《5·1》 ᠤ᠋ ᠠᠮᠠᠷᠠᠯᠲᠠ ᠵᠢᠨ ᠬᠤᠭᠤᠴᠠᠭᠠᠨ ᠳ᠋ᠤ ᠣᠷᠳᠣᠰ ᠬᠤᠳᠠ ᠨᠡᠶ᠋ᠢᠲᠡ 225.48 ᠲᠦᠮᠡ ᠰᠢᠬᠠᠮ ᠵᠢᠭᠤᠯᠴᠢᠯᠠᠭ᠍ᠴᠢ ᠵᠢ ᠭᠥᠯᠢᠶᠡᠨ ᠠᠪᠴᠠᠢ
2026-05-13 10:24:12
ᠵᠣᠬᠢᠶᠠᠭ᠍ᠴᠢ᠄
​ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

《 5·1 》 ᠤ᠋ ᠠᠮᠠᠷᠠᠯᠲᠠ ᠵᠢᠨ ᠬᠤᠭᠤᠴᠠᠭᠠᠨ ᠳ᠋ᠤ᠂ ᠣᠷᠳᠣᠰ ᠬᠤᠳᠠ ᠠᠮᠠᠷᠠᠯᠳᠠ ᠶ᠋ᠢᠨ ᠬᠤᠭᠤᠴᠠᠭᠠᠨ ᠤ᠋ ᠰᠢᠷᠢᠰ ᠰᠤᠶᠤᠯ  ᠵᠢᠭᠤᠯᠴᠢᠯᠠᠯ  ᠤ᠋ᠨ  ᠠᠵᠢᠯᠯᠠᠭ᠎ᠠ ᠵᠢ  ᠦᠷᠨᠢᠬᠦᠯᠵᠦ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠠᠮᠢᠵᠢᠷᠠᠯ ᠤ᠋ᠨ ᠬᠦᠴᠦᠨ ᠶ᠋ᠢᠡᠷ ᠪᠢᠯᠬᠠᠨ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠰᠡᠳ ᠤ᠋ᠨ ᠦᠯᠢᠭᠡᠷ ᠠᠪᠴᠤ  ᠪᠠᠢᠴᠠᠭᠠᠭ᠍ᠰᠠᠨ ᠳ᠋ᠦᠩ ᠢ᠋ ᠦᠨᠳᠤᠰᠤᠯᠡᠨ ᠲᠥᠰᠦᠭᠡᠯᠡᠨ ᠪᠤᠳᠤᠭᠰᠠᠨ ᠢ᠋ᠶ᠋ᠡᠷ᠂ ᠨᠡᠶ᠋ᠢᠲᠡ 225.48 ᠲᠦᠮᠡ ᠰᠢᠬᠠᠮ ᠵᠢᠭᠤᠯᠴᠢᠯᠠᠭ᠍ᠰᠠᠳ ᠢ᠋ ᠭᠥᠯᠢᠶᠡᠨ ᠠᠪᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.36% ᠪᠡᠷ ᠨᠡᠮᠡᠭᠳᠡᠪᠡ;ᠤᠯᠤᠰ ᠤ᠋ᠨ ᠳᠣᠲᠣᠭᠠᠳᠤ ᠵᠢᠨ ᠵᠢᠭᠤᠯᠴᠢᠯᠠᠯ ᠤ᠋ᠨ ᠶᠡᠷᠦᠩᠬᠡᠢ ᠵᠠᠷᠤᠳᠠᠯ 16.03 ᠳ᠋ᠦᠩᠰᠢᠭᠤᠷ ᠲᠥᠭᠥᠷᠢᠭ ᠲᠤ᠌ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.17% ᠪᠡᠷ ᠨᠡᠮᠡᠭᠳᠡᠨ᠂ ᠰᠤᠶᠤᠯ ᠵᠢᠭᠤᠯᠴᠢᠯᠠᠯ ᠶ᠋ᠢᠡᠷ ᠬᠡᠷᠡᠭᠯᠡᠭᠡ ᠵᠢ ᠠᠬᠢᠭᠤᠯᠬᠤ ᠵᠢ ᠪᠡᠶᠡᠯᠡᠬᠦᠯᠵᠡᠢ᠃

ᠡᠯ᠎ᠡ ᠬᠣᠰᠢᠭᠤ ᠳᠤᠭᠤᠷᠢᠭ ᠤ᠋ᠨ ᠦᠵᠡᠮᠵᠢ ᠵᠢᠨ ᠣᠷᠣᠨ ᠤ᠋ ᠣᠨᠴᠠᠯᠢᠭ᠍ᠲᠤ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠭᠣᠢᠳᠠ ᠰᠠᠢᠬᠠᠨ ᠶᠠᠪᠤᠭᠳᠠᠵᠤ᠂ ᠦᠷᠭᠡᠨ ᠤᠯᠠᠨ ᠵᠢᠭᠤᠯᠴᠢᠯᠠᠭᠰᠠᠳ ᠢ᠋ ᠪᠠᠶᠠᠰᠬᠠᠭᠰᠠᠨ ᠪᠠᠢᠨ᠎ᠠ᠃ ᠣᠷᠳᠣᠰ ᠤ᠋ᠨ ᠰᠣᠶᠣᠯ ᠤ᠋ᠨ ᠠᠵᠤ ᠦᠢᠯᠡᠰ ᠤ᠋ᠨ ᠬᠦᠷᠢᠶᠡᠯᠡᠩ ᠤ᠋ᠨ ᠶᠤᠸᠠᠨ ᠤᠯᠤᠰ ᠤ᠋ᠨ ᠶᠡᠬᠡ ᠨᠡᠢᠰᠯᠡᠯ  ᠤ᠋ᠨ  ᠳᠠᠭᠤᠷᠢᠶᠠᠮᠠᠯ  ᠠᠭᠤᠳᠠᠮ  ᠲᠠᠯᠠᠪᠠᠢ ᠳ᠋ᠤ ᠪᠠᠶᠠᠷ ᠬᠦᠷ ᠶ᠋ᠢᠡᠷ ᠪᠢᠯᠬᠠᠵᠤ᠂ ᠪᠣᠳᠠᠲᠤ ᠦᠵᠡᠭᠳᠡᠯᠲᠦ ᠵᠦᠴᠦᠭᠡ 《ᠭᠠᠷᠤᠳᠢ ᠭᠠᠯᠪᠢᠩᠭ᠎ᠠ ᠶ᠋ᠢᠨ ᠶᠢᠰᠦᠨ ᠳᠠᠭᠤᠷᠢ》᠂ 《ᠪᠠᠢᠯᠳᠤᠭᠠᠨ ᠤ᠋ ᠮᠣᠷᠢᠨ ᠤ᠋ ᠭᠠᠢᠬᠠᠮᠰᠢᠭ᠋》 ᠵᠡᠷᠭᠡ ᠳᠤᠭᠯᠠᠯᠳᠠ ᠨᠢ ᠬᠤᠷᠠᠭᠰᠠᠨ ᠤᠯᠠᠨ ᠢ᠋ ᠪᠠᠶᠠᠰᠬᠠᠬᠤ ᠶ᠋ᠢᠨ ᠬᠠᠮᠳᠤ᠂ ᠤᠨᠴᠠᠯᠢᠭᠳᠤ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠬᠦᠨ ᠤ᠋ ᠴᠤᠭᠯᠠᠭ᠎ᠠ ᠮᠠᠢᠮᠠᠢ᠂ ᠬᠡᠭᠡᠷ᠎ᠡ ᠪᠠᠭᠤᠳᠠᠯᠯᠠᠵᠤ ᠬᠡᠬᠡᠷ᠎ᠡ ᠬᠤᠭᠤᠯᠠᠯᠠᠬᠤ ᠵᠡᠷᠭᠡ ᠠᠵᠢᠯᠯᠠᠭ᠎ᠠ ᠨᠢ ᠵᠢᠭᠤᠯᠴᠢᠯᠠᠭᠰᠠᠳ ᠤ᠋ᠨ ᠰᠡᠯᠡᠬᠦᠴᠡᠨ ᠳᠤᠭᠤᠷᠢᠬᠤ ᠣᠢᠯᠠᠭᠠᠯᠲᠠ ᠵᠢ ᠪᠠᠶᠠᠯᠢᠭ᠍ᠵᠢᠭᠤᠯᠵᠠᠢ᠃ ᠵᠡᠭᠦᠨᠭᠠᠷ ᠤ᠋ᠨ ᠬᠠᠳᠤᠨ ᠭᠣᠣᠯ ᠤ᠋ᠨ ᠶᠡᠬᠡ ᠬᠠᠪᠴᠢᠯ ᠤ᠋ᠨ ᠵᠢᠭᠤᠯᠴᠢᠯᠠᠯ ᠤ᠋ᠨ ᠤᠷᠤᠨ ᠳ᠋ᠤ᠂ ᠵᠢᠭᠤᠯᠴᠢᠯᠠᠭᠰᠠᠳ ᠣᠩᠭᠣᠴᠠᠨ ᠳ᠋ᠤ ᠰᠠᠭᠤᠵᠤ ᠬᠠᠳᠤᠨ ᠭᠣᠣᠯ ᠤ᠋ᠨ ᠭᠤᠢᠳᠠ ᠰᠠᠢᠬᠠᠨ ᠦᠵᠡᠮᠵᠢ ᠵᠢ ᠰᠣᠨᠢᠷᠬᠠᠨ᠂ ᠡᠷᠲᠡᠨ ᠤ᠋ ᠬᠡᠪ ᠨᠠᠮᠪᠠ  ᠪᠦᠬᠦᠢ  ᠬᠠᠳᠤᠨ ᠭᠣᠣᠯ ᠭᠤᠤᠯ ᠰᠡᠳᠦᠪᠲᠦ ᠠᠵᠢᠯᠯᠠᠭ᠎ᠠ ᠳ᠋ᠤ ᠣᠷᠣᠯᠴᠠᠵᠤ᠂ ᠦᠪᠡᠷᠮᠢᠴᠡ ᠰᠤᠶᠤᠯ ᠢ᠋ ᠪᠡᠶᠡᠴᠢᠯᠡᠨ ᠤᠢᠯᠠᠭᠠᠵᠠᠢ᠃ ᠲᠤᠬᠠᠢ ᠵᠢᠨ ᠭᠠᠵᠠᠷ ᠤ᠋ᠨ ᠬᠢᠨ 75 ᠲᠦᠮᠡᠨ ᠲᠥᠭᠥᠷᠢᠭ ᠤ᠋ᠨ ᠬᠡᠷᠡᠭᠯᠡᠭᠡᠨ ᠤ᠋ ᠲᠡᠮᠳᠡᠭᠲᠦ ᠲᠠᠷᠬᠠᠭᠠᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠢ᠋ ᠬᠦᠭᠵᠢᠬᠡᠭᠰᠡᠨ ᠪᠠᠢᠨ᠎ᠠ᠃ ᠳᠠᠯᠠᠳ ᠬᠣᠰᠢᠭᠤᠨ ᠤ᠋ ᠪᠦᠷᠢᠶ᠎ᠡ ᠮᠠᠩᠬᠠᠨ ᠤ᠋ ᠦᠵᠡᠮᠵᠢ ᠵᠢᠨ ᠣᠷᠣᠨ ᠨᠢ 5 ᠰᠠᠷ᠎ᠠ ᠵᠢᠨ 3 ᠤ᠋ ᠨᠢᠭᠡ ᠯᠠ ᠡᠳᠦᠷ ᠲᠤ᠌ 24615 ᠵᠢᠭᠤᠯᠴᠢᠯᠠᠭᠴᠢ ᠢ᠋ᠢ ᠬᠦᠯᠢᠶᠡᠨ ᠠᠪᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 