ᠦᠪᠤᠷ ᠮᠤᠩᠭᠤᠯ ᠳ᠋ᠤ ᠨᠡᠢᠳᠡᠮ ᠪᠤᠷᠤᠭᠠᠨ ᠤᠷᠤᠨ᠎ᠠ
ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ 5 ᠰᠠᠷ᠎ᠠ ᠢ᠋ᠢᠨ 15 — 17 ᠤ᠋ ᠡᠳᠦᠷ ᠪᠣᠯᠲᠠᠯ᠎ᠠ ᠬᠦᠶ᠋ᠲᠡᠨ ᠳᠤᠯᠠᠭᠠᠨ ᠠᠭᠠᠷ ᠤ᠋ᠨ ᠬᠠᠮᠲᠤ ᠢ᠋ᠢᠨ ᠨᠥᠯᠥᠭᠡᠯᠡᠯ ᠵᠢᠡᠷ ᠦᠪᠦᠷ ᠮᠤᠡᠭᠭᠤᠯ ᠳ᠋ᠤ ᠨᠡᠢᠳᠡᠮ ᠪᠣᠷᠣᠭᠠᠨ ᠤᠷᠤᠵᠤ᠂ ᠪᠠᠷᠠᠭᠤᠨ ᠪᠠᠶ᠎ᠠ ᠵᠢᠨ ᠤᠯᠠᠨ ᠭᠠᠵᠠᠷ ᠲᠦ᠍ ᠶᠡᠬᠡ ᠪᠤᠷᠤᠭᠠᠨ ᠪᠤᠶᠤ ᠰᠢᠷᠤᠬᠦᠨ ᠪᠤᠷᠤᠭᠠᠨ ᠤᠷᠤᠵᠤ᠂ ᠠᠭᠠᠷ ᠤ᠋ᠨ ᠳᠤᠯᠠᠭᠠᠨ ᠪᠠᠭᠤᠷᠠᠨ᠎ᠠ᠃
5 ᠰᠠᠷ᠎ᠠ ᠢ᠋ᠢᠨ 15 — 17 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠳ᠋ᠤ ᠨᠡᠢᠳᠡᠮ ᠪᠠᠭ᠎ᠠ ᠡᠴᠡ ᠳᠤᠮᠳᠠ ᠵᠡᠷᠭᠡ ᠢ᠋ᠢᠨ ᠪᠣᠷᠣᠭᠠᠨ ᠤᠷᠤᠵᠤ᠂ ᠶᠡᠬᠡ ᠬᠢᠩᠭᠠᠨ ᠳᠠᠪᠠᠭᠠᠨ ᠤ᠋ ᠬᠣᠢᠲᠤ ᠪᠡᠶ᠎ᠠ ᠢ᠋ᠢᠨ ᠱᠢᠭᠤᠢᠲᠤ ᠣᠷᠣᠨ ᠳ᠋ᠤ ᠪᠣᠷᠣᠭᠠᠨ ᠴᠠᠰᠤ ᠬᠣᠯᠢᠯᠳᠤᠨ ᠣᠷᠣᠨ᠎ᠠ᠃ ᠡᠭᠦᠨ ᠳ᠋ᠤ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠤᠳᠠ᠂ ᠦᠬᠠᠢ ᠬᠤᠳᠠ᠂ ᠤᠷᠳᠤᠰ ᠬᠤᠳᠠ᠂ ᠪᠤᠭᠤᠲᠤ ᠬᠤᠳᠠ᠂ ᠬᠥᠬᠡᠬᠣᠲᠠ᠂ ᠤᠯᠠᠭᠠᠨᠴᠠᠪ ᠬᠤᠳᠠ ᠢ᠋ᠢᠨ ᠪᠠᠷᠠᠭᠤᠨ ᠬᠣᠢᠲᠤ ᠪᠡᠶ᠎ᠠ᠂ ᠬᠥᠯᠥᠨ ᠪᠤᠢ᠌ᠷ ᠬᠤᠳᠠ ᠢ᠋ᠢᠨ ᠪᠠᠷᠠᠭᠤᠨ ᠡᠮᠦᠨ᠎ᠠ ᠪᠡᠶ᠎ᠠ ᠳ᠋ᠤ ᠶᠡᠬᠡ ᠪᠣᠷᠣᠭᠠᠨ ᠤᠷᠤᠵᠤ᠂ ᠪᠠᠶᠠᠨᠨᠠᠭᠤᠷ ᠬᠤᠳᠠ ᠢ᠋ᠢᠨ ᠳᠤᠮᠳᠠ ᠪᠡᠶ᠎ᠠ ᠪᠤᠯᠤᠨ ᠤᠷᠳᠤᠰ ᠬᠤᠳᠠ ᠢ᠋ᠢᠨ ᠪᠠᠷᠠᠭᠤᠨ ᠬᠣᠢᠲᠤ ᠪᠡᠶ᠎ᠠ ᠳ᠋ᠤ ᠱᠢᠷᠦᠭᠦᠨ ᠪᠣᠷᠣᠭᠠᠨ ᠤᠷᠤᠵᠤ᠂ ᠬᠡᠰᠡᠭ ᠭᠠᠵᠠᠷ ᠲᠦ᠍ ᠣᠬᠣᠷ ᠬᠤᠭᠤᠴᠠᠭᠠᠨ ᠤ᠋ ᠠᠶᠤᠡᠭᠭᠠᠲᠤ ᠪᠤᠷᠤᠭᠠᠨ ᠶᠡᠬᠡ ᠰᠠᠯᠬᠢ᠂ ᠮᠥᠨᠳᠥᠷ ᠵᠡᠷᠭᠡ ᠴᠢᠩᠭ᠎ᠠ ᠰᠣᠯᠢᠭ ᠤᠷᠤᠰᠭᠠᠯᠲᠤ ᠴᠠᠭ ᠠᠭᠤᠷ ᠳᠠᠭᠠᠯᠳᠤᠵᠤ᠂ ᠬᠤᠷ᠎ᠠ ᠲᠤᠨᠳᠠᠰᠤ ᠵᠢᠨ ᠬᠠᠮᠤᠭ ᠤ᠋ᠨ ᠶᠡᠬᠡ ᠬᠤᠷᠠᠮᠳᠤᠯ ᠤ᠋ᠨ ᠬᠡᠮᠵᠢᠶ᠎ᠠ 55 — 70 ᠮᠢᠯᠢᠮᠸᠲᠷ ᠬᠦᠷᠤᠨ᠎ᠠ᠃
5 ᠰᠠᠷ᠎ᠠ ᠢ᠋ᠢᠨ 15 — 17 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠲᠤ᠌ ᠪᠠᠷᠠᠭᠤᠨ ᠬᠣᠢᠨ᠎ᠠ ᠪᠤᠶᠤ ᠬᠤᠢᠨ᠎ᠠ ᠡᠴᠡ 5 — 6 ᠲᠠᠰ᠂ ᠣᠬᠣᠷ ᠬᠤᠭᠤᠴᠠᠭᠠᠨ ᠳ᠋ᠤ 7 — 8 ᠲᠠᠰ ᠤ᠋ᠨ ᠶᠡᠬᠡ ᠰᠠᠯᠬᠢ ᠰᠠᠯᠬᠢᠯᠠᠨ᠎ᠠ᠃ ᠡᠭᠦᠨ ᠳ᠋ᠤ ᠠᠯᠠᠱᠠ ᠠᠢᠮᠠᠭ ᠤ᠋ᠨ ᠪᠠᠷᠠᠭᠤᠨ ᠡᠮᠦᠨ᠎ᠠ ᠪᠡᠶ᠎ᠠ᠂ ᠪᠠᠶᠠᠨᠨᠠᠭᠤᠷ ᠬᠣᠲᠠ ᠢ᠋ᠢᠨ ᠵᠡᠭᠦᠨ ᠪᠡᠶ᠎ᠠ᠂ ᠪᠤᠭᠤᠲᠤ ᠬᠣᠲᠠ ᠢ᠋ᠢᠨ ᠳᠤᠮᠳᠠ ᠪᠡᠶ᠎ᠠ ᠪᠤᠯᠤᠨ ᠬᠣᠢᠲᠤ ᠪᠡᠶ᠎ᠠ᠂ ᠤᠯᠠᠭᠠᠨᠴᠠᠪ ᠬᠣᠲᠠ ᠢ᠋ᠢᠨ ᠬᠣᠢᠲᠤ ᠪᠡᠶ᠎ᠠ᠂ ᠱᠢᠯᠢ ᠢ᠋ᠢᠨ ᠭᠤᠤᠯ ᠠᠢᠮᠠᠭ ᠤ᠋ᠨ ᠬᠣᠢᠲᠤ ᠪᠡᠶ᠎ᠠ ᠪᠤᠯᠤᠨ ᠵᠡᠭᠦᠨ ᠪᠡᠶ᠎ᠠ᠂ ᠤᠯᠠᠭᠠᠨᠬᠠᠳᠠ ᠬᠣᠲᠠ ᠢ᠋ᠢᠨ ᠬᠣᠢᠲᠤ ᠪᠡᠶ᠎ᠠ ᠳ᠋ᠤ 9 — 10 ᠳᠡᠰ ᠤ᠋ᠨ ᠶᠡᠬᠡ ᠰᠠᠯᠬᠢ ᠰᠠᠯᠬᠢᠯᠡᠨᠠ᠃
