ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂ ᠥᠪᠡᠷᠲᠡᠭᠡᠨ ᠵᠠᠰᠠᠬᠤ ᠣᠷᠣᠨ ᠤ᠋ ᠭᠤᠤᠯ ᠤ᠋ᠨ ᠳᠠᠷᠤᠭ᠎ᠠ ᠢ᠋ᠢᠨ ᠠᠯᠪᠠᠨ ᠬᠡᠷ ᠣᠢᠷ᠎ᠠ ᠳ᠋ᠤ 《ᠲᠠᠭ᠎ᠠ ᠢ᠋ᠢᠨ ᠨᠠᠭᠤᠷ ᠲᠦ᠍ ᠠᠮᠢ ᠠᠬᠤᠶ ᠢ᠋ᠢᠨ ᠤᠰᠤ ᠨᠥᠬᠥᠪᠥᠷᠢᠯᠡᠬᠦ᠌ ᠲᠤᠬᠢᠷᠠᠭᠤᠯᠤᠯᠲᠠ ᠢ᠋ᠢᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠲᠠᠭ᠎ᠠ ᠢ᠋ᠢᠨ ᠨᠠᠭᠤᠷ ᠤ᠋ᠨ ᠰᠠᠪᠠ ᠭᠠᠵᠠᠷ ᠲᠦ᠍ ᠤᠰᠤ ᠨᠥᠬᠥᠪᠥᠷᠢᠯᠡᠬᠦ᠌ ᠴᠠᠭ ᠪᠣᠯᠤᠨ ᠬᠡᠪᠴᠢᠶ᠎ᠡ ᠢ᠋ᠢ ᠲᠣᠳᠣᠷᠬᠠᠢᠯᠠᠨ᠂ ᠡᠨᠡ ᠵᠢᠯ ᠲᠠᠭ᠎ᠠ ᠢ᠋ᠢᠨ ᠨᠠᠭᠤᠷ ᠲᠤ᠌ 2000 — 2500 ᠲᠦᠮᠡᠨ ᠪᠣᠰᠣᠭ᠎ᠠ ᠳᠥᠷᠪᠡᠯᠵᠢᠨ ᠮᠧᠲ᠋ᠷ ᠠᠮᠢ ᠠᠬᠤᠶ ᠢ᠋ᠢᠨ ᠤᠰᠤ ᠨᠥᠬᠥᠪᠥᠷᠢᠯᠡᠵᠤ᠂ ᠲᠠᠭ᠎ᠠ ᠢ᠋ᠢᠨ ᠨᠠᠭᠤᠷ ᠤ᠋ᠨ ᠲᠠᠯᠠᠪᠠᠶ ᠢ᠋ᠢ 60 ᠲᠡᠭ᠌ᠰᠢ ᠳᠥᠷᠪᠡᠯᠵᠢᠨ ᠺᠢᠯᠣᠮᠧᠲ᠋ᠷ ᠡᠴᠡ ᠳᠡᠭᠡᠭ᠌ᠰᠢ ᠳ᠋ᠤ ᠲᠣᠭ᠍ᠲᠠᠪᠤᠷᠢᠵᠢᠭᠤᠯᠬᠤ ᠢ᠋ᠢ ᠪᠠᠲᠤᠯᠠᠨ᠎ᠠ ᠭᠡᠵᠤ ᠳᠤᠷᠠᠳᠴᠠᠢ᠃
ᠲᠤᠰ ᠲᠥᠰᠦᠯ ᠳ᠋ᠤ᠂ ᠲᠠᠭ᠎ᠠ ᠢ᠋ᠢᠨ ᠨᠠᠭᠤᠷ ᠤ᠋ᠨ ᠤᠷᠢᠳᠴᠢᠯᠠᠨ ᠰᠡᠷᠡᠮᠵᠢᠯᠡᠭᠦᠯᠬᠦ᠌ ᠲᠠᠯᠠᠪᠠᠶ ᠨᠢ 62.5 ᠲᠡᠭ᠌ᠰᠢ ᠳᠥᠷᠪᠡᠯᠵᠢᠨ ᠺᠢᠯᠣᠮᠧᠲ᠋ᠷ᠂ ᠤᠷᠢᠳᠴᠢᠯᠠᠨ ᠰᠡᠷᠡᠮᠵᠢᠯᠡᠭᠦᠯᠬᠦ᠌ ᠤᠰᠤᠨ ᠲᠦᠪᠱᠢᠨ ᠨᠢ 1216.6 ᠮᠧᠲ᠋ᠷ ᠪᠣᠯᠤᠨ᠎ᠠ᠃ ᠳᠠᠭ᠎ᠠ ᠢ᠋ᠢᠨ ᠨᠠᠭᠤᠷ ᠤ᠋ᠨ ᠪᠤᠳᠠᠳᠤ ᠲᠠᠯᠠᠪᠠᠢ ᠨᠢ ᠤᠷᠢᠳᠴᠢᠯᠠᠨ ᠰᠡᠷᠡᠮᠵᠢᠯᠡᠭᠦᠯᠬᠦ᠌ ᠲᠠᠯᠠᠪᠠᠢ ᠡᠴᠡ ᠪᠠᠭ᠎ᠠ ᠪᠤᠶᠤ ᠤᠰᠤᠨ ᠲᠦᠪᠱᠢᠨ ᠨᠢ ᠤᠷᠢᠳᠴᠢᠯᠠᠨ ᠰᠡᠷᠡᠮᠵᠢᠯᠡᠭᠦᠯᠬᠦ᠌ ᠤᠰᠤᠨ ᠲᠦᠪᠱᠢᠨ ᠡᠴᠡ ᠳᠣᠣᠷ᠎ᠠ ᠪᠤᠯᠪᠠᠯ ᠠᠮᠢ ᠠᠬᠤᠢ ᠵᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠠᠵᠢᠯ ᠢ᠋ ᠡᠬᠢᠯᠡᠭᠦᠯᠵᠦ᠍᠂ ᠢᠷᠡᠬᠦ 3 ᠵᠢᠯ ᠤ᠋ᠨ ᠳᠣᠲᠣᠷ᠎ᠠ ᠳᠠᠭ᠎ᠠ ᠢ᠋ᠢᠨ ᠨᠠᠭᠤᠷ ᠤ᠋ᠨ ᠲᠠᠯᠠᠪᠠᠢ ᠵᠢ ᠲᠤᠭᠳᠠᠭᠠᠭᠰᠠᠨ ᠬᠠᠷᠠᠯᠲᠠ ᠢ᠋ᠢᠨ ᠬᠡᠪᠴᠢᠶᠡᠨ ᠳ᠋ᠤ ᠲᠣᠭ᠍ᠲᠠᠪᠤᠷᠢᠵᠢᠭᠤᠯᠬᠤ ᠢ᠋ᠢ ᠦᠨᠡᠨ ᠬᠦ᠌ ᠪᠠᠲᠤᠯᠠᠨ᠎ᠠ ᠭᠡᠵᠤ ᠳᠤᠷᠠᠳᠴᠠᠢ᠃
ᠲᠠᠭ᠎ᠠ ᠢ᠋ᠢᠨ ᠨᠠᠭᠤᠷ ᠪᠣᠯ ᠥᠪᠥᠷ ᠮᠣᠩᠭᠣᠯ ᠤ᠋ᠨ ᠭᠤᠷᠪᠠᠳᠤᠭᠠᠷ ᠶᠡᠬᠡ ᠳᠣᠲᠣᠭᠠᠳᠤ ᠬᠠᠭᠤᠷᠠᠶ ᠢ᠋ᠢᠨ ᠨᠠᠭᠤᠷ ᠪᠣᠯᠤᠨ᠎ᠠ᠃ ᠣᠢᠷ᠎ᠠ ᠢ᠋ᠢᠨ ᠵᠢᠯ ᠳ᠋ᠤ ᠮᠠᠨ ᠤ᠋ ᠤᠷᠤᠨ ᠲᠠᠭ᠎ᠠ ᠢ᠋ᠢᠨ ᠨᠠᠭᠤᠷ ᠤ᠋ᠨ ᠠᠮᠢ ᠠᠬᠤᠶ ᠢ᠋ᠢᠨ ᠬᠠᠮᠠᠭᠠᠯᠠᠯᠲᠠ ᠵᠠᠰᠠᠯᠲᠠ ᠢ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ᠂ ᠲᠠᠭ᠎ᠠ ᠢ᠋ᠢᠨ ᠨᠠᠭᠤᠷ ᠤ᠋ᠨ ᠤᠰᠤᠨ ᠤ᠋ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠲᠣᠭᠣᠷᠢᠨ ᠳ᠋ᠤ ᠲᠠᠭ᠎ᠠ ᠢ᠋ᠢᠨ ᠨᠠᠭᠤᠷ ᠲᠦ᠍ ᠠᠮᠢ ᠠᠬᠤᠶ ᠢ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠤ᠋ᠨ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠢ᠋ᠢᠨ ᠱᠢᠰᠲ᠋ᠧᠮ ᠢ᠋ ᠪᠥᠬᠥ᠌ ᠲᠠᠯ᠎ᠠ ᠪᠡᠷ ᠪᠠᠢᠭᠤᠯᠵᠤ᠂ ᠡᠬᠡ ᠭᠤᠤᠯ ᠤ᠋ᠨ ᠠᠮᠢ ᠠᠬᠤᠶ ᠢ᠋ᠢᠨ ᠰᠡᠷᠭᠦᠯᠲᠡ ᠢ᠋ᠢ ᠠᠬᠢᠭᠤᠯᠤᠨ᠂ ᠲᠠᠭ᠎ᠠ ᠢ᠋ᠢᠨ ᠨᠠᠭᠤᠷ ᠲᠤ᠌ ᠨᠢᠭᠡᠨᠲᠡ 6317 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠪᠡ᠃ ᠲᠠᠭ᠎ᠠ ᠢ᠋ᠢᠨ ᠨᠠᠭᠤᠷ ᠤ᠋ᠨ ᠠᠮᠢ ᠠᠬᠤᠶ ᠳᠦ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠦᠷ᠎ᠡ ᠠᠱᠢᠭ ᠠᠭᠠᠵᠢᠮ ᠢ᠋ᠢᠡᠷ ᠢᠯᠡᠷᠡᠬᠦ᠌ ᠢ᠋ᠢ ᠳᠠᠭᠠᠯᠳᠤᠨ᠂ ᠭᠤᠤᠯ ᠤ᠋ᠨ ᠲᠠᠩ ᠤ᠋ᠨ ᠣᠷᠣᠨ ᠤ᠋ ᠭᠠᠵᠠᠷ ᠳᠤᠤᠷᠠᠬᠢ ᠤᠰᠤᠨ ᠲᠦᠪᠱᠢᠨ ᠦᠷᠭᠦᠯᠵᠢᠯᠡᠨ ᠲᠤᠭᠲᠠᠪᠤᠷᠢᠵᠢᠵᠤ᠂ ᠤᠷᠭᠤᠮᠠᠯ ᠤ᠋ᠨ ᠬᠤᠴᠢᠯᠭ᠎ᠠ ᠵᠢᠨ ᠨᠤᠷᠮ᠎ᠠ ᠲᠠᠬᠡᠭᠰᠢᠯᠡᠨ ᠱᠢᠪᠠᠭᠤᠨ ᠤ᠋ ᠲᠥᠷᠥᠯ ᠢᠯᠡᠳᠲᠡ ᠨᠡᠮᠡᠭ᠌ᠳᠡᠵᠦ᠍᠂ ᠨᠠᠭᠤᠷ ᠤ᠋ᠨ ᠣᠷᠣᠨ ᠤ᠋ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠲᠣᠭ᠍ᠲᠠᠭᠤᠨ ᠢ᠋ᠢᠡᠷ ᠨᠡᠮᠡᠭᠳᠡᠵᠤ᠂ ᠲᠠᠭ᠎ᠠ ᠢ᠋ᠢᠨ ᠨᠠᠭᠤᠷ ᠵᠢᠴᠢ ᠡᠷᠬᠢᠨ ᠲᠣᠭᠣᠷᠢᠨ ᠤ᠋ ᠠᠮᠢ ᠠᠬᠤᠶ ᠢᠯᠡᠳᠲᠡ ᠰᠠᠢᠵᠢᠷᠠᠪᠠ᠃