3 ᠲᠦᠮᠡ ᠭᠠᠷᠤᠶ ᠲᠤᠭᠤᠷᠢᠨ ᠦᠵᠡᠭ᠌ᠴᠢᠳ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠦ ᠬᠦᠷᠴᠦ ᠪᠡᠶᠡᠴᠢᠯᠡᠨ ᠣᠢᠯᠠᠭᠠᠪᠠ
2026-05-13 10:14:19
ᠵᠣᠬᠢᠶᠠᠭ᠍ᠴᠢ᠄
​ ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ  ᠮᠡᠷᠭᠡᠵᠢᠯ᠎ᠦᠨ  ᠣᠷᠳᠣᠨ᠎ᠡᠴᠠ  ᠣᠢᠯᠠᠭᠠᠭ᠍ᠰᠠᠨ᠎ᠢᠶᠠᠷ᠂ 《 5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠤᠨ ᠲᠤᠭᠤᠷᠢᠨ ᠳ᠋ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠵᠦ᠍ ᠠᠷᠠᠳ᠎ᠲᠤ ᠠᠱᠢᠭ ᠬᠦᠷᠲᠡᠭᠡᠬᠦ᠌ ᠪᠡᠷ ᠵᠣᠷᠢᠯᠲᠠ᠎ᠪᠤᠯᠭᠠᠵᠤ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠎ᠶ᠋ᠢ ᠱᠢᠨᠵᠢᠯᠡᠬᠦ᠌ ᠤᠬᠠᠭᠠᠨ᠎ᠤ ᠬᠠᠢᠨ ᠰᠥᠪᠡᠭ᠌ᠴᠢᠯᠡᠯᠲᠡ᠎ᠯᠤᠭᠡ ᠭᠦᠨᠵᠡᠭᠡᠶ ᠠᠭᠤᠰᠤᠯᠴᠠᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ᠎ᠢᠶᠡᠷ ᠲᠤᠭᠤᠷᠢᠨ ᠰᠤᠨᠢᠷᠬᠠᠵᠠᠭᠠᠶ᠎ᠠ》 ᠭᠡᠬᠦ ᠱᠢᠷᠢᠰ ᠠᠵᠢᠯᠯᠠᠭ᠎ᠠ᠎ᠶ᠋ᠢ ᠵᠤᠬᠢᠶᠠᠨ ᠪᠠᠢᠭᠤᠯᠵᠤ ᠡᠷᠬᠢᠯᠡᠪᠠ᠃ 5 ᠰᠠᠷ᠎ᠠ᠎ᠶ᠋ᠢᠨ 1 ᠤ᠋ ᠡᠳᠦᠷ᠎ᠡᠴᠡ 5 ᠤ᠋ ᠡᠳᠦᠷ  ᠪᠣᠯᠲᠠᠯ᠎ᠠ ᠨᠡᠢᠲᠡ 36964 ᠦᠵᠡᠭ᠌ᠴᠢᠳ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠳᠤ ᠬᠦᠷᠴᠦ᠍᠂ ᠪᠠᠶᠡᠴᠢᠯᠡᠨ ᠤᠷᠤᠯᠴᠠᠬᠤ ᠳᠤᠮᠳᠠ ᠱᠢᠨᠵᠢᠯᠡᠬᠦ᠌  ᠤᠬᠠᠭᠠᠨ᠎ᠤ ᠷᠢᠳᠢ ᠰᠢᠳᠢ ᠪᠤᠯᠤᠨ ᠬᠥᠳᠡᠯᠮᠦᠷᠢ ᠎ᠶ᠋ᠢᠨ ᠭᠤᠤ᠎ᠠ ᠰᠠᠢᠬᠠᠨ᠎ᠢ ᠠᠮᠳᠠᠷᠬᠠᠨ ᠤᠢᠯᠠᠭᠠᠪᠠ᠃

