᠬᠠᠷᠠᠭ᠎ᠠ᠎ᠶ᠋ᠢᠨ ᠪᠠᠢᠴᠠᠭᠠᠯᠲᠠ᠂ ᠠᠮᠠᠨ ᠬᠥᠨᠳᠡᠶ᠎ᠶ᠋ᠢᠨ ᠪᠠᠢᠴᠠᠭᠠᠯᠲᠠ ᠵᠢᠴᠢ ᠡᠷᠡᠭᠦᠯ ᠮᠡᠨᠳᠦ᠍᠎ᠶ᠋ᠢᠨ ᠠᠰᠠᠭᠤᠯᠲᠠ ᠬᠠᠷᠢᠭᠤᠯᠲᠠ ᠵᠡᠷᠭᠡ ᠦᠶ᠋ᠯᠡᠴᠢᠯᠡᠭᠡ ᠬᠦᠷᠭᠡᠵᠦ᠂ ᠡᠳᠦᠷ ᠲᠤᠲᠤᠮ᠎ᠤᠨ ᠰᠤᠪᠢᠯᠠᠯᠲᠠ᠂ ᠤᠳᠠᠭᠠᠨ ᠴᠢᠨᠠᠷᠲᠠᠶ ᠡᠪᠡᠳᠴᠢᠨ᠎ᠢ ᠰᠡᠷᠭᠡᠢᠯᠡᠨ ᠬᠠᠮᠠᠭᠠᠯᠠᠬᠤ ᠮᠡᠳᠡᠯᠭᠡ᠎ᠶ᠋ᠢᠨ ᠳᠤᠬᠠᠢ ᠲᠠᠢᠯᠤᠮᠵᠢ ᠬᠢᠪᠡ᠃

ᠲᠤᠰ ᠤᠳᠠᠭ᠎ᠠ᠎ᠶ᠋ᠢᠨ ᠠᠵᠢᠯᠯᠠᠭ᠎ᠠ ᠨᠢ ᠨᠠᠮ᠎ᠤᠨ ᠪᠠᠢᠭᠤᠯᠤᠯᠲᠠ᠎ᠪᠠᠷ ᠬᠦᠳᠦᠯᠥᠨ ᠳᠠᠭᠠᠭᠤᠯᠵᠤ ᠨᠡᠢᠭᠡᠮᠴᠢᠯᠡᠭᠰᠡᠨ ᠴᠡᠷᠢᠭ᠎ᠢᠶᠡᠨ ᠬᠦᠷᠢᠶᠡᠯᠡᠬᠦ᠌᠎ᠶ᠋ᠢ ᠭᠦᠨᠵᠡᠭᠡᠢᠷᠡᠭᠦᠯᠤᠨ᠂ ᠨᠠᠮ᠎ᠤᠨ ᠭᠡᠱᠢᠭᠦᠨ ᠡᠮᠴᠢ ᠰᠤᠪᠢᠯᠠᠭ᠍ᠴᠢ᠎ᠶ᠋ᠢᠨ ᠬᠣᠱᠢᠭᠤᠴᠢ ᠵᠢᠱ᠌ᠢᠶᠡᠴᠢ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠣᠨᠣᠱᠢᠯᠠᠨ ᠡᠮᠨᠡᠬᠦ᠌ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠴᠠᠲᠠᠢ ᠵᠣᠯᠭᠠᠭᠤᠯᠵᠤ ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ ᠪᠠ ᠴᠡᠷᠢᠭ᠎ᠦᠨ ᠬᠡᠷ ᠪᠦᠯᠢ᠎ᠶ᠋ᠢᠨ ᠬᠢᠨ᠎ᠳᠦ ᠡᠮᠴᠢᠯᠡᠭᠡᠨ᠎ᠦ ᠦᠢᠯᠡᠴᠢᠯᠡᠭᠡ ᠬᠦᠷᠲᠡᠭᠡᠵᠦ᠍᠂ ᠨᠠᠮ ᠵᠠᠰᠠᠭ ᠵᠢᠴᠢ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠬᠦᠨᠳᠦᠳᠭᠡᠯ ᠪᠣᠯᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃

ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠶ᠎ᠠ ᠴᠡᠷᠢᠭ ᠠᠷᠠᠳ᠎ᠤᠨ ᠬᠠᠮᠲᠤ᠎ᠪᠠᠷ ᠪᠠᠢᠭᠤᠯᠬᠤ ᠠᠭᠤᠯᠤᠭ᠍ᠳᠠᠬᠤᠨ᠎ᠢ ᠦᠷᠭᠦᠯᠵᠢᠯᠡᠨ ᠪᠠᠶᠠᠯᠢᠭ᠍ᠵᠢᠭᠤᠯᠵᠤ᠂ ᠴᠡᠷᠢᠭ᠎ᠢᠶᠡᠨ ᠬᠦᠷᠢᠶᠡᠯᠡᠨ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠴᠡᠷᠢᠭ ᠨᠢ ᠠᠷᠠᠳ᠎ᠢᠶᠠᠨ ᠬᠠᠢᠷᠠᠯᠠᠬᠤ᠂ ᠠᠷᠠᠳ ᠨᠢ ᠴᠡᠷᠢᠭ᠎ᠢᠶᠡᠨ ᠬᠦᠷᠢᠶᠡᠯᠡᠬᠦ᠌ ᠵᠢᠭᠠᠰᠤ ᠤᠰᠤᠨ᠎ᠤ ᠬᠠᠷᠢᠴᠠᠭ᠎ᠠ ᠵᠢ ᠲᠠᠰᠤᠷᠠᠯᠲᠠ ᠥᠬᠡᠶ ᠵᠤᠵᠠᠭᠠᠳᠭᠠᠵᠤ᠂ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠦᠨ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号