6.67% ᠪᠡᠷ ᠨᠡᠮᠡᠭᠳᠡᠨ᠂ ᠲᠡᠦᠬᠡ ᠵᠢᠨ ᠲᠡᠮᠳᠡᠭᠯᠡᠯ ᠢ᠋ ᠡᠬᠦᠳᠴᠡᠢ᠃ ᠤᠯᠤᠰ ᠤ᠋ᠨ 5A ᠲᠠᠰ ᠤ᠋ᠨ ᠦᠵᠡᠮᠵᠢ ᠵᠢᠨ ᠣᠷᠣᠨ ᠪᠣᠯᠤᠭᠰᠠᠨ ᠤ᠋ ᠬᠤᠪᠢ ᠳ᠋ᠤ᠂ ᠳᠤᠬᠠᠢ ᠶ᠋ᠢᠨ ᠭᠠᠵᠠᠷ ᠤ᠋ᠨ ᠬᠢᠨ ᠦᠵᠡᠮᠵᠢ ᠵᠢᠨ ᠣᠷᠣᠨ ᠤ᠋ ᠲᠡᠷᠭᠡ ᠵᠣᠭᠰᠤᠭᠠᠬᠤ ᠵᠢ ᠰᠢᠯᠢᠳᠡᠭᠵᠢᠭᠦᠯᠬᠦ᠂ ᠠᠶᠠᠨᠴᠢᠳ ᠤ᠋ᠨ ᠴᠤᠪᠤᠷᠠᠯ ᠢ᠋ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠵᠢᠭᠤᠯᠴᠢᠯᠠᠭ᠍ᠰᠠᠳ ᠤ᠋ᠨ ᠳᠤᠭᠤᠷᠢᠨ ᠵᠢᠭᠤᠯᠴᠢᠯᠠᠬᠤ ᠳᠦᠷᠦᠭᠳᠡᠯ ᠢ᠋ ᠰᠠᠢᠵᠢᠷᠠᠭᠤᠯᠵᠤ᠂ ᠰᠤᠶᠤᠯ ᠵᠢᠭᠤᠯᠴᠢᠯᠠᠯ ᠤ᠋ᠨ ᠠᠯᠳᠠᠷᠰᠢᠯ ᠤ᠋ᠨ ᠬᠡᠮᠵᠢᠶ᠎ᠡ ᠪᠡᠨ ᠳᠡᠭᠡᠭᠰᠢᠯᠡᠭᠦᠯᠵᠦ ᠪᠤᠢ᠃

ᠲᠤᠰ ᠠᠮᠠᠷᠠᠯᠲᠠ ᠵᠢᠨ ᠬᠤᠭᠤᠴᠠᠭᠠᠨ ᠳ᠋ᠤ᠂ ᠣᠷᠳᠣᠰ ᠬᠤᠳᠠ ᠵᠢᠨ ᠬᠢᠨ ᠤᠯᠠᠨ ᠡᠰᠢᠲᠦ ᠰᠣᠶᠣᠯ ᠵᠢᠭᠤᠯᠴᠢᠯᠠᠯ ᠤ᠋ᠨ ᠰᠢᠷᠢᠰ ᠠᠵᠢᠯᠯᠠᠭ᠎ᠠ ᠪᠠ ᠳᠡᠭᠡᠳᠦ ᠳᠡᠰ ᠤ᠋ᠨ ᠠᠭᠤᠰᠤᠯᠴᠠᠭᠰᠠᠨ ᠡᠵᠡᠩᠨᠡᠯᠲᠡ ᠵᠢᠨ ᠬᠡᠯᠪᠡᠷᠢ ᠪᠡᠷ ᠵᠢᠭᠤᠯᠴᠢᠯᠠᠭᠰᠠᠳ ᠤ᠋ᠨ ᠳᠤᠭᠤᠷᠢᠨ ᠵᠢᠭᠤᠯᠴᠢᠯᠠᠬᠤ ᠳᠦᠷᠦᠭᠳᠡᠯ ᠢ᠋ ᠰᠠᠢᠵᠢᠷᠠᠭᠤᠯᠤᠨ᠂ ᠰᠣᠶᠣᠯ ᠵᠢᠭᠤᠯᠴᠢᠯᠠᠯ ᠤ᠋ᠨ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号