ᠤᠢᠯᠠᠭᠠᠭᠰᠠᠨ᠎ᠢᠶᠡᠷ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ᠎ᠢᠶᠡᠷ ᠲᠤᠭᠤᠷᠢᠨ ᠰᠤᠨᠢᠷᠬᠠᠵᠠᠭᠠᠶ᠎ᠠ》 ᠭᠡᠬᠦ ᠱᠢᠷᠢᠰ ᠠᠵᠢᠯᠯᠠᠭ᠎ᠠ᠎ᠳᠤ ᠦᠵᠡᠭᠦᠯᠭᠡ᠎ᠶ᠋ᠢᠨ ᠲᠢᠩᠬᠢᠮ᠎ᠦᠨ ᠤᠨᠴᠠᠯᠢᠭ᠍ᠲᠤ  ᠬᠥᠮᠦᠵᠢᠯ᠎ᠦᠨ ᠠᠵᠢᠯᠯᠠᠭ᠎ᠠ᠂ ᠱᠢᠨᠵᠢᠯᠡᠬᠦ᠌ ᠤᠬᠠᠭᠠᠨ᠎ᠤ ᠬᠢᠴᠢᠶᠡᠯ᠂ ᠱᠢᠨᠵᠢᠯᠡᠬᠦ᠌ ᠤᠬᠠᠭᠠᠨ᠎ᠤ ᠲᠣᠭ᠍ᠯᠠᠯᠲᠠ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠺᠢᠨᠣ᠋᠂ 《ᠲᠡᠯᠡᠶ ᠲᠠᠩᠭᠢᠰ᠎ᠤᠨ ᠬᠠᠴᠢᠨ ᠭᠠᠢᠬᠠᠮᠱᠢᠭ》 ᠲᠤᠰᠬᠠᠢ ᠰᠡᠳᠦᠪᠳᠦ ᠦᠵᠡᠭᠦᠯᠭᠡ᠂ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠢᠴᠢᠬᠠᠨ ᠲᠠᠢᠯᠪᠤᠷᠢᠯᠠᠭ᠍ᠴᠢ》᠂ ᠬᠠᠷᠢᠯᠴᠠᠨ ᠦᠶ᠋ᠯᠡᠳᠦᠯᠴᠡᠬᠦ᠌ ᠦᠵᠡᠭᠦᠯᠭᠡ ᠮᠡᠳᠦ ᠵᠢᠨ ᠶᠢᠰᠦᠨ ᠶᠡᠬᠡ ᠬᠡᠰᠡᠭ᠎ᠢ ᠪᠠᠭ᠍ᠲᠠᠭᠠᠵᠠᠢ᠃ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ ᠨᠡᠢᠲᠡ 29 ᠲᠠᠯᠠᠪᠤᠷ ᠣᠨᠴᠠᠯᠢᠭ᠍ᠲᠤ ᠬᠥᠮᠦᠵᠢᠯ᠎ᠦᠨ ᠠᠵᠢᠯᠯᠠᠭ᠎ᠠ᠂ 10 ᠤᠳᠠᠭ᠎ᠠ ᠵᠢᠨ ᠱᠢᠨᠵᠢᠯᠡᠬᠦ᠌ ᠤᠬᠠᠭᠠᠨ᠎ᠤ ᠬᠢᠴᠢᠶᠡᠯ᠂ 6 ᠲᠠᠯᠠᠪᠤᠷ ᠱᠢᠨᠵᠢᠯᠡᠬᠦ᠌ ᠤᠬᠠᠭᠠᠨ᠎ᠤ ᠲᠣᠭ᠍ᠯᠠᠯᠲᠠ᠂ 446 ᠲᠠᠯᠠᠪᠤᠷ ᠬᠠᠷᠢᠯᠴᠠᠨ ᠦᠶ᠋ᠯᠡᠳᠦᠯᠴᠡᠬᠦ᠌ ᠦᠵᠡᠭᠦᠯᠭᠡ᠎ᠶ᠋ᠢᠨ ᠲᠥᠷᠥᠯ᠂ 15 ᠲᠠᠯᠠᠪᠤᠷ ᠶᠡᠷᠦ᠎ᠶ᠋ᠢᠨ ᠦᠵᠡᠭᠦᠯᠭᠡ᠎ᠶ᠋ᠢᠨ ᠲᠠᠢᠯᠤᠮᠵᠢ᠂ 20 ᠲᠠᠯᠠᠪᠤᠷ  ᠲᠤᠰᠭᠠᠶ  ᠰᠡᠳᠦᠪᠲᠦ ᠦᠵᠡᠭᠦᠯᠭᠡ᠎ᠶ᠋ᠢᠨ ᠲᠠᠢᠯᠤᠮᠵᠢ ᠬᠢᠪᠠ᠃

《ᠪᠢᠳᠡ  ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠡᠯᠪᠡᠭ ᠪᠠᠶᠠᠯᠢᠭ ᠠᠵᠢᠯᠯᠠᠭ᠎ᠠ᠎ᠪᠠᠷ ᠲᠠᠮᠵᠢᠭᠤᠯᠤᠨ ᠬᠥᠳᠡᠯᠮᠦᠷᠢᠴᠢᠨ ᠨᠢᠭᠡᠪᠦᠷᠢ᠎ᠳᠦ ᠬᠦᠨᠳᠦᠳᠭᠡᠯ ᠳᠡᠪᠱᠢᠭᠦᠯᠵᠦ᠍᠂ ᠵᠠᠯᠠᠭᠤᠴᠤᠳ ᠪᠠᠭᠠᠴᠤᠳ ᠲᠸ᠋ ᠬᠥᠳᠡᠯᠮᠦᠷᠢ᠎ᠶ᠋ᠢᠨ ᠵᠤᠷᠢᠭ ᠰᠠᠨᠠᠭ᠎ᠠ ᠪᠠ ᠱᠢᠨ᠎ᠡ᠎ᠶ᠋ᠢ ᠡᠭᠦᠳᠬᠦ᠌ ᠵᠤᠷᠢᠭ ᠰᠠᠨᠠᠭ᠎ᠠ ᠵᠢ ᠲᠠᠮᠵᠢᠭᠤᠯᠤᠯ᠎ᠠ》 ᠬᠡᠵᠤ ᠥᠪᠥᠷ ᠮᠣᠩᠭᠣᠯ᠎ᠤᠨ ᠱᠢᠨᠵᠢᠯᠡᠬᠦ᠌  ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号