ᠤᠳᠤᠭ ᠬᠤᠰᠢᠭᠤ 1050.47 ᠳᠦᠮᠡᠨ ᠳᠦᠬᠦᠷᠢᠭ ᠵᠠᠷᠤᠴᠠᠭᠤᠯᠤᠨ 573 ᠴᠢᠳᠠᠪᠤᠷᠢᠳᠠᠨ ᠤᠷᠢᠵᠠᠢ
2026-05-13 16:25:04
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

 ᠤᠢᠷ᠎ᠠ ᠶ᠋ᠢᠨ ᠵᠢᠯ ᠤ᠋ᠳ ᠲᠤ᠌ ᠤᠷᠳᠤᠰ ᠬᠤᠳᠠ ᠶ᠋ᠢᠨ ᠤᠳᠤᠭ ᠬᠤᠰᠢᠭᠤ ᠴᠢᠳᠠᠪᠤᠷᠢᠲᠠᠨ ᠎ᠢᠶᠠᠷ ᠬᠤᠰᠢᠭᠤ ᠎ᠪᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠵᠢ ᠬᠡᠷᠡᠭᠵᠢᠬᠦᠯᠵᠦ᠂ ᠳᠡᠭᠡᠳᠦ ᠳᠡᠰ ᠤ᠋ᠨ ᠴᠢᠳᠠᠪᠤᠷᠢᠳᠠᠨ ᠢ᠋ ᠤᠷᠢᠨ ᠠᠪᠴᠢᠷᠠᠬᠤ ᠠᠷᠭ᠎ᠠ ᠵᠠᠮ ᠢ᠋ ᠰᠢᠯᠤᠭᠤᠳᠬᠠᠨ᠂ ᠭᠤᠤᠯᠳᠠᠯᠭ᠎ᠠ ᠳᠠᠢ ᠴᠢᠳᠠᠪᠤᠷᠢᠳᠠᠨ ᠤ᠋ ᠳᠦᠷᠦᠯ ᠵᠦᠢᠯ ᠢ᠋ ᠠᠬᠢᠭᠤᠯᠵᠤ᠂ ᠡᠨᠡ ᠵᠢᠯ ᠤ᠋ᠨ ᠡᠬᠢᠨ ᠪᠤᠯᠳᠠᠯ᠎ᠠ ᠪᠦᠬᠦ ᠬᠤᠰᠢᠭᠤᠨ ᠤ᠋ ᠳᠡᠭᠡᠳᠤ ᠳᠡᠰ ᠤ᠋ᠨ ᠴᠢᠳᠠᠪᠤᠷᠢᠳᠠᠨ ᠢ᠋ ᠤᠷᠢᠨ ᠠᠪᠴᠢᠷᠠᠬᠤ ᠳ᠋ᠤ ᠵᠠᠷᠤᠴᠠᠭᠤᠯᠤᠭᠰᠠᠨ ᠪᠡᠯᠡ ᠮᠦᠩᠬᠦ ᠨᠡᠢᠳᠡ 1050.47 ᠳᠦᠮᠡᠨ ᠳᠦᠬᠦᠷᠢᠭ ᠲᠤ᠌ ᠬᠦᠷᠴᠦ᠂ 573 ᠴᠢᠳᠠᠪᠤᠷᠢᠳᠠᠨ ᠢ᠋ ᠤᠷᠢᠨ ᠠᠪᠴᠢᠷᠠᠪᠠ᠃

ᠴᠢᠳᠠᠪᠤᠷᠢᠲᠠᠨ ᠤ᠋ ᠬᠣᠲᠠ᠎ᠶ᠋ᠢᠨ ᠬᠥᠭ᠌ᠵᠢᠯᠲᠡ᠎ᠳᠦ ᠦᠵᠡᠭᠦᠯᠬᠦ᠌ ᠴᠢᠬᠤᠯᠠ ᠴᠢᠨᠠᠷ ᠡᠳᠦᠷ ᠢᠷᠡᠬᠦᠶ᠎ᠡ ᠢᠯᠡᠷᠬᠡᠶ ᠪᠣᠯᠵᠣ᠂ ᠴᠢᠳᠠᠪᠤᠷᠢᠲᠠᠨ᠎ᠢ ᠬᠡᠷᠬᠢᠨ ᠤᠷᠢᠨ ᠠᠪᠴᠢᠷᠠᠬᠤ᠂ ᠴᠢᠳᠠᠪᠤᠷᠢᠲᠠᠨ᠎ᠢ ᠬᠡᠷᠬᠢᠨ ᠦᠯᠡᠳᠡᠭᠡᠬᠦ᠌ ᠨᠢ ᠬᠣᠲᠠ᠎ᠶ᠋ᠢᠨ ᠬᠥᠭ᠌ᠵᠢᠯᠲᠡ᠎ᠶ᠋ᠢᠨ ᠵᠠᠩᠭᠢᠯᠠᠭ᠎ᠠ ᠵᠢᠨ ᠠᠰᠠᠭᠤᠳᠠᠯ ᠪᠣᠯᠪᠠ᠃ ᠡᠭᠦᠨ᠎ᠳᠤ ᠤᠳᠤᠭ ᠬᠤᠰᠢᠭᠤ ᠴᠢᠳᠠᠪᠤᠷᠢᠲᠠᠨ ᠶ᠋ᠢᠡᠷ ᠬᠣᠰᠢᠭᠤ ᠪᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ ᠵᠢ ᠭᠡᠷᠡᠭᠵᠢᠬᠦᠯᠵᠦ᠂ ᠴᠢᠳᠠᠪᠤᠷᠢᠲᠠᠨ ᠢ᠋ ᠤᠷᠢᠨ ᠠᠪᠴᠢᠷᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ᠂ ᠴᠢᠳᠠᠪᠤᠷᠢᠲᠠᠨ᠎ᠳᠤ ᠨᠥᠬᠥᠷᠰᠡᠭ ᠬᠤᠰᠢᠭᠤ  ᠪᠠᠢᠭᠤᠯᠬᠤ ᠵᠢ ᠪᠠᠷᠢᠮᠳᠠᠯᠠᠵᠤ᠂ ᠨᠡᠩ ᠶᠡᠬᠡ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠪᠦᠬᠦᠢ ᠴᠢᠳᠠᠪᠤᠷᠢᠲᠠᠨ ᠤ᠋ ᠬᠥᠭᠵᠢᠯᠲᠡ ᠶ᠋ᠢᠨ ᠠᠮᠢ ᠠᠬᠤᠢ ᠵᠢ ᠬᠦᠴᠦᠯᠡᠨ ᠪᠠᠢᠭᠤᠯᠵᠤ ᠪᠠᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠳᠦᠯᠦᠪᠵᠢᠬᠦᠯᠭᠡ ᠶ᠋ᠢᠨ ᠬᠤᠭᠤᠴᠠᠭᠠᠨ ᠳ᠋ᠤ᠂ ᠪᠥᠬᠥ ᠬᠣᠰᠢᠭᠤᠨ ᠤ᠋ ᠴᠢᠳᠠᠪᠤᠷᠢᠲᠠᠨ ᠤ᠋ ᠶᠡᠷᠦᠩᠬᠡᠢ ᠲᠣᠭ᠎ᠠ 2.53 ᠲᠦᠮᠡᠨ ᠬᠦᠮᠦᠨ ᠳ᠋ᠤ ᠬᠦᠷᠴᠦ᠂《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠳᠦᠯᠦᠪᠵᠢᠬᠦᠯᠭᠡ ᠶ᠋ᠢᠨ ᠠᠳᠠᠯᠢ ᠬᠤᠭᠤᠴᠠᠭᠠᠨ ᠤ᠋ ᠬᠢ ᠡᠴᠡ 29% ᠪᠠᠷ ᠨᠡᠮᠡᠭᠳᠡᠨ᠂ ᠴᠢᠳᠠᠪᠤᠷᠢᠳᠠᠨ ᠤ᠋ ᠳᠦᠪᠯᠡᠷᠡᠭᠰᠡᠨ ᠬᠡᠮᠵᠢᠶ᠎ᠡ᠂ ᠬᠦᠭᠵᠢᠶᠡᠨᠳᠤ ᠪᠠᠢᠳᠠᠯ ᠪᠠ ᠬᠠᠨᠤᠮᠵᠢ ᠶ᠋ᠢᠨ ᠬᠡᠮᠵᠢᠶ᠎ᠡ ᠳᠠᠰᠤᠷᠠᠯᠳᠠ ᠦᠭᠡᠢ ᠳᠡᠭᠡᠭᠰᠢᠯᠡᠵᠡᠢ᠃

ᠤᠢᠯᠠᠭᠠᠭᠰᠠᠨ ᠶ᠋ᠢᠡᠷ᠂ ᠳᠤᠰ ᠬᠤᠰᠢᠭᠤ ᠠᠷᠠᠯᠵᠢᠶᠠᠴᠢᠨ ᠤᠷᠢᠵᠤ ᠪᠡᠯᠡ ᠮᠦᠩᠬᠦ ᠴᠤᠭᠯᠠᠭᠤᠯᠬᠤ ᠪᠠ ᠴᠢᠳᠠᠪᠤᠷᠢᠲᠠᠨ ᠤᠷᠢᠵᠤ ᠮᠡᠷᠭᠡᠵᠢᠯ ᠤᠷᠤᠭᠤᠯᠤᠨ ᠠᠪᠴᠢᠷᠠᠬᠤ ᠵᠢ ᠠᠭᠤᠰᠤᠯᠴᠠᠭᠤᠯᠤᠨ ᠠᠬᠢᠭᠤᠯᠵᠤ᠂ ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠤᠤᠮᠧᠨ ᠤ᠋ ᠳᠤᠮᠤ ᠪᠤᠯᠤᠩ ᠤ᠋ᠨ ᠤᠷᠤᠨ ᠵᠡᠷᠭᠡ ᠭᠠᠵᠠᠷ ᠤᠷᠤᠨ ᠳ᠋ᠤ ᠠᠷᠠᠯᠵᠢᠶᠠᠴᠢᠨ ᠤᠷᠢᠵᠤ ᠪᠡᠯᠡ ᠮᠥᠩᠭᠥ ᠴᠤᠭᠯᠠᠭᠤᠯᠬᠤ ᠪᠠ ᠴᠢᠳᠠᠪᠤᠷᠢᠲᠠᠨ ᠤᠷᠢᠵᠤ ᠮᠡᠷᠭᠡᠵᠢᠯ ᠢ᠋ ᠤᠷᠤᠭᠤᠯᠤᠨ ᠠᠪᠴᠢᠷᠠᠬᠤ ᠠᠵᠢᠯ ᠤ᠋ᠨ ᠦᠷᠲᠡᠭᠡ ᠵᠢ 5 ᠪᠠᠢᠭᠤᠯᠵᠤ᠂ ᠴᠢᠳᠠᠪᠤᠷᠢᠲᠠᠨ ᠢ᠋ ᠤᠷᠢᠨ ᠠᠪᠴᠢᠷᠠᠬᠤ ᠠᠵᠢᠯᠯᠠᠭ᠎ᠠ ᠪᠠ ᠴᠢᠳᠠᠪᠤᠷᠢᠲᠠᠨ ᠡᠯᠰᠡᠵᠦ ᠮᠡᠷᠭᠡᠵᠢᠯ᠎ᠢ ᠤᠷᠤᠭᠤᠯᠤᠨ ᠠᠪᠴᠢᠷᠠᠵᠤ ᠶᠡᠬᠡ ᠳᠡᠭᠡᠳᠦ ᠰᠤᠷᠭᠠᠭᠤᠯᠢ ᠪᠡᠷ ᠠᠶᠠᠯᠠᠬᠤ ᠠᠵᠢᠯᠯᠠᠭ᠎ᠠ ᠦᠷᠨᠢᠬᠦᠯᠪᠡ᠃ ᠡᠳᠡᠭᠡᠷ ᠠᠵᠢᠯ ᠤ᠋ᠨ ᠦᠷᠳᠡᠭᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ ᠶ᠋ᠢᠨ ᠬᠤᠭᠤᠴᠠᠭᠠᠨ ᠳ᠋ᠤ ᠨᠡᠢᠳᠡ 407 ᠳᠡᠭᠡᠳᠦ ᠲᠡᠰ ᠤ᠋ᠨ ᠴᠢᠳᠠᠪᠤᠷᠢᠲᠠᠨ ᠢ᠋  ᠤᠷᠢᠨ ᠠᠪᠴᠢᠷᠠᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号