5 ᠰᠠᠷ᠎ᠠ ᠢ᠋ᠢᠨ 15 — 17 ᠤ᠋ ᠡᠳᠦᠷ ᠪᠣᠯᠲᠠᠯ᠎ᠠ᠂ ᠦᠪᠦᠷ ᠮᠤᠡᠭᠭᠤᠯ ᠤ᠋ᠨ ᠶᠡᠬᠡᠩᠬᠢ ᠭᠠᠵᠠᠷ ᠤ᠋ᠨ ᠠᠭᠠᠷ ᠤ᠋ᠨ ᠳᠤᠯᠠᠭᠠᠨ 6 — 8 ᠭᠷᠠᠳᠦ᠋ᠰ ᠪᠠᠭᠤᠷᠠᠨ᠎ᠠ᠃ ᠡᠭᠦᠨ ᠳ᠋ᠤ ᠠᠯᠠᠱᠠ ᠠᠢᠮᠠᠭ ᠤ᠋ᠨ ᠵᠡᠭᠦᠨ ᠬᠣᠢᠲᠤ ᠪᠡᠶ᠎ᠠ᠂ ᠪᠠᠶᠠᠨᠨᠠᠭᠤᠷ ᠬᠣᠲᠠ ᠢ᠋ᠢᠨ ᠶᠡᠬᠡᠩᠬᠢ ᠭᠠᠵᠠᠷ᠂ ᠪᠤᠭᠤᠲᠤ ᠬᠣᠲᠠ ᠢ᠋ᠢᠨ ᠬᠣᠢᠲᠤ ᠪᠡᠶ᠎ᠠ ᠪᠣᠯᠤᠨ ᠡᠮᠦᠨ᠎ᠠ ᠪᠡᠶ᠎ᠠ᠂ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠬᠥᠬᠡᠬᠣᠲᠠ ᠢ᠋ᠢᠨ ᠶᠡᠬᠡᠩᠬᠢ ᠭᠠᠵᠠᠷ᠂ ᠤᠯᠠᠭᠠᠨᠴᠠᠪ ᠬᠣᠲᠠ ᠢ᠋ᠢᠨ ᠬᠣᠢᠲᠤ ᠪᠡᠶ᠎ᠠ᠂ ᠱᠢᠯᠢ ᠢ᠋ᠢᠨ ᠭᠣᠣᠯ ᠠᠢᠮᠠᠭ ᠤ᠋ᠨ ᠬᠣᠢᠲᠤ ᠪᠡᠶ᠎ᠠ ᠪᠣᠯᠤᠨ ᠵᠡᠭᠦᠨ ᠪᠡᠶ᠎ᠠ᠂ ᠤᠯᠠᠭᠠᠨᠬᠠᠳᠠ ᠬᠣᠲᠠ ᠢ᠋ᠢᠨ ᠶᠡᠬᠡᠩᠬᠢ ᠭᠠᠵᠠᠷ᠂ ᠲᠦᠩᠯᠢᠶᠣᠤ ᠬᠣᠲᠠ ᠢ᠋ᠢᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠡᠮᠦᠨ᠎ᠠ ᠪᠡᠶ᠎ᠠ ᠢ᠋ᠢᠨ ᠠᠭᠠᠷ ᠤ᠋ᠨ ᠳᠤᠯᠠᠭᠠᠨ 8 — 12 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 12